ᠪᠦᠬᠦ ᠰᠢᠶᠠᠨ ᠤ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠢ ᠵᠡᠷᠭᠡ ᠪᠠᠷ ᠬᠡᠷᠡᠭᠯᠡᠵᠦ ᠶᠠᠪᠤᠭᠳᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠭᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-01-21
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ᠄      ︿︿ᠦᠨᠳᠦᠰᠦᠲᠡᠨ ᠤ ᠤᠷᠤᠨ ᠬᠡᠪᠴᠢᠶᠠᠨ ᠳᠡᠭᠡᠨ ᠦᠪᠡᠷᠲᠡᠭᠡᠨ ᠵᠠᠰᠠᠬᠤ ᠬᠠᠤᠯᠢ﹀﹀ ᠪᠠ ︿︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ﹀﹀᠎ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠤ ᠬᠡᠯᠡ ᠪᠢᠴᠢᠭ ᠤᠨ ᠲᠦᠷᠦ ᠶᠢᠨ ᠪᠤᠳᠤᠯᠭ᠎ᠠ ᠪᠠ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠡᠷᠬᠡ ᠳᠡᠭᠰᠢ ᠪᠠᠶᠢᠬᠤ ᠵᠠᠷᠴᠢᠮ ᠢ ᠬᠦᠢᠴᠡᠳ ᠢᠯᠡᠷᠡᠭᠦᠯᠵᠦ᠂ ᠪᠦᠬᠦ ᠰᠢᠶᠠᠨ ᠤ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠪᠢᠴᠢᠭ ᠢ ᠵᠡᠷᠭᠡᠪᠡᠷ ᠬᠡᠷᠡᠭᠯᠡᠬᠦ ᠵᠡᠷᠭᠡᠪᠡᠷ ᠶᠠᠪᠤᠭᠳᠠᠭᠤᠯᠬᠤ ᠠᠵᠢᠯ ᠢ ᠰᠢᠨ᠎ᠡ ᠨᠢᠭᠡᠨ ᠬᠢᠷᠢ ᠬᠡᠮᠵᠢᠶ᠎ᠡ ᠳᠤ ᠬᠦᠷᠭᠡᠨ ᠳᠡᠭᠡᠭᠰᠢᠯᠡᠭᠦᠯᠬᠦ ᠶᠢᠨ ᠲᠦᠯᠦᠭᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠳ ᠲᠤᠰ ᠪᠠᠶᠢᠭᠤᠯᠭ᠎ᠠ ᠲᠤᠰ ᠰᠠᠯᠠᠭ᠎ᠠ ᠮᠦᠴᠢᠷ ᠶᠢᠨ ᠢᠶᠠᠨ ᠮᠤᠩᠭᠤᠯ ᠬᠢᠲᠠᠳ ᠬᠤᠶᠠᠷ ᠦᠰᠦᠭ ᠪᠢᠴᠢᠭ ᠢ ᠵᠡᠷᠭᠡ ᠪᠠᠷ ᠬᠡᠷᠡᠭᠯᠡᠵᠦ ᠵᠡᠷᠭᠡ ᠪᠠᠷ ᠶᠠᠪᠤᠭᠳᠠᠭᠤᠯᠵᠤ ᠪᠠᠶᠢᠭ᠎ᠠ ᠪᠠᠶᠢᠳᠠᠯ ᠤᠨ ᠲᠤᠬᠠᠢ ᠨᠢᠭᠡ ᠤᠳᠠᠭ᠎ᠠ ᠶᠢᠨ ᠪᠦᠬᠦ ᠲᠠᠯ᠎ᠠ ᠪᠠᠷ ᠦᠪᠡᠷ ᠢ ᠪᠠᠨ ᠪᠠᠶᠢᠴᠠᠭᠠᠵᠤ ᠵᠠᠯᠠᠷᠠᠭᠤᠯᠬᠤ ᠶᠢ ᠶᠠᠪᠤᠭᠳᠠᠭᠤᠯᠬᠤ ᠪᠠᠷ ᠪᠠᠶᠢᠨ᠎ᠠ᠃ ᠡᠳᠦᠭᠡ ᠬᠠᠮᠢᠶ᠎ᠠ ᠪᠦᠬᠦᠢ ᠬᠡᠷᠡᠭ ᠶᠠᠪᠤᠳᠠᠯ ᠢ ᠲᠤᠤᠷ᠎ᠠ ᠮᠡᠳᠡᠭᠳᠡᠶ᠎ᠡ      ᠨᠢᠭᠡ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠪᠤᠯ ᠦᠨᠳᠦᠰᠦᠲᠡᠨ ᠤ ᠠᠵᠢᠯ ᠤᠨ ᠴᠢᠬᠤᠯᠠ ᠪᠦᠷᠢᠯᠳᠦᠭᠦᠨ ᠭᠡᠰᠡᠭ ᠪᠤᠯᠤᠨ᠎ᠠ᠂ ᠮᠦᠨ ᠴᠤ ᠨᠢᠭᠡ ᠲᠦᠷᠦᠯ ᠤᠨ ᠲᠦᠷᠦ ᠶᠢᠨ ᠪᠤᠳᠤᠯᠭ᠎ᠠ᠂ ᠤᠯᠤᠰ ᠲᠦᠷᠦ ᠶᠢᠨ ᠴᠢᠨᠠᠷ ᠢᠶᠠᠷ ᠴᠢᠩᠭ᠎ᠠ ᠠᠵᠢᠯ ᠪᠤᠯᠤᠨ᠎ᠠ᠃ ᠪᠢᠳᠡ ᠨᠠᠮ ᠤᠨ ᠠᠷᠪᠠ ᠶᠢᠰᠦᠳᠦᠭᠡᠷ ᠬᠤᠷᠠᠯᠳᠤᠭᠠᠨ ᠤ ᠵᠤᠷᠢᠭ ᠰᠠᠨᠠᠭ᠎ᠠ ᠪᠠᠷ ᠤᠳᠤᠷᠢᠳᠤᠮᠵᠢ ᠪᠤᠯᠠᠭᠠᠨ᠂ ︿︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤ ᠳᠦᠷᠢᠮ﹀﹀ ᠪᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠶᠤᠰᠤ ᠪᠠᠷ ᠪᠠᠷᠢᠮᠲᠠ ᠪᠤᠯᠭᠠᠬᠤ ᠶᠢ ᠪᠠᠷᠢᠮᠲᠠᠯᠠᠵᠤ᠂ ᠪᠦᠬᠦ ᠰᠢᠶᠠᠨ ᠤ ᠦᠩᠭᠡᠨ ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠢ ᠵᠡᠷᠭᠡ ᠬᠡᠷᠡᠭᠯᠡᠬᠦ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠪᠠᠷᠢᠮᠵᠢᠶᠠᠯᠠᠨ᠎ᠠ᠃ ᠭᠤᠶᠤ ᠰᠠᠶᠢᠬᠠᠨ ᠪᠠᠶᠠᠨ ᠴᠢᠨᠡᠭᠡᠯᠢᠭ ᠵᠢᠷᠭᠠᠯᠲᠠᠢ ᠰᠢᠩ ᠾᠧ ᠶᠢ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠵᠤ᠂ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠦᠢᠯᠡᠴᠢᠯᠡᠨ᠎ᠡ᠃ ᠡᠯ᠎ᠡ ᠰᠢᠶᠠᠩ ᠪᠠᠯᠭᠠᠰᠤ᠂ ᠪᠠᠶᠢᠭᠤᠯᠭ᠎ᠠ᠂ᠡᠨᠡ ᠤᠳᠠᠭᠠᠨ ᠤ ᠦᠪᠡᠷ ᠢ ᠪᠠᠨ ᠪᠠᠶᠢᠴᠠᠭᠠᠵᠤ ᠵᠠᠯᠠᠷᠠᠭᠤᠯᠬᠤ ᠠᠵᠢᠯ ᠢ ᠡᠳᠦᠷ ᠳᠤᠲᠤᠮ ᠤᠨ ᠠᠵᠢᠯ ᠤᠨ ᠵᠦᠪᠯᠡᠯᠭᠡᠨ ᠳᠡᠭᠡᠨ ᠤᠷᠤᠭᠤᠯᠵᠤ᠂ ᠡᠯ᠎ᠡ ᠲᠦᠷᠦᠯ ᠤᠨ ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠷᠭ᠎ᠠ ᠬᠡᠮᠵᠢᠶ᠎ᠡ ᠪᠠᠨ ᠪᠤᠲᠠᠲᠠᠢ ᠪᠠᠷ ᠨᠠᠶᠢᠳᠠᠪᠤᠷᠢᠵᠢᠭᠤᠯᠵᠤ᠂ ᠡᠨᠡ ᠤᠳᠠᠭᠠᠨ ᠤ ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠤᠨ ᠲᠤᠭ᠎ᠠ ᠴᠢᠨᠠᠷ ᠢ ᠪᠠᠲᠤᠯᠠᠵᠤ ᠪᠡᠶᠡᠯᠡᠭᠦᠯᠬᠦ ᠶᠢ ᠬᠦᠰᠡᠨ ᠱᠠᠭᠠᠷᠳᠠᠵᠤ ᠪᠠᠶᠢᠨ᠎ᠠ᠃      ᠬᠤᠶᠠᠷ᠂ ᠡᠨᠡ ᠤᠳᠠᠭᠠᠨ ᠤ ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠤᠨ ᠭᠤᠤᠯᠳᠠᠯᠠᠭ᠎ᠠ ᠨᠢ᠄ ᠪᠦᠬᠦ ᠰᠢᠶᠠᠨ ᠤ ᠡᠯ᠎ᠡ ᠪᠠᠶᠢᠭᠤᠯᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠ ᠰᠢᠶᠠᠨ ᠳᠤ ᠰᠠᠭᠤᠭ᠎ᠠ ᠪᠠᠶᠢᠭᠤᠯᠭ᠎ᠠ ᠶᠢᠨ ᠨᠡᠷᠡᠰ᠂ ᠨᠡᠶᠢᠭᠡᠮ ᠳᠠᠶᠠᠭᠠᠷ ᠲᠤ ᠮᠡᠳᠡᠭᠦᠯᠬᠦ ᠱᠠᠭᠠᠷᠳᠠᠯᠭ᠎ᠠ ᠲᠠᠢ ᠮᠦᠷᠲᠡᠭᠡᠨ ᠦᠰᠦᠭ ᠪᠢᠴᠢᠭ ᠢᠶᠠᠷ ᠢᠯᠡᠳᠬᠡᠬᠦ ᠰᠢᠨᠵᠢ ᠲᠡᠮᠳᠡᠭ ᠂ ᠡᠭᠦᠨ ᠳᠤ ᠬᠤᠷᠠᠯ ᠤᠨ ᠲᠡᠮᠳᠡᠭ᠂ ᠢᠯᠡᠷᠬᠡᠶᠢᠯᠡᠯ᠂ ᠤᠬᠠᠭᠤᠯᠬᠤ ᠪᠤᠯᠤᠩ ᠵᠠᠷ ᠮᠡᠳᠡᠭᠡ ᠦᠢᠯᠡᠳᠬᠦᠨ ᠤ ᠲᠤᠳᠤᠷᠬᠠᠶᠢᠯᠠᠯ᠂ ᠲᠠᠸᠠᠷ ᠤᠨ ᠲᠡᠮᠳᠡᠭ᠂ ᠬᠢᠯᠢ ᠵᠠᠭᠠᠭ ᠤᠨ ᠲᠡᠮᠳᠡᠭ᠂ ᠵᠡᠭᠡᠯᠢ ᠶᠢᠨ ᠬᠦᠨᠳᠡᠯᠡᠨ ᠪᠢᠴᠢᠭᠡᠰᠦ ᠵᠡᠷᠭᠡ ᠶᠢ ᠡᠷᠬᠡᠪᠰᠢ ᠮᠤᠩᠭᠤᠯ ᠬᠢᠲᠠᠳ ᠬᠤᠶᠠᠷ ᠲᠦᠷᠦᠯ ᠤᠨ ᠦᠰᠦᠭ ᠢ ᠵᠡᠷᠭᠡᠪᠡᠷ ᠬᠡᠷᠡᠭᠯᠡᠬᠦ ᠬᠡᠷᠡᠭᠲᠡᠢ᠃      ᠭᠤᠷᠪᠠ᠂ ᠵᠤᠬᠢᠶᠠᠨ ᠪᠠᠶᠢᠭᠤᠯᠬᠤ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ ᠶᠡᠬᠡᠳᠬᠡᠵᠦ᠂ ᠠᠵᠢᠯ ᠤᠨ ᠢᠳᠡᠪᠬᠢ ᠴᠢᠨᠠᠷ ᠢᠶᠠᠨ ᠳᠡᠭᠡᠭᠰᠢᠯᠡᠭᠦᠯᠵᠦ᠂ ᠮᠤᠩᠭᠤᠯ ᠬᠡᠯᠡ ᠪᠢᠴᠢᠭ ᠤᠨ ᠠᠵᠢᠯ ᠤᠨ ᠵᠢᠯᠤᠭᠤᠳᠤᠯᠭ᠎ᠠ ᠪᠠ ᠬᠢᠨᠠᠯᠲᠠ ᠶᠢ ᠰᠠᠶᠢᠲᠤᠷ ᠬᠢᠵᠤ᠂ ᠦᠨᠳᠦᠰᠦᠲᠡᠨ ᠤ ᠬᠡᠷᠡᠭ ᠡᠷᠬᠢᠯᠡᠬᠦ ᠲᠤᠪᠴᠢᠶ᠎ᠠ ᠵᠡᠷᠬᠡ ᠡᠷᠬᠡ ᠲᠤᠰᠢᠶᠠᠯᠲᠦ ᠰᠠᠯᠠᠭ᠎ᠠ ᠮᠦᠴᠢᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠎ ᠲᠠᠢ ᠨᠢᠭᠲᠠ ᠬᠠᠮᠵᠢᠯᠴᠠᠵᠤ᠂ ᠢᠳᠡᠪᠬᠢᠲᠠᠢ ᠲᠤᠬᠢᠷᠠᠭᠤᠯᠬᠤ ᠵᠡᠷᠬᠡ ᠪᠠᠷ ᠠᠳᠬᠤᠵᠤ᠂ ᠬᠠᠮᠲᠦ ᠪᠠᠷ ᠬᠠᠮᠢᠶᠠᠷᠴᠤ ᠪᠠᠶᠢᠭᠠᠳ ᠲᠤᠰ ᠠᠵᠢᠯ ᠢ ᠬᠠᠮᠲᠦ ᠪᠠᠷ ᠢᠶᠠᠨ ᠰᠠᠶᠢᠲᠤᠷ ᠬᠢᠬᠦ ᠬᠡᠷᠡᠭᠲᠡᠢ᠃      ᠳᠦᠷᠪᠡ᠂ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠢ ᠵᠡᠷᠭᠡᠪᠡᠷ ᠬᠡᠷᠡᠭᠯᠡᠬᠦ ᠪᠠ ᠵᠦᠪ ᠬᠡᠷᠡᠭᠯᠡᠬᠦ ᠪᠤᠯ ᠨᠢᠭᠡᠨ ᠦᠨᠳᠦᠰᠦᠲᠡᠨ ᠤ ᠭᠠᠵᠠᠷ ᠤᠷᠤᠨ ᠤ ᠪᠤᠯᠪᠠᠰᠤᠨ ᠬᠢᠷᠢ ᠬᠡᠮᠵᠢᠶ᠎ᠡ ᠪᠠ ᠪᠦᠬᠦᠯᠢ ᠴᠤᠭᠴᠠ ᠳᠦᠷᠢ ᠳᠦᠷᠬᠦ ᠲᠠᠢ ᠰᠢᠭᠤᠳ ᠬᠠᠷᠢᠴᠠᠭ᠎ᠠ ᠲᠠᠢ ᠶᠤᠮ᠃ ᠡᠶᠢᠮᠦ ᠠᠴᠠ ᠡᠯ᠎ᠡ ᠰᠢᠶᠠᠩ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠲᠤᠰ ᠡᠳᠦᠷ ᠠᠴᠠ ᠡᠬᠢᠯᠡᠵᠦ᠂ ᠦᠪᠡᠷ ᠢᠶᠠᠨ ᠪᠠᠶᠢᠴᠠᠭᠠᠨ ᠵᠠᠯᠠᠷᠠᠭᠤᠯᠬᠤ ᠠᠵᠢᠯ ᠢᠶᠠᠨ ᠶᠠᠪᠤᠭᠳᠠᠭᠤᠯᠬᠤ ᠶᠢ ᠱᠠᠭᠠᠷᠳᠠᠵᠤ᠂ ᠮᠤᠩᠭᠤᠯ ᠬᠢᠲᠠᠳ ᠬᠤᠶᠠᠷ ᠦᠰᠦᠭ ᠢ ᠬᠡᠷᠡᠭᠯᠡᠭᠰᠡᠨ ᠪᠦᠷᠬᠦᠴᠡ ᠪᠠ ᠬᠢᠷᠢ ᠲᠡᠩᠴᠡᠭᠰᠡᠨ ᠨᠤᠷᠮ᠎ᠠ ᠶᠢ ᠪᠦᠲᠦᠭᠡᠮᠵᠢᠲᠠᠢ ᠪᠠᠷ ᠳᠡᠭᠡᠭᠰᠢᠯᠡᠬᠦᠯᠦᠨ᠎ᠡ᠃      ᠲᠠᠪᠤ᠂ ᠦᠪᠡᠷ ᠢᠶᠠᠨ ᠪᠠᠶᠢᠴᠠᠭᠠᠨ ᠵᠠᠯᠠᠷᠠᠭᠤᠯᠬᠤ ᠠᠵᠢᠯ ᠲᠡᠭᠦᠰᠦᠭᠰᠡᠨ ᠤ ᠰᠡᠭᠦᠯᠡᠷ᠂ ᠡᠯ᠎ᠡ ᠰᠢᠶᠠᠩ ᠪᠠᠯᠭᠠᠰᠤ ᠡᠯ᠎ᠡ ᠪᠠᠶᠢᠭᠤᠯᠭ᠎ᠠ ᠨᠢᠭᠡᠴᠡ᠂ ᠠᠵᠢᠯ ᠢᠶᠠᠨ ᠴᠡᠭᠴᠡᠯᠡᠵᠦ᠂ ᠳ᠋ᠦᠩᠨᠡᠯᠲᠡ ᠪᠠᠨ ᠬᠢᠵᠦ᠂ ᠮᠤᠩᠭᠤᠯ ᠦᠰᠦᠭ ᠪᠢᠴᠢᠭ ᠤᠨ ᠠᠵᠢᠯ ᠤᠨ ᠪᠠᠶᠢᠳᠠᠯ᠂ ᠰᠠᠨᠠᠯ᠂ ᠠᠷᠭ᠎ᠠ ᠮᠠᠶ᠋ᠢᠭ ᠪᠠ ᠤᠷᠤᠰᠢᠵᠤ ᠪᠠᠶᠢᠭ᠎ᠠ ᠠᠰᠠᠭᠤᠳᠠᠯ ᠢ ᠤᠶᠢᠯᠠᠭᠠᠵᠤ ᠮᠡᠳᠡᠭᠰᠡᠨ ᠪᠠᠶᠢᠪᠠᠯ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠲᠠᠢ ᠢᠳᠡᠪᠬᠢᠲᠠᠢ ᠬᠠᠷᠢᠯᠴᠠᠵᠤ᠂ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠢ᠃                                                                                                            ᠤᠨᠴᠠᠭᠠᠶᠢᠯᠠᠨ  ᠮᠡᠳᠡᠭᠳᠡᠪᠡ                  ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                             2018 ᠤᠨ ᠤ 1 ᠰᠠᠷ᠎ᠠ ᠶᠢᠨ 21᠎ ᠤ ᠡᠳᠦᠷ
 
ᠢᠷᠡᠯᠲᠡ᠄ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3