ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ᠄ | ︿︿ᠦᠨᠳᠦᠰᠦᠲᠡᠨ ᠤ ᠤᠷᠤᠨ ᠬᠡᠪᠴᠢᠶᠠᠨ ᠳᠡᠭᠡᠨ ᠦᠪᠡᠷᠲᠡᠭᠡᠨ ᠵᠠᠰᠠᠬᠤ ᠬᠠᠤᠯᠢ﹀﹀ ᠪᠠ ︿︿ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ﹀ | ﹀ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠦᠨᠳᠦᠰᠦᠲᠡᠨ ᠤ ᠬᠡᠯᠡ ᠪᠢᠴᠢᠭ ᠤᠨ ᠲᠦᠷᠦ ᠶᠢᠨ ᠪᠤᠳᠤᠯᠭ᠎ᠠ ᠪᠠ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠡᠷᠬᠡ ᠳᠡᠭᠰᠢ ᠪᠠᠶᠢᠬᠤ ᠵᠠᠷᠴᠢᠮ ᠢ ᠬᠦᠢᠴᠡᠳ ᠢᠯᠡᠷᠡᠭᠦᠯᠵᠦ᠂ | ᠪᠦᠬᠦ ᠰᠢᠶᠠᠨ ᠤ ᠨᠡᠶᠢᠭᠡᠮ ᠤᠨ ᠦᠩᠭᠡᠨ ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠪᠢᠴᠢᠭ ᠢ ᠵᠡᠷᠭᠡᠪᠡᠷ | ᠬᠡᠷᠡᠭᠯᠡᠬᠦ ᠵᠡᠷᠭᠡᠪᠡᠷ ᠶᠠᠪᠤᠭᠳᠠᠭᠤᠯᠬᠤ ᠠᠵᠢᠯ ᠢ ᠰᠢᠨ᠎ᠡ ᠨᠢᠭᠡᠨ ᠬᠢᠷᠢ ᠬᠡᠮᠵᠢᠶ᠎ᠡ ᠳᠤ ᠬᠦᠷᠭᠡᠨ ᠳᠡᠭᠡᠭᠰᠢᠯᠡᠭᠦᠯᠬᠦ ᠶᠢᠨ | ᠲᠦᠯᠦᠭᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ ᠤᠳ ᠲᠤᠰ ᠪᠠᠶᠢᠭᠤᠯᠭ᠎ᠠ ᠲᠤᠰ ᠰᠠᠯᠠᠭ᠎ᠠ | ᠮᠦᠴᠢᠷ ᠶᠢᠨ ᠢᠶᠠᠨ ᠮᠤᠩᠭᠤᠯ ᠬᠢᠲᠠᠳ ᠬᠤᠶᠠᠷ ᠦᠰᠦᠭ ᠪᠢᠴᠢᠭ ᠢ ᠵᠡᠷᠭᠡ ᠪᠠᠷ ᠬᠡᠷᠡᠭᠯᠡᠵᠦ ᠵᠡᠷᠭᠡ ᠪᠠᠷ | ᠶᠠᠪᠤᠭᠳᠠᠭᠤᠯᠵᠤ ᠪᠠᠶᠢᠭ᠎ᠠ ᠪᠠᠶᠢᠳᠠᠯ ᠤᠨ ᠲᠤᠬᠠᠢ ᠨᠢᠭᠡ ᠤᠳᠠᠭ᠎ᠠ ᠶᠢᠨ ᠪᠦᠬᠦ ᠲᠠᠯ᠎ᠠ ᠪᠠᠷ ᠦᠪᠡᠷ ᠢ ᠪᠠᠨ ᠪᠠᠶᠢᠴᠠᠭᠠᠵᠤ | ᠵᠠᠯᠠᠷᠠᠭᠤᠯᠬᠤ ᠶᠢ ᠶᠠᠪᠤᠭᠳᠠᠭᠤᠯᠬᠤ ᠪᠠᠷ ᠪᠠᠶᠢᠨ᠎ᠠ᠃ ᠡᠳᠦᠭᠡ ᠬᠠᠮᠢᠶ᠎ᠠ ᠪᠦᠬᠦᠢ ᠬᠡᠷᠡᠭ ᠶᠠᠪᠤᠳᠠᠯ ᠢ ᠲᠤᠤᠷ᠎ᠠ ᠮᠡᠳᠡᠭᠳᠡᠶ᠎ᠡ | ᠄ | ᠨᠢᠭᠡ᠂ ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠪᠤᠯ ᠦᠨᠳᠦᠰᠦᠲᠡᠨ ᠤ ᠠᠵᠢᠯ ᠤᠨ ᠴᠢᠬᠤᠯᠠ | ᠪᠦᠷᠢᠯᠳᠦᠭᠦᠨ ᠭᠡᠰᠡᠭ ᠪᠤᠯᠤᠨ᠎ᠠ᠂ ᠮᠦᠨ ᠴᠤ ᠨᠢᠭᠡ ᠲᠦᠷᠦᠯ ᠤᠨ ᠲᠦᠷᠦ ᠶᠢᠨ ᠪᠤᠳᠤᠯᠭ᠎ᠠ᠂ ᠤᠯᠤᠰ ᠲᠦᠷᠦ ᠶᠢᠨ | ᠴᠢᠨᠠᠷ ᠢᠶᠠᠷ ᠴᠢᠩᠭ᠎ᠠ ᠠᠵᠢᠯ ᠪᠤᠯᠤᠨ᠎ᠠ᠃ ᠪᠢᠳᠡ ᠨᠠᠮ ᠤᠨ ᠠᠷᠪᠠ ᠶᠢᠰᠦᠳᠦᠭᠡᠷ ᠬᠤᠷᠠᠯᠳᠤᠭᠠᠨ ᠤ ᠵᠤᠷᠢᠭ | ᠰᠠᠨᠠᠭ᠎ᠠ ᠪᠠᠷ ᠤᠳᠤᠷᠢᠳᠤᠮᠵᠢ ᠪᠤᠯᠠᠭᠠᠨ᠂ ︿︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ | ᠦᠭᠡ ᠬᠡᠯᠡ ᠦᠰᠦᠭ ᠪᠢᠴᠢᠭ ᠤᠨ ᠠᠵᠢᠯ ᠤ ᠳᠦᠷᠢᠮ﹀﹀ ᠪᠠ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠶᠤᠰᠤ ᠪᠠᠷ ᠪᠠᠷᠢᠮᠲᠠ ᠪᠤᠯᠭᠠᠬᠤ ᠶᠢ ᠪᠠᠷᠢᠮᠲᠠᠯᠠᠵᠤ᠂ ᠪᠦᠬᠦ ᠰᠢᠶᠠᠨ ᠤ ᠦᠩᠭᠡᠨ ᠬᠡᠷᠡᠭᠯᠡᠭᠡᠨ ᠤ ᠮᠤᠩᠭᠤᠯ ᠬᠢᠲᠠᠳ | ᠬᠤᠶᠠᠷ ᠦᠰᠦᠭ ᠢ ᠵᠡᠷᠭᠡ ᠬᠡᠷᠡᠭᠯᠡᠬᠦ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠪᠠᠷᠢᠮᠵᠢᠶᠠᠯᠠᠨ᠎ᠠ᠃ ᠭᠤᠶᠤ | ᠰᠠᠶᠢᠬᠠᠨ ᠪᠠᠶᠠᠨ ᠴᠢᠨᠡᠭᠡᠯᠢᠭ ᠵᠢᠷᠭᠠᠯᠲᠠᠢ ᠰᠢᠩ ᠾᠧ ᠶᠢ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠵᠤ᠂ | ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ | ᠦᠢᠯᠡᠴᠢᠯᠡᠨ᠎ᠡ᠃ ᠡᠯ᠎ᠡ ᠰᠢᠶᠠᠩ ᠪᠠᠯᠭᠠᠰᠤ᠂ ᠪᠠᠶᠢᠭᠤᠯᠭ᠎ᠠ᠂ᠡᠨᠡ ᠤᠳᠠᠭᠠᠨ ᠤ ᠦᠪᠡᠷ ᠢ ᠪᠠᠨ ᠪᠠᠶᠢᠴᠠᠭᠠᠵᠤ | ᠵᠠᠯᠠᠷᠠᠭᠤᠯᠬᠤ ᠠᠵᠢᠯ ᠢ ᠡᠳᠦᠷ ᠳᠤᠲᠤᠮ ᠤᠨ ᠠᠵᠢᠯ ᠤᠨ ᠵᠦᠪᠯᠡᠯᠭᠡᠨ ᠳᠡᠭᠡᠨ ᠤᠷᠤᠭᠤᠯᠵᠤ᠂ ᠡᠯ᠎ᠡ ᠲᠦᠷᠦᠯ ᠤᠨ | ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠷᠭ᠎ᠠ ᠬᠡᠮᠵᠢᠶ᠎ᠡ ᠪᠠᠨ ᠪᠤᠲᠠᠲᠠᠢ ᠪᠠᠷ ᠨᠠᠶᠢᠳᠠᠪᠤᠷᠢᠵᠢᠭᠤᠯᠵᠤ᠂ ᠡᠨᠡ | ᠤᠳᠠᠭᠠᠨ ᠤ ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠤᠨ ᠲᠤᠭ᠎ᠠ ᠴᠢᠨᠠᠷ ᠢ ᠪᠠᠲᠤᠯᠠᠵᠤ ᠪᠡᠶᠡᠯᠡᠭᠦᠯᠬᠦ ᠶᠢ | ᠬᠦᠰᠡᠨ ᠱᠠᠭᠠᠷᠳᠠᠵᠤ ᠪᠠᠶᠢᠨ᠎ᠠ᠃ | ᠬᠤᠶᠠᠷ᠂ ᠡᠨᠡ ᠤᠳᠠᠭᠠᠨ ᠤ ᠦᠪᠡᠷ ᠢ ᠪᠠᠨ ᠪᠠᠶᠢᠴᠠᠭᠠᠨ ᠵᠠᠯᠠᠷᠠᠭᠤᠯᠬᠤ ᠠᠵᠢᠯ ᠤᠨ ᠭᠤᠤᠯᠳᠠᠯᠠᠭ᠎ᠠ ᠨᠢ᠄ | ᠪᠦᠬᠦ ᠰᠢᠶᠠᠨ ᠤ ᠡᠯ᠎ᠡ ᠪᠠᠶᠢᠭᠤᠯᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠂ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠ ᠰᠢᠶᠠᠨ ᠳᠤ ᠰᠠᠭᠤᠭ᠎ᠠ ᠪᠠᠶᠢᠭᠤᠯᠭ᠎ᠠ ᠶᠢᠨ ᠨᠡᠷᠡᠰ᠂ | ᠨᠡᠶᠢᠭᠡᠮ ᠳᠠᠶᠠᠭᠠᠷ ᠲᠤ ᠮᠡᠳᠡᠭᠦᠯᠬᠦ ᠱᠠᠭᠠᠷᠳᠠᠯᠭ᠎ᠠ ᠲᠠᠢ ᠮᠦᠷᠲᠡᠭᠡᠨ ᠦᠰᠦᠭ ᠪᠢᠴᠢᠭ ᠢᠶᠠᠷ ᠢᠯᠡᠳᠬᠡᠬᠦ ᠰᠢᠨᠵᠢ ᠲᠡᠮᠳᠡᠭ | ᠂ ᠡᠭᠦᠨ ᠳᠤ ᠬᠤᠷᠠᠯ ᠤᠨ ᠲᠡᠮᠳᠡᠭ᠂ ᠢᠯᠡᠷᠬᠡᠶᠢᠯᠡᠯ᠂ ᠤᠬᠠᠭᠤᠯᠬᠤ ᠪᠤᠯᠤᠩ ᠵᠠᠷ ᠮᠡᠳᠡᠭᠡ ᠦᠢᠯᠡᠳᠬᠦᠨ ᠤ | ᠲᠤᠳᠤᠷᠬᠠᠶᠢᠯᠠᠯ᠂ ᠲᠠᠸᠠᠷ ᠤᠨ ᠲᠡᠮᠳᠡᠭ᠂ ᠬᠢᠯᠢ ᠵᠠᠭᠠᠭ ᠤᠨ ᠲᠡᠮᠳᠡᠭ᠂ ᠵᠡᠭᠡᠯᠢ ᠶᠢᠨ ᠬᠦᠨᠳᠡᠯᠡᠨ ᠪᠢᠴᠢᠭᠡᠰᠦ ᠵᠡᠷᠭᠡ ᠶᠢ | ᠡᠷᠬᠡᠪᠰᠢ ᠮᠤᠩᠭᠤᠯ ᠬᠢᠲᠠᠳ ᠬᠤᠶᠠᠷ ᠲᠦᠷᠦᠯ ᠤᠨ ᠦᠰᠦᠭ ᠢ ᠵᠡᠷᠭᠡᠪᠡᠷ ᠬᠡᠷᠡᠭᠯᠡᠬᠦ ᠬᠡᠷᠡᠭᠲᠡᠢ᠃ | ᠭᠤᠷᠪᠠ᠂ ᠵᠤᠬᠢᠶᠠᠨ ᠪᠠᠶᠢᠭᠤᠯᠬᠤ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠡᠷᠴᠢᠮ ᠢᠶᠠᠨ | ᠶᠡᠬᠡᠳᠬᠡᠵᠦ᠂ ᠠᠵᠢᠯ ᠤᠨ ᠢᠳᠡᠪᠬᠢ ᠴᠢᠨᠠᠷ ᠢᠶᠠᠨ ᠳᠡᠭᠡᠭᠰᠢᠯᠡᠭᠦᠯᠵᠦ᠂ ᠮᠤᠩᠭᠤᠯ ᠬᠡᠯᠡ ᠪᠢᠴᠢᠭ ᠤᠨ ᠠᠵᠢᠯ ᠤᠨ | ᠵᠢᠯᠤᠭᠤᠳᠤᠯᠭ᠎ᠠ ᠪᠠ ᠬᠢᠨᠠᠯᠲᠠ ᠶᠢ ᠰᠠᠶᠢᠲᠤᠷ ᠬᠢᠵᠤ᠂ ᠦᠨᠳᠦᠰᠦᠲᠡᠨ ᠤ ᠬᠡᠷᠡᠭ ᠡᠷᠬᠢᠯᠡᠬᠦ ᠲᠤᠪᠴᠢᠶ᠎ᠠ ᠵᠡᠷᠬᠡ ᠡᠷᠬᠡ | ᠲᠤᠰᠢᠶᠠᠯᠲᠦ ᠰᠠᠯᠠᠭ᠎ᠠ ᠮᠦᠴᠢᠷ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ | ᠲᠠᠢ ᠨᠢᠭᠲᠠ ᠬᠠᠮᠵᠢᠯᠴᠠᠵᠤ᠂ ᠢᠳᠡᠪᠬᠢᠲᠠᠢ ᠲᠤᠬᠢᠷᠠᠭᠤᠯᠬᠤ ᠵᠡᠷᠬᠡ ᠪᠠᠷ ᠠᠳᠬᠤᠵᠤ᠂ ᠬᠠᠮᠲᠦ ᠪᠠᠷ ᠬᠠᠮᠢᠶᠠᠷᠴᠤ | ᠪᠠᠶᠢᠭᠠᠳ ᠲᠤᠰ ᠠᠵᠢᠯ ᠢ ᠬᠠᠮᠲᠦ ᠪᠠᠷ ᠢᠶᠠᠨ ᠰᠠᠶᠢᠲᠤᠷ ᠬᠢᠬᠦ ᠬᠡᠷᠡᠭᠲᠡᠢ᠃ | ᠳᠦᠷᠪᠡ᠂ ᠱᠠᠭᠠᠷᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠡᠶᠢᠭᠡᠮ ᠤᠨ ᠦᠩᠭᠡᠨ | ᠬᠡᠷᠡᠭᠯᠡᠭᠡᠨ ᠤ ᠮᠤᠩᠭᠤᠯ ᠬᠢᠲᠠᠳ ᠬᠤᠶᠠᠷ ᠦᠰᠦᠭ ᠢ ᠵᠡᠷᠭᠡᠪᠡᠷ ᠬᠡᠷᠡᠭᠯᠡᠬᠦ ᠪᠠ ᠵᠦᠪ ᠬᠡᠷᠡᠭᠯᠡᠬᠦ ᠪᠤᠯ ᠨᠢᠭᠡᠨ | ᠦᠨᠳᠦᠰᠦᠲᠡᠨ ᠤ ᠭᠠᠵᠠᠷ ᠤᠷᠤᠨ ᠤ ᠪᠤᠯᠪᠠᠰᠤᠨ ᠬᠢᠷᠢ ᠬᠡᠮᠵᠢᠶ᠎ᠡ ᠪᠠ ᠪᠦᠬᠦᠯᠢ ᠴᠤᠭᠴᠠ ᠳᠦᠷᠢ ᠳᠦᠷᠬᠦ ᠲᠠᠢ | ᠰᠢᠭᠤᠳ ᠬᠠᠷᠢᠴᠠᠭ᠎ᠠ ᠲᠠᠢ ᠶᠤᠮ᠃ ᠡᠶᠢᠮᠦ ᠠᠴᠠ ᠡᠯ᠎ᠡ ᠰᠢᠶᠠᠩ ᠪᠠᠯᠭᠠᠰᠤ᠂ ᠡᠯ᠎ᠡ ᠪᠠᠶᠢᠭᠤᠯᠭ᠎ᠠ ᠨᠢᠭᠡᠴᠡ ᠲᠤᠰ | ᠡᠳᠦᠷ ᠠᠴᠠ ᠡᠬᠢᠯᠡᠵᠦ᠂ ᠦᠪᠡᠷ ᠢᠶᠠᠨ ᠪᠠᠶᠢᠴᠠᠭᠠᠨ ᠵᠠᠯᠠᠷᠠᠭᠤᠯᠬᠤ ᠠᠵᠢᠯ ᠢᠶᠠᠨ ᠶᠠᠪᠤᠭᠳᠠᠭᠤᠯᠬᠤ ᠶᠢ ᠱᠠᠭᠠᠷᠳᠠᠵᠤ᠂ | ᠮᠤᠩᠭᠤᠯ ᠬᠢᠲᠠᠳ ᠬᠤᠶᠠᠷ ᠦᠰᠦᠭ ᠢ ᠬᠡᠷᠡᠭᠯᠡᠭᠰᠡᠨ ᠪᠦᠷᠬᠦᠴᠡ ᠪᠠ ᠬᠢᠷᠢ ᠲᠡᠩᠴᠡᠭᠰᠡᠨ ᠨᠤᠷᠮ᠎ᠠ ᠶᠢ | ᠪᠦᠲᠦᠭᠡᠮᠵᠢᠲᠠᠢ ᠪᠠᠷ ᠳᠡᠭᠡᠭᠰᠢᠯᠡᠬᠦᠯᠦᠨ᠎ᠡ᠃ | ᠲᠠᠪᠤ᠂ ᠦᠪᠡᠷ ᠢᠶᠠᠨ ᠪᠠᠶᠢᠴᠠᠭᠠᠨ ᠵᠠᠯᠠᠷᠠᠭᠤᠯᠬᠤ ᠠᠵᠢᠯ ᠲᠡᠭᠦᠰᠦᠭᠰᠡᠨ ᠤ ᠰᠡᠭᠦᠯᠡᠷ᠂ ᠡᠯ᠎ᠡ ᠰᠢᠶᠠᠩ ᠪᠠᠯᠭᠠᠰᠤ | ᠡᠯ᠎ᠡ ᠪᠠᠶᠢᠭᠤᠯᠭ᠎ᠠ ᠨᠢᠭᠡᠴᠡ᠂ ᠠᠵᠢᠯ ᠢᠶᠠᠨ ᠴᠡᠭᠴᠡᠯᠡᠵᠦ᠂ ᠳ᠋ᠦᠩᠨᠡᠯᠲᠡ ᠪᠠᠨ ᠬᠢᠵᠦ᠂ ᠮᠤᠩᠭᠤᠯ ᠦᠰᠦᠭ | ᠪᠢᠴᠢᠭ ᠤᠨ ᠠᠵᠢᠯ ᠤᠨ ᠪᠠᠶᠢᠳᠠᠯ᠂ ᠰᠠᠨᠠᠯ᠂ ᠠᠷᠭ᠎ᠠ ᠮᠠᠶ᠋ᠢᠭ ᠪᠠ ᠤᠷᠤᠰᠢᠵᠤ ᠪᠠᠶᠢᠭ᠎ᠠ ᠠᠰᠠᠭᠤᠳᠠᠯ ᠢ ᠤᠶᠢᠯᠠᠭᠠᠵᠤ | ᠮᠡᠳᠡᠭᠰᠡᠨ ᠪᠠᠶᠢᠪᠠᠯ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠤᠪᠴᠢᠶ᠎ᠠ ᠲᠠᠢ ᠢᠳᠡᠪᠬᠢᠲᠠᠢ | ᠬᠠᠷᠢᠯᠴᠠᠵᠤ᠂ ᠠᠰᠠᠭᠤᠳᠠᠯ ᠢ ᠰᠢᠢᠳᠪᠦᠷᠢᠯᠡᠬᠦ ᠰᠠᠨᠠᠯ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠬᠤ ᠬᠡᠷᠡᠭᠲᠡᠢ᠃ | | ᠤᠨᠴᠠᠭᠠᠶᠢᠯᠠᠨ ᠮᠡᠳᠡᠭᠳᠡᠪᠡ | | ᠰᠢᠩ ᠾᠧ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2018 ᠤᠨ ᠤ 1 ᠰᠠᠷ᠎ᠠ ᠶᠢᠨ 21 ᠤ ᠡᠳᠦᠷ |