2019 ᠤᠨ ᠤ ᠬᠤᠲᠠ ᠰᠢᠶᠠᠩ ᠤᠨ ᠰᠠᠭᠤᠭᠠᠯᠢ ᠠᠷᠠᠳ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠵᠢᠯ ᠤᠨ ᠬᠠᠮᠢᠶᠠᠲᠠᠢ ᠮᠡᠳᠡᠭᠳᠡᠯ
ᠨᠡᠶᠢᠲᠡᠯᠡᠭᠰᠡᠨ ᠴᠠᠭ᠄
2018-12-28
ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠰᠢᠶᠠᠨ ᠤ ᠬᠤᠯᠪᠤᠭᠳᠠᠯ ᠪᠦᠬᠦᠢ ᠪᠠᠶᠢᠭᠤᠯᠭ᠎ᠠ᠄      2019 ᠤᠨ ᠤ ᠬᠤᠲᠠ ᠰᠢᠶᠠᠩ ᠤᠨ ᠰᠠᠭᠤᠭᠠᠯᠢ ᠠᠷᠠᠳ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠮᠦᠩᠭᠦ ᠴᠤᠭᠯᠠᠭᠤᠯᠬᠤ ᠲᠤᠭᠲᠠᠯᠴᠠᠭ᠎ᠠ ᠶᠢ ᠪᠦᠷᠢᠨ ᠲᠡᠭᠦᠯᠳᠡᠷ ᠪᠤᠯᠭᠠᠬᠤ ᠶᠢᠨ ᠲᠦᠯᠦᠭᠡ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠠᠴᠠ ᠪᠠᠭᠤᠯᠭᠠᠭᠰᠠᠨ ︿︿2019 ᠤᠨ ᠤ ᠬᠤᠲᠠ ᠰᠢᠶᠠᠩ ᠤᠨ ᠰᠠᠭᠤᠭᠠᠯᠢ ᠠᠷᠠᠳ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠵᠢᠯ ᠤᠨ ᠬᠠᠮᠢᠶᠠᠲᠠᠢ ᠮᠡᠳᠡᠭᠳᠡᠯ﹀﹀ ︵ᠤᠯᠠᠭᠠᠨᠴᠠᠪ ᠵᠠᠰᠠᠭ ᠠᠯᠪᠠᠨ ᠦᠰᠦᠭᠲᠦ[2018]133 ᠳ᠋ᠤᠭᠠᠷᠲᠦ︶ ᠪᠢᠴᠢᠭ ᠤᠨ ᠵᠤᠷᠢᠭ ᠰᠠᠨᠠᠭ᠎ᠠ ᠶᠢ ᠦᠨᠳᠦᠰᠦᠯᠡᠨ᠂ 2019 ᠤᠨ ᠤ ᠬᠤᠲᠠ ᠰᠢᠶᠠᠩ ᠤᠨ ᠰᠠᠭᠤᠭᠠᠯᠢ ᠠᠷᠠᠳ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠤᠪᠢ ᠬᠦᠮᠦᠨ ᠤ ᠰᠦᠢᠳᠬᠡᠯ ᠲᠤᠰᠢᠶᠠᠬᠤ ︵   ᠳᠤᠷᠤᠭᠰᠢ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠭᠡᠵᠦ ᠳᠦᠭᠦᠮᠴᠢᠯᠡᠪᠡ︶ ᠲᠤᠬᠠᠢ ᠶᠠᠪᠤᠳᠠᠯ ᠢ ᠳᠤᠤᠷᠠᠬᠢ ᠮᠡᠲᠦ ᠮᠡᠳᠡᠭᠳᠡᠶ᠎ᠡ᠄     ᠨᠢᠭᠡ᠂ ᠬᠠᠮᠢᠶᠠᠷᠤᠭᠳᠠᠬᠤ ᠬᠦᠷᠢᠶ᠎ᠡ ᠬᠡᠪᠴᠢᠶ᠎ᠡ     ᠲᠤᠰ ᠰᠢᠶᠠᠨ ᠤ ᠡᠷᠦᠬᠡ ᠠᠮᠠ ᠶᠢᠨ ᠳᠠᠩᠰᠠ ᠲᠠᠢ ᠪᠤᠶᠤ ᠲᠤᠰ ᠰᠢᠶᠠᠨ ᠳᠤ ᠪᠦᠲᠦᠨ ᠨᠢᠭᠡ ᠵᠢᠯ ᠠᠴᠠ ᠳᠡᠭᠡᠭᠰᠢ  ᠰᠠᠭᠤᠷᠢᠰᠢᠭᠰᠠᠨ ᠪᠦᠭᠡᠳ ᠬᠤᠲᠠ ᠪᠠᠯᠭᠠᠰᠤ ᠶᠢᠨ ᠲᠤᠰᠬᠠᠢ ᠠᠵᠢᠯᠲᠠᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠤᠷᠤᠯᠴᠠᠭᠰᠠᠨ ᠦᠭᠡᠢ ᠬᠤᠲᠠ ᠰᠢᠶᠠᠩ ᠤᠨ ᠰᠠᠭᠤᠭᠠᠯᠢ ᠠᠷᠠᠳ᠂ ᠲᠠᠷᠢᠶᠠᠯᠠᠬᠤ ᠤᠷᠤᠨ ᠮᠠᠯᠵᠢᠬᠤ ᠤᠷᠤᠨ ᠤ ᠰᠠᠭᠤᠭᠠᠯᠢ ᠠᠷᠠᠳ᠂ ᠬᠤᠲᠠ ᠪᠠᠯᠭᠠᠰᠤ ᠶᠢᠨ ᠠᠵᠤ ᠦᠢᠯᠡᠰ ᠡᠷᠬᠢᠯᠡᠭᠡ ᠦᠭᠡᠢ ᠰᠠᠭᠤᠭᠠᠯᠢ ᠠᠷᠠᠳ᠂  ᠡᠯ᠎ᠡ ᠲᠦᠷᠦᠯ ᠤᠨ ᠪᠦᠬᠦᠯᠢ ᠡᠳᠦᠷ ᠢᠶᠠᠷ ᠬᠢᠴᠢᠶᠡᠯᠯᠡᠬᠦ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢ᠂ ᠰᠤᠷᠤᠯᠴᠠᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠤᠷᠤᠨ ᠠᠴᠠ ᠲᠦᠷᠢᠮᠯᠡᠨ ᠲᠤᠭᠲᠠᠭᠠᠭᠰᠠᠨ ᠦᠬᠡᠷ᠎ᠡ ᠬᠦᠮᠦᠰ᠂ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠳᠤ ᠤᠷᠤᠯᠴᠠᠵᠤ ᠪᠤᠯᠤᠨ᠎ᠠ᠃     ᠬᠤᠶᠠᠷ᠂ ᠰᠦᠢᠳᠬᠡᠯ ᠲᠤᠰᠢᠶᠠᠬᠤ ᠪᠠᠷᠢᠮᠵᠢᠶ᠎ᠠ     ︵ᠨᠢᠭᠡ︶ 2019 ᠤᠨ ᠤ ᠬᠤᠪᠢ ᠬᠦᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ     1᠂ ᠬᠤᠲᠠ ᠰᠢᠶᠠᠩ ᠤᠨ ᠰᠠᠭᠤᠭᠠᠯᠢ ᠠᠷᠠᠳ ᠠᠴᠠ ᠨᠠᠰᠤᠨ ᠳᠤ ᠬᠦᠷᠦᠭᠰᠡᠳ ᠨᠢ ᠬᠦᠮᠦᠨ ᠪᠦᠷᠢ ᠵᠢᠯ ᠪᠦᠷᠢ 260 ᠲᠦᠭᠦᠷᠢᠭ ᠤᠨ ᠰᠦᠢᠳᠬᠡᠯ ᠲᠤᠰᠢᠶᠠᠨ᠎ᠠ᠃     2᠂ ᠬᠤᠲᠠ ᠰᠢᠶᠠᠩ ᠤᠨ ᠰᠠᠭᠤᠭᠠᠯᠢ ᠠᠷᠠᠳ ᠠᠴᠠ ᠰᠤᠷᠤᠭᠴᠢ᠂ ᠬᠡᠤᠬᠡᠳ ᠬᠦᠮᠦᠨ ᠪᠦᠷᠢ ᠵᠢᠯ ᠪᠦᠷᠢ 160 ᠲᠦᠭᠦᠷᠢᠭ ᠤᠨ ᠰᠦᠢᠳᠬᠡᠯ ᠲᠤᠰᠢᠶᠠᠨ᠎ᠠ᠃     3᠂ ᠰᠤᠷᠭᠠᠭᠤᠯᠢ ᠰᠤᠷᠤᠯᠭ᠎ᠠ ᠵᠤᠭᠰᠤᠭᠰᠠᠨ ᠬᠦᠮᠦᠨ ᠢ 18 ᠪᠦᠬᠦᠯᠢ ᠨᠠᠰᠤ ᠪᠠᠷ ᠵᠠᠭᠠᠭᠯᠠᠵᠤ᠂ 18 ᠨᠠᠰᠤ ᠠᠴᠠ ᠳᠤᠷᠤᠭᠰᠢ  ᠬᠦᠮᠦᠨ 160 ᠲᠦᠭᠦᠷᠢᠭ᠂ 18 ᠨᠠᠰᠤ ᠠᠴᠠ ᠳᠡᠭᠡᠭᠰᠢ ᠬᠦᠮᠦᠨ ᠨᠠᠰᠤᠨ ᠳᠤ ᠬᠦᠷᠤᠭ᠍ᠰᠡᠳ ᠤᠨ ᠪᠠᠷᠢᠮᠵᠢᠶ᠎ᠠ ᠪᠠᠷ ᠲᠤᠰᠢᠶᠠᠨ᠎ᠠ᠃     ︵ᠬᠤᠶᠠᠷ︶ ᠶᠠᠳᠠᠭᠤ ᠬᠦᠴᠢᠷᠳᠡᠯᠲᠡᠢ ᠬᠦᠮᠦᠰ ᠤᠨ ᠰᠦᠢᠳᠬᠡᠯ ᠲᠤᠰᠢᠶᠠᠬᠤ ᠠᠷᠭ᠎ᠠ ᠠᠪᠴᠢᠯ     1᠂ ᠬᠤᠲᠠ ᠪᠠᠯᠭᠠᠰᠤ ᠶᠢᠨ ︿ᠭᠤᠷᠪᠠᠨ ᠲᠦᠰᠢᠯᠭᠡ ᠦᠭᠡᠢ﹀ ᠭᠦᠮᠦᠨ᠂ ᠲᠤᠰᠬᠤᠨ ᠤ ︿ᠲᠠᠪᠤᠨ ᠪᠠᠲᠤᠯᠠᠮᠵᠢ ᠎ ᠲᠠᠢ﹀ ᠬᠦᠮᠦᠨ᠂ ᠦᠨᠦᠴᠢᠨ ᠵᠡᠮᠳᠡᠭ ᠬᠡᠤᠬᠡᠳ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠲᠤ ᠤᠷᠤᠪᠠᠯ᠂ ᠬᠤᠪᠢ ᠬᠦᠮᠦᠨ ᠤ ᠲᠤᠰᠢᠶᠠᠬᠤ ᠰᠦᠢᠳᠬᠡᠯ ᠢ ᠪᠦᠷ ᠬᠡᠯᠲᠦᠷᠢᠭᠦᠯᠦᠨ᠎ᠡ᠂ ᠬᠡᠯᠲᠦᠷᠢᠭᠦᠯᠦᠭᠰᠡᠨ ᠭᠡᠰᠡᠭ ᠢ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠳᠡᠳᠬᠦᠪᠦᠷᠢ ᠶᠢᠨ ᠮᠦᠩᠭᠦ ᠠᠴᠠ ᠦᠭᠴᠦ ᠂  ᠪᠦᠬᠦ ᠮᠦᠩᠭᠦ ᠶᠢ ᠳᠡᠳᠬᠦᠨ ᠲᠦᠯᠦᠨ᠎ᠡ᠃     2᠂ ᠺᠠᠷᠲ ᠠᠪᠤᠨ ᠳᠠᠩᠰᠠ ᠪᠠᠶᠢᠭᠤᠯᠬᠤ ᠵᠦᠪ ᠤᠨᠤᠪᠴᠢᠲᠠᠢ ᠶᠠᠳᠠᠭᠤ ᠶᠢ ᠳᠡᠳᠬᠦᠬᠦ ᠳᠤ ᠪᠠᠭᠲᠠᠭᠰᠠᠨ ᠨᠠᠰᠤᠨ ᠳᠤ ᠬᠦᠷᠦᠭᠰᠡᠳ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠲᠤ ᠤᠷᠤᠪᠠᠯ᠂ ᠡᠳ᠋ ᠤᠨ ᠵᠠᠰᠠᠭ ᠠᠴᠠ 110 ᠲᠦᠭᠦᠷᠢᠭ ᠤᠨ ᠨᠦᠬᠦᠪᠦᠷᠢ ᠦᠭᠴᠦ᠂ ᠰᠤᠷᠤᠭᠴᠢ ᠪᠠ ᠬᠡᠤᠬᠡᠳ ᠲᠤ 100 ᠲᠦᠭᠦᠷᠢᠭ ᠤᠨ ᠨᠦᠬᠦᠪᠦᠷᠢ ᠦᠭᠭᠦᠨ᠎ᠡ᠃     3᠂ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠤᠲᠠ ᠰᠢᠶᠠᠩ ᠤᠨ ᠰᠠᠭᠤᠭᠠᠯᠢ ᠠᠷᠠᠳ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠲᠤ ᠤᠷᠤᠪᠠᠯ᠂ ᠬᠤᠪᠢ ᠬᠦᠮᠦᠨ ᠤ ᠲᠤᠰᠢᠶᠠᠬᠤ ᠰᠦᠢᠳᠬᠡᠯ ᠢ ᠤᠤᠯ ᠶᠤᠰᠤᠭᠠᠷ 60 ᠲᠦᠭᠦᠷᠢᠭ ᠤᠨ ᠪᠠᠷᠢᠮᠵᠢᠶ᠎ᠠ ᠪᠠᠷ ᠶᠠᠪᠤᠭᠤᠯᠵᠤ᠂ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠳᠡᠳᠬᠦᠪᠦᠷᠢ ᠶᠢᠨ ᠮᠦᠩᠭᠦ ᠠᠴᠠ ᠨᠦᠬᠦᠨ ᠦᠭᠭᠦᠨ᠎ᠡ᠃ ᠳᠤᠤᠷ᠎ᠠ ᠪᠠᠲᠤᠯᠠᠭ᠎ᠠ ᠶᠢᠨ ᠬᠦᠮᠦᠰ ᠵᠦᠪ ᠤᠨᠤᠪᠴᠢᠲᠠᠢ ᠶᠠᠳᠠᠭᠤ ᠶᠢ ᠳᠡᠳᠬᠦᠬᠦ ᠳᠤ ᠪᠠᠭᠲᠠᠵᠤ ᠪᠠᠶᠢᠪᠠᠯ ᠵᠦᠪ ᠤᠨᠤᠪᠴᠢᠲᠠᠢ ᠶᠠᠳᠠᠭᠤ ᠶᠢ ᠳᠡᠳᠬᠦᠬᠦ ᠨᠦᠬᠦᠪᠦᠷᠢ ᠦᠭᠬᠦ ᠪᠠᠷᠢᠮᠵᠢᠶ᠎ᠠ ᠪᠠᠷ ᠨᠦᠬᠦᠪᠦᠷᠢ ᠦᠭᠭᠦᠨ᠎ᠡ᠃     ᠭᠤᠷᠪᠠ᠂ ᠰᠦᠢᠳᠬᠡᠯ ᠲᠤᠰᠢᠶᠠᠬᠤ ᠴᠠᠭ     2019 ᠤᠨ ᠤ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠤᠨ ᠰᠦᠢᠳᠬᠡᠯ ᠲᠤᠰᠢᠶᠠᠬᠤ ᠬᠤᠭᠤᠴᠠᠭ᠎ᠠ ᠨᠢ 2018 ᠤᠨ ᠤ11 ᠰᠠᠷ᠎ᠠ ᠶᠢᠨ 7᠎ ᠤ ᠡᠳᠦᠷ ᠠᠴᠠ 2019 ᠤᠨ ᠤ 3 ᠰᠠᠷ᠎ᠠ ᠶᠢᠨ 31᠎ ᠤ ᠡᠳᠦᠷ ᠬᠦᠷᠲᠡᠯ᠎ᠡ᠃ ᠲᠤᠭᠲᠠᠭᠰᠠᠨ ᠬᠤᠭᠤᠴᠠᠭ᠎ᠠ ᠠᠴᠠ ᠬᠤᠶᠢᠰᠢ ᠬᠤᠪᠢ ᠬᠦᠮᠦᠨ ᠤ ᠰᠦᠢᠳᠬᠡᠯ ᠲᠤᠰᠢᠶᠠᠬᠤ ᠶᠠᠪᠤᠴᠠ ᠶᠢ ᠲᠤᠰ ᠤᠨ ᠳᠤ ᠳᠠᠬᠢᠵᠤ ᠶᠠᠪᠤᠭᠳᠠᠭᠤᠯᠬᠤ ᠦᠭᠡᠢ᠃     ᠲᠦᠷᠪᠡ᠂ ᠤᠯᠭᠤᠮᠵᠢ ᠡᠳ᠋ᠯᠡᠬᠦ ᠬᠤᠭᠤᠴᠠᠭ᠎ᠠ     ᠳᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ᠂ ᠬᠤᠲᠠ ᠰᠢᠶᠠᠩ ᠤᠨ ᠰᠠᠭᠤᠭᠠᠯᠢ ᠠᠷᠠᠳ ᠤᠨ ᠡᠮᠨᠡᠯᠭᠡ ᠳᠠᠭᠠᠳᠬᠠᠯ ᠤᠨ   ᠤᠯᠭᠤᠮᠵᠢ ᠡᠳ᠋ᠯᠡᠬᠦ ᠬᠤᠭᠤᠴᠠᠭ᠎ᠠ ᠨᠢ 2019 ᠤᠨ ᠤ 1ᠰᠠᠷ᠎ᠠ 1ᠡᠳᠦᠷ ᠠᠴᠠ 2019ᠤᠨ ᠤ12ᠰᠠᠷ᠎ᠠ ᠶᠢᠨ 31᠎ ᠤ ᠡᠳᠦᠷ ᠬᠦᠷᠲᠡᠯ᠎ᠡ᠃     ᠲᠠᠪᠤ᠂ ᠳᠠᠲᠠᠪᠤᠷᠢᠯᠠᠬᠤ ᠬᠡᠯᠪᠡᠷᠢ     ᠡᠨᠡ ᠤᠳᠠᠭᠠᠨ ᠤ ᠳᠠᠲᠠᠪᠤᠷᠢ ᠮᠦᠨ ᠤᠤᠯ ᠤᠨ ᠵᠠᠮ ᠬᠡᠯᠪᠡᠷᠢ ᠪᠠᠷ ᠳᠠᠲᠠᠪᠤᠷᠢᠯᠠᠨ᠎ᠠ᠃     ᠵᠢᠷᠭᠤᠭ᠎ᠠ᠂ ᠪᠤᠰᠤᠳ ᠶᠠᠪᠤᠳᠠᠯ ᠤᠴᠢᠷ     ᠡᠨᠡ ᠤᠳᠠᠭᠠᠨ ᠤ ᠮᠡᠳᠡᠭᠳᠡᠯ ᠨᠢ ᠪᠠᠭᠤᠯᠭᠠᠭᠰᠠᠨ ᠴᠠᠭ ᠠᠴᠠ ᠡᠬᠢᠯᠡᠵᠦ ᠶᠠᠪᠤᠭᠲᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠤᠪᠴᠢᠶ᠎ᠠ ᠲᠠᠶᠢᠯᠵᠤ ᠲᠠᠶᠢᠯᠪᠤᠷᠢᠯᠠᠬᠤ ᠶᠢ ᠬᠠᠷᠢᠭᠤᠴᠠᠨ᠎ᠠ᠃ ᠡᠨᠡ ᠤᠳᠠᠭᠠᠨ ᠤ ᠮᠡᠳᠡᠭᠳᠡᠯ ᠳᠤ ᠳᠤᠷᠠᠳᠤᠭᠰᠠᠨ ᠦᠭᠡᠢ ᠳᠦᠷᠢᠮ ᠵᠤᠷᠪᠤᠰ ᠢ ︿︿ᠤᠯᠠᠭᠠᠨᠴᠠᠪ ᠬᠤᠲᠠ ᠶᠢᠨ ᠬᠤᠲᠠ ᠰᠢᠶᠠᠩ ᠤᠨ ᠰᠠᠭᠤᠭᠠᠯᠢ ᠠᠷᠠᠳ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠬᠠᠮᠢᠶᠠᠷᠬᠤ ᠲᠦᠷ ᠬᠡᠷᠡᠭᠯᠡᠬᠦ ᠠᠷᠭ᠎ᠠ ᠬᠡᠮᠵᠢᠶ᠎ᠡ﹀﹀ ︵ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ ﹇2017﹈14 ᠳ᠋ᠤᠭᠠᠷᠲᠦ︶ ᠪᠢᠴᠢᠭ ᠤᠨ ᠶᠤᠰᠤᠭᠠᠷ ᠶᠠᠪᠤᠭᠤᠯᠤᠨ᠎ᠠ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3