ᠣᠶᠢᠷ᠎ᠠ ᠶᠢᠨ ᠵᠢᠯ ᠳᠤ ᠡᠯᠡᠰᠦ ᠰᠢᠷᠣᠢ ᠶᠢᠨ ᠡᠬᠢ ᠡᠭᠦᠰᠦᠯ ᠢ ᠵᠠᠰᠠᠨ ᠰᠠᠶᠢᠵᠢᠷᠠᠭᠤᠯᠵᠤ᠂ ᠲᠠᠷᠢᠶᠠᠯᠠᠬᠤ ᠪᠠᠨ | ᠪᠤᠯᠢᠵᠤ ᠣᠶᠢᠵᠢᠭᠤᠯᠬᠤ ᠲᠠᠯ᠎ᠠ ᠶᠢᠨ ᠰᠡᠷᠭᠡᠶᠢᠯᠡᠯᠲᠡ ᠵᠡᠷᠭᠡ ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠬᠦ ᠶᠢ ᠳᠠᠭᠠᠯᠳᠤᠨ᠂ ᠣᠢ ᠰᠢᠭᠤᠢ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠦᠳᠲᠦᠷ | ᠲᠦᠷᠭᠡᠨ ᠢᠶᠠᠷ ᠰᠡᠷᠭᠦᠵᠦ᠂ ᠭᠠᠯ ᠤᠨ ᠠᠶᠤᠯ ᠤᠨ ᠨᠦᠬᠦᠴᠡᠯ ᠰᠢᠯᠲᠠᠭᠠᠨ ᠢ ᠮᠡᠳᠡᠭᠳᠡᠮ᠎ᠡ ᠳᠡᠭᠡᠭᠰᠢᠯᠡᠭᠦᠯᠦᠭᠰᠡᠨ | ᠪᠦᠭᠡᠳ ᠣᠢ ᠰᠢᠭᠤᠢ ᠲᠠᠯ᠎ᠠ ᠨᠤᠲᠤᠭ ᠤᠨ ᠭᠠᠯ ᠤᠨ ᠭᠠᠮᠰᠢᠭ ᠡᠭᠦᠰᠬᠦ ᠠᠶᠤᠯ ᠲᠠᠢ ᠬᠤᠭᠤᠴᠠᠭ᠎ᠠ ᠪᠣᠯᠵᠠᠢ᠃ | ᠣᠳᠤᠬᠢ ᠪᠦᠬᠦ ᠰᠢᠶᠠᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯᠯᠠᠭ᠎ᠠ ᠶᠢᠨ | ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠪᠠᠶᠢᠳᠠᠯ ᠳᠤ ᠴᠢᠭᠯᠡᠭᠦᠯᠦᠨ᠂ ᠲᠣᠰ ᠴᠡᠭᠡᠷ ᠬᠤᠷᠢᠶ᠎ᠠ ᠶᠢ ᠣᠨᠴᠠᠭᠠᠶᠢᠯᠠᠨ | ᠲᠠᠷᠬᠠᠭᠠᠪᠠ᠃ | ᠨᠢᠭᠡ᠂ ᠵᠢᠯ ᠪᠣᠯᠭᠠᠨᠨ ᠤ 3 ᠰᠠᠷ᠎ᠠ ᠶᠢᠨ 15 ᠠᠴᠠ 31 ᠬᠦᠷᠬᠦ ᠬᠤᠭᠤᠴᠠᠭ᠎ᠠ ᠨᠢ ᠮᠠᠨ ᠤ ᠰᠢᠶᠠᠨ ᠤ ᠣᠢ | ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠴᠡᠭᠡᠷ ᠬᠤᠷᠢᠶᠠᠲᠣ ᠬᠤᠭᠤᠴᠠᠭ᠎ᠠ ᠪᠣᠯᠣᠨ᠎ᠠ᠃ ᠣᠯᠣᠰ ᠠᠴᠠ ᠠᠮᠢ | ᠠᠬᠤᠢ ᠶᠢᠨ ᠵᠣᠬᠢᠶᠠᠨ ᠪᠠᠶᠢᠭᠤᠯᠤᠯᠲᠠ ᠳᠤ ᠠᠪᠤᠭᠰᠠᠨ ᠠᠯᠢ ᠣᠯᠠᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠠᠴᠠ᠂ ᠮᠠᠨ ᠤ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠢ ᠮᠡᠲᠡᠭᠳᠡᠮ᠎ᠡ ᠦᠷ᠎ᠡ | ᠪᠦᠲᠦᠮᠵᠢ ᠲᠠᠢ ᠪᠣᠯᠣᠭᠰᠠᠨ ᠪᠠᠶᠢᠨ᠎ᠠ᠃ ᠣᠢ ᠰᠢᠭᠤᠢ ᠶᠢᠨ ᠲᠣᠮᠤ ᠶᠡᠭᠡ ᠭᠠᠯ ᠤᠨ ᠭᠠᠮᠰᠢᠭ ᠡᠭᠦᠰᠬᠦ ᠶᠢ | ᠰᠡᠷᠭᠡᠶᠢᠯᠡᠬᠦ ᠶᠢᠨ ᠲᠦᠯᠦᠭᠡ ᠪᠦᠬᠦ ᠰᠢᠶᠠᠨ ᠤ ᠡᠯ᠎ᠡ ᠭᠠᠵᠠᠷ ᠣᠷᠣᠨ ᠢ ᠪᠦᠭᠦᠳᠡ ᠶᠢ ᠭᠠᠯ ᠢ ᠰᠡᠷᠭᠡᠶᠢᠯᠡᠬᠦ ᠴᠡᠭᠡᠷ | ᠬᠤᠷᠢᠶᠠᠲᠤ ᠭᠠᠵᠠᠷ ᠢᠶᠠᠷ ᠲᠣᠭᠲᠠᠭᠠᠪᠠ᠃ | ᠬᠤᠶᠠᠷ᠂ ᠡᠯ᠎ᠡ ᠰᠢᠶᠠᠩ ᠪᠠᠯᠭᠠᠰᠤ ᠣᠢ ᠰᠢᠭᠤᠢ ᠶᠢᠨ ᠲᠠᠯᠠᠪᠠᠢ ᠪᠣᠯᠣᠨ ᠬᠠᠮᠢᠶ᠎ᠠ ᠪᠦᠬᠦᠢ ᠪᠠᠶᠢᠭᠤᠯᠣᠯᠭ᠎ᠠ᠂ | ᠭᠠᠯ ᠢ ᠰᠡᠷᠭᠡᠶᠢᠯᠡᠬᠦ ᠬᠤᠷᠢᠶᠠᠲᠤ ᠬᠤᠭᠤᠴᠠᠭᠠᠨ ᠳᠠᠭᠠᠨ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠬᠡᠰᠡᠭ᠂ | ᠭᠤᠣᠯᠳᠠᠯᠭ᠎ᠠ ᠲᠠᠢ ᠣᠷᠣᠨ ᠴᠡᠭ ᠤᠨ ᠴᠠᠭᠳᠠᠨ ᠪᠠᠶᠢᠴᠠᠭᠠᠯᠲᠠ ᠶᠢᠨ ᠬᠦᠴᠦ ᠪᠠᠨ ᠦᠨᠡᠨ ᠪᠣᠳᠠᠲᠠᠢ ᠴᠢᠩᠭᠠᠳᠬᠠᠬᠤ | ᠬᠡᠷᠡᠭᠲᠡᠢ᠃ ᠬᠠᠷᠠᠭᠤᠯ ᠤᠨ ᠪᠠᠶᠢᠷᠢ ᠪᠠ ᠬᠦᠮᠦᠨ ᠢ ᠨᠡᠮᠡᠵᠦ᠂ ᠭᠠᠯ ᠤᠨ ᠡᠬᠢ ᠡᠬᠦᠰᠦᠯ ᠤᠨ ᠬᠠᠮᠢᠶᠠᠷᠤᠯᠲᠠ ᠶᠢ | ᠬᠦᠴᠦᠷᠬᠡᠭᠵᠢᠭᠦᠯᠵᠦ᠂ ᠪᠦᠬᠦᠯᠢ ᠡᠳᠦᠷ ᠤᠨ ᠰᠠᠬᠢᠨ ᠬᠠᠮᠠᠭᠠᠯᠠᠯᠲᠠ ᠨᠢ ᠪᠦᠬᠦ ᠭᠠᠵᠠᠷ ᠣᠷᠣᠨ ᠳᠤ ᠪᠦᠷᠬᠦᠬᠦ ᠶᠢ | ᠦᠨᠡᠨᠬᠦ ᠪᠠᠲᠤᠯᠠᠨ᠎ᠠ᠃ | ᠭᠤᠷᠪᠠ᠂ ᠴᠡᠭᠡᠷ ᠬᠤᠷᠢᠶᠠᠲᠤ ᠬᠤᠭᠤᠴᠠᠭᠠᠨ ᠳᠤ ᠠᠯᠢᠪᠠ ᠪᠠᠶᠢᠭᠤᠯᠤᠯᠭ᠎ᠠ ᠪᠠ ᠬᠤᠪᠢ ᠬᠦᠮᠦᠨ᠂ ᠴᠡᠭᠡᠷ | ᠬᠤᠷᠢᠭᠠᠲᠠᠢ ᠭᠠᠵᠠᠷ ᠣᠷᠣᠨ ᠳᠤ ᠭᠠᠯ ᠢ ᠬᠡᠷᠡᠭᠯᠡᠬᠦ ᠶᠢ ᠴᠡᠭᠡᠷᠯᠡᠨ᠎ᠡ᠃ ᠬᠡᠷᠪᠡ ᠲᠣᠰ ᠬᠤᠭᠤᠴᠠᠭᠠᠨ ᠳᠤ ᠣᠨᠴᠠᠭᠠᠢ | ᠪᠠᠶᠢᠳᠠᠯ ᠳᠣᠣᠷ᠎ᠠ ᠵᠠᠪᠠᠯ ᠭᠠᠯ ᠬᠡᠷᠡᠭᠯᠡᠬᠦ ᠭᠡᠪᠡᠯ᠂ ᠡᠷᠬᠡᠪᠰᠢ ᠰᠢᠶᠠᠨ ᠤ ᠭᠠᠯ ᠢ ᠰᠡᠷᠭᠡᠶᠢᠯᠡᠬᠦ ᠣᠳᠣᠷᠢᠳᠣᠯᠭ᠎ᠠ ᠶᠢᠨ | ᠪᠦᠯᠬᠦᠮ ᠪᠣᠶᠤ ᠡᠷᠬᠡᠲᠦ ᠪᠠᠶᠢᠭᠤᠯᠣᠯᠭ᠎ᠠ ᠶᠢᠨ ᠵᠦᠪᠰᠢᠶᠠᠷᠡᠯ ᠢ ᠣᠯᠬᠤ ᠪᠦᠭᠡᠳ ᠭᠠᠯ ᠤᠨᠲᠠᠷᠠᠭᠠᠬᠤ ᠪᠠᠭᠠᠵᠢ | ᠬᠡᠷᠡᠭᠰᠡᠯ ᠢ ᠰᠠᠶᠢᠲᠤᠷ ᠪᠡᠯᠡᠳᠬᠡᠵᠦ᠂ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ ᠪᠣᠲᠠᠲᠠᠢ ᠪᠠᠶᠢᠯᠭᠠᠨ᠎ᠠ᠃ ᠭᠠᠯ ᠢ | ᠭᠡᠷᠡᠭᠯᠡᠭᠰᠡᠨ ᠤ ᠬᠤᠶᠢᠨ᠎ᠠ ᠪᠠᠨ ᠡᠷᠬᠡᠪᠰᠢ ᠦᠯᠡᠳᠡᠭᠳᠡᠯ ᠭᠠᠯ ᠢᠶᠠᠨ ᠲᠤᠤᠱᠲᠠᠢ ᠤᠨᠲᠠᠷᠠᠭᠠᠭᠰᠠᠨ ᠪᠠᠶᠢᠬᠤ ᠬᠡᠷᠡᠭᠲᠡᠢ᠃ | ᠲᠥᠷᠪᠡ᠂ ᠡᠯ᠎ᠡ ᠰᠢᠶᠠᠩ ᠪᠠᠯᠭᠠᠰᠤ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ᠂ ᠲᠤᠰ ᠭᠠᠵᠠᠷ ᠣᠷᠣᠨ᠂ ᠲᠤᠰ | ᠪᠠᠶᠢᠭᠤᠯᠣᠯᠭ᠎ᠠ ᠶᠢᠨ ᠬᠦᠮᠦᠰ ᠤᠨ ᠬᠠᠮᠢᠶᠠᠷᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠮᠣᠳᠤ ᠲᠠᠷᠢᠬᠤ ᠬᠤᠸᠠᠷ | ᠬᠦᠷᠭᠡᠬᠦ ᠵᠡᠷᠭᠡ ᠪᠣᠯᠪᠠᠰᠤᠨ ᠠᠷᠭ᠎ᠠ ᠮᠠᠶ᠋ᠢᠭ ᠢᠶᠠᠷ ᠲᠠᠬᠢᠯ ᠲᠠᠯᠪᠢᠬᠤ ᠶᠢ ᠰᠠᠨᠠᠭᠠᠴᠢᠯᠠᠵᠤ᠂ ᠣᠢ ᠰᠢᠭᠤᠢ ᠶᠢᠨ ᠣᠷᠣᠨ᠂ | ᠲᠠᠯ᠎ᠠ ᠭᠠᠵᠠᠷ ᠤᠨ ᠲᠦᠷᠦᠯ ᠵᠦᠢᠯ ᠤᠨ ᠣᠷᠣᠨ ᠳᠤ ᠬᠦᠵᠢ ᠪᠠᠷᠢᠬᠤ᠂ ᠴᠠᠭᠠᠰᠤ ᠰᠢᠲᠠᠭᠠᠬᠤ ᠵᠡᠷᠭᠡ ᠠᠵᠢᠯᠯᠠᠭ᠎ᠠ ᠶᠢ | ᠬᠤᠷᠢᠭᠯᠠᠨ᠎ᠠ᠃ ᠭᠠᠯ ᠡᠭᠦᠰᠭᠡᠬᠦ ᠪᠣᠯᠣᠮᠵᠢ ᠲᠠᠢ ᠪᠣᠳᠠᠰ ᠢ ᠣᠢ ᠶᠢᠨ ᠣᠷᠣᠨ ᠪᠠ ᠢᠨᠵᠧᠨᠧᠷᠢᠩ ᠶᠢᠨ ᠲᠦᠷᠦᠯ | ᠵᠦᠢᠯ ᠤᠨ ᠣᠷᠣᠨ ᠳᠤ ᠠᠪᠴᠤ ᠣᠷᠣᠬᠤ ᠶᠢ ᠡᠷᠡᠰ ᠬᠤᠷᠢᠭᠯᠠᠨ᠎ᠠ᠃ ᠣᠶᠤᠨ ᠮᠡᠳᠡᠷᠡᠯ ᠤᠨ ᠡᠪᠡᠳᠴᠢᠨ ᠲᠠᠢ ᠵᠡᠷᠭᠡ | ᠣᠨᠴᠠᠭᠠᠢ ᠪᠦᠯᠦᠭ ᠬᠦᠮᠦᠰ ᠤᠨ ᠬᠠᠷᠠᠯᠲᠠ ᠬᠠᠮᠠᠭᠠᠯᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠎ᠠ᠃ | ᠨᠠᠰᠤᠨ ᠳᠤ ᠥᠯᠥ ᠬᠦᠷᠦᠭᠰᠡᠳ ᠤᠨ ᠭᠠᠯ ᠢ ᠰᠡᠷᠭᠡᠶᠢᠯᠡᠬᠦ ᠠᠮᠤᠷ ᠲᠥᠪᠰᠢᠨ ᠤ ᠰᠤᠷᠭᠠᠨ ᠬᠦᠮᠦᠵᠢᠯ ᠢ | ᠰᠤᠷᠭᠠᠭᠤᠯᠢ ᠪᠠ ᠭᠡᠷ ᠤᠨ ᠠᠬᠠᠮᠠᠳ ᠦᠨᠡᠨ ᠪᠣᠲᠠᠲᠠᠢ ᠰᠠᠶᠢᠲᠤᠷ ᠬᠢᠵᠦ᠂ ᠭᠠᠯ ᠢ ᠰᠡᠷᠭᠡᠶᠢᠯᠡᠬᠦ ᠭᠠᠵᠠᠷ ᠣᠷᠣᠨ | ᠳᠣᠲᠣᠷ᠎ᠠ ᠭᠠᠯ ᠢᠶᠠᠷ ᠨᠠᠭᠠᠳᠬᠤ ᠶᠢ ᠡᠷᠡᠰ ᠬᠤᠷᠢᠭᠯᠠᠵᠤ᠂ ᠬᠦᠨᠳᠦ ᠨᠤᠴᠢᠲᠠᠢ ᠶᠠᠪᠤᠳᠠᠯ ᠤᠷᠰᠢᠭ ᠡᠭᠦᠰᠬᠡᠪᠡᠯ | ᠬᠤᠯᠪᠤᠭᠳᠠᠯ ᠪᠦᠬᠦᠢ ᠬᠦᠮᠦᠰ ᠤᠨ ᠡᠬᠦᠷᠭᠡ ᠬᠠᠷᠢᠭᠤᠴᠠᠯᠭ᠎ᠠ ᠶᠢ ᠬᠠᠥᠯᠢ ᠶᠣᠰᠣᠭᠠᠷ ᠨᠡᠬᠡᠮᠵᠢᠯᠡᠨ᠎ᠡ᠃ | ᠲᠠᠪᠤ᠂ ᠴᠡᠭᠡᠷ ᠬᠤᠷᠢᠭ᠎ᠠ ᠲᠠᠢ ᠬᠤᠭᠤᠴᠠᠭᠠᠨ ᠳᠤ ᠣᠶᠢᠲᠤ ᠣᠷᠣᠨ᠂ ᠲᠠᠯ᠎ᠠ ᠭᠠᠵᠠᠠᠷ ᠤᠨ ᠠᠮᠢ ᠠᠬᠤᠢ ᠶᠢᠨ | ᠲᠦᠷᠦᠯ ᠵᠦᠢᠯ ᠤᠨ ᠣᠷᠣᠨ ᠳᠣᠲᠣᠷ᠎ᠠ ᠮᠠᠶᠢᠬᠠᠨ ᠰᠠᠷᠠᠪᠴᠢ ᠪᠠᠷᠢᠬᠤ ᠶᠢ ᠡᠷᠡᠰ ᠬᠤᠷᠢᠭᠯᠠᠵᠤ᠂ ᠦᠢᠯᠡᠳᠪᠦᠷᠢ | ᠠᠭᠤᠷᠬᠠᠢ ᠠᠵᠢᠯ ᠢᠶᠠᠨ ᠵᠤᠭᠰᠣᠭᠠᠨ᠎ᠠ᠃ ᠴᠠᠬᠢᠯᠭᠠᠨ ᠤᠲᠠᠰᠤ ᠲᠠᠲᠠᠬᠤ᠂ ᠬᠡᠷᠡᠭᠯᠡᠵᠦ ᠪᠠᠶᠢᠭ᠎ᠠ ᠴᠠᠬᠢᠯᠭᠠᠨ | ᠬᠦᠴᠦᠳᠡᠯ ᠤᠨ ᠬᠤᠪᠢᠰᠬᠤᠷ ᠤᠨ ᠮᠠᠰᠢᠨ ᠵᠡᠷᠬᠡ ᠶᠢ ᠭᠡᠷᠡᠭᠯᠡᠵᠦ ᠪᠠᠶᠢᠭ᠎ᠠ ᠬᠦᠮᠦᠨ ᠪᠠ ᠡᠷᠬᠡ ᠮᠡᠳᠡᠵᠦ ᠪᠠᠶᠢᠭ᠎ᠠ | ᠬᠦᠮᠦᠨ ᠵᠠᠪᠠᠯ ᠨᠠᠷᠢᠨ ᠬᠢᠨᠠᠮᠠᠭᠠᠢ ᠲᠤᠤᠱᠲᠠᠢ ᠪᠠᠶᠢᠴᠠᠭᠠᠵᠤ᠂ ᠵᠠᠰᠠᠨ ᠰᠡᠯᠪᠢᠵᠦ᠂ ᠭᠠᠯ ᠭᠠᠷᠬᠤ᠂ ᠭᠠᠯ ᠠᠯᠳᠠᠬᠤ᠂ | ᠭᠠᠯ ᠤᠨ ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠵᠦ᠂ ᠭᠠᠯ ᠤᠨ ᠠᠶᠤᠯ ᠭᠠᠷᠭᠠᠵᠤ ᠮᠡᠳᠡᠬᠦ᠂ ᠳᠠᠯᠳᠠ ᠭᠡᠮ ᠲᠠᠢ | ᠵᠦᠢᠯ ᠢ ᠴᠠᠭ ᠲᠣᠬᠠᠢ ᠳᠤᠨᠢ ᠰᠤᠯᠢᠨ ᠵᠠᠰᠠᠨ᠎ᠠ᠃ ᠣᠨᠴᠠᠭᠠᠶᠢᠯᠠᠨ ᠬᠠᠪᠤᠷ ᠤᠨ ᠤᠯᠠᠷᠢᠯ ᠤᠨ ᠲᠠᠷᠢᠶᠠᠯᠠᠩ ᠤᠨ | ᠦᠯᠡᠳᠡᠭᠳᠡᠯ ᠢᠶᠠᠨ ᠰᠢᠲᠠᠭᠠᠬᠤ ᠳᠠᠭᠠᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠠᠯ ᠢ | ᠰᠡᠷᠭᠡᠶᠢᠯᠡᠬᠦ ᠰᠠᠯᠠᠭ᠎ᠠ ᠮᠦᠴᠢᠷ ᠤᠨ ᠭᠠᠯ ᠢ ᠰᠡᠷᠭᠡᠶᠢᠯᠡᠬᠦ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠ᠃ | ᠵᠢᠷᠭᠤᠭ᠎ᠠ ᠂ ᠭᠠᠯ ᠢ ᠰᠡᠷᠭᠡᠶᠢᠯᠡᠬᠦ ᠴᠡᠭᠡᠷ ᠬᠤᠷᠢᠭᠠᠲᠤ ᠬᠤᠭᠤᠴᠠᠭᠠᠨ ᠳᠤ᠂ ᠷᠠᠳᠢᠣ᠋ ᠨᠡᠪᠲᠡᠷᠡᠭᠦᠯᠭᠡ ᠶᠢᠨ | ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡ ᠵᠠᠭᠤᠴᠢᠯᠠᠭᠤᠷ ᠨᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ | ᠬᠦᠴᠦᠨ ᠢᠶᠠᠨ ᠶᠡᠬᠡᠰᠬᠡᠨ᠂ ᠣᠢ ᠰᠢᠭᠤᠢ᠂ ᠲᠠᠯ᠎ᠠ ᠭᠠᠵᠠᠷ ᠤᠨ ᠭᠠᠯ ᠢ ᠰᠡᠷᠭᠡᠶᠢᠯᠡᠬᠦ ᠣᠯᠠᠨ ᠳᠤ ᠠᠰᠢᠭᠲᠠᠢ ᠵᠠᠷ | ᠮᠡᠳᠡᠭᠡ ᠪᠠᠨ ᠨᠡᠮᠡᠭᠳᠡᠭᠦᠯᠵᠦ᠂ ᠪᠦᠬᠦ ᠠᠷᠠᠳ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ | ᠳᠡᠭᠡᠭᠰᠢᠯᠡᠭᠦᠯᠦᠨ᠎ᠡ᠃ | ᠳᠣᠯᠤᠭ᠎ᠠ᠂ ᠳᠡᠭᠡᠷ᠎ᠡ ᠳᠤᠷᠠᠳᠤᠭᠰᠠ ᠴᠡᠭᠡᠷ ᠬᠤᠷᠢᠭ᠎ᠠ ᠶᠢ ᠵᠦᠷᠢᠴᠡᠭᠰᠡᠳ ᠢ ︽ᠪᠦᠭᠦᠳᠡ ᠨᠠᠶᠢᠷᠠᠮᠳᠤᠬᠤ | ᠳᠤᠮᠳᠠᠲᠤ ᠠᠷᠠᠳ ᠣᠯᠣᠰ ᠤᠨ ᠠᠮᠤᠷ ᠢ ᠬᠠᠮᠠᠭᠠᠯᠠᠬᠤ ᠲᠤᠷᠠᠭᠠᠬᠤ ᠬᠠᠥᠯᠢ︾᠂ ︽ᠣᠢ ᠰᠢᠭᠤᠢ ᠶᠢᠨ ᠭᠠᠯ ᠢ | ᠰᠡᠷᠭᠡᠶᠢᠯᠡᠬᠦ ᠳᠥᠷᠢᠮ ᠲᠣᠭᠲᠠᠭᠠᠯ︾᠂ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ | ᠲᠠᠯ᠎ᠠ ᠭᠠᠵᠠᠷ ᠤᠨ ᠭᠠᠯ ᠢ ᠰᠡᠷᠭᠡᠶᠢᠯᠡᠬᠦ ᠳᠦᠷᠢᠮ ᠲᠣᠭᠲᠠᠭᠠᠯ︾ ᠵᠡᠷᠭᠡ ᠬᠠᠥᠯᠢ ᠲᠥᠷᠢᠮ ᠤᠨ ᠲᠤᠭᠲᠠᠭᠠᠯ ᠶᠤᠰᠤᠭᠠᠷ | ᠣᠢ ᠰᠢᠭᠤᠢ ᠶᠢᠨ ᠲᠣᠲᠤᠭᠠᠲᠣ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠥᠯᠢ ᠶᠤᠰᠤᠭᠠᠷ ᠪᠠᠶᠢᠴᠠᠭᠠᠨ ᠰᠢᠢᠳᠬᠡᠵᠦ᠂ | ᠶᠠᠯ᠎ᠠ ᠲᠤᠯᠭᠠᠬᠤ ᠬᠡᠮᠵᠢᠶᠡᠨ ᠳᠤ ᠬᠦᠷᠦᠭᠰᠡᠨ ᠢ ᠬᠠᠥᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠵᠦ᠂ | ᠡᠷᠡᠬᠦᠦ ᠶᠢᠨ ᠬᠡᠷᠡᠭ ᠤᠨ ᠡᠬᠦᠷᠭᠡ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ | 2018 ᠣᠨ ᠤ 3 ᠰᠠᠷ᠎ᠠ ᠶᠢᠨ 15 ᠤ ᠡᠳᠥᠷ |