2018 ᠣᠨ ᠤ ᠰᠢᠩ ᠾᠧ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2018-07-12
ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠢᠴᠢᠭ ᠮᠠᠲ᠋ᠧᠷᠢᠶᠠᠯ ︵ᠠᠷᠪᠠ︶                      ᠵᠠᠰᠠᠭ ᠤᠨ ᠣᠷᠳᠣᠨ ᠤ ᠠᠵᠢᠯ ᠤᠨ ᠢᠯᠡᠳᠬᠡᠯ                                                                                               ᠊᠊᠊᠊᠊᠊᠊᠊᠊᠊᠊᠊᠊᠊᠊᠊  2018 ᠣᠨ ᠤ 1 ᠰᠠᠷ᠎ᠠ ᠶᠢᠨ 31 ᠤ ᠡᠳᠦᠷ ᠰᠢᠩ ᠾᠧ ᠰᠢᠶᠠᠨ ᠤ  ᠠᠷᠪᠠᠨ‌‍ᠲ᠋ᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ  ᠤᠨ  ᠬᠤᠶᠠᠳᠣᠭᠠᠷ  ᠤᠳᠠᠭᠠᠨ ᠤ  ᠬᠤᠷᠠᠯᠳᠤᠭᠠᠨ  ᠳᠡᠭᠡᠷ᠎ᠡ                                                                                                                                                                                           ᠰᠢᠶᠠᠨ ᠤ ᠳᠠᠷᠤᠭ᠎ᠠ ᠯᠢ ᠵᠢᠶᠠᠨ ᠵᠢᠶᠦ᠋ᠨᠲᠦᠯᠦᠭᠡᠯᠡᠭᠴᠢᠳ ᠡ᠄      ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠡ᠃ ᠬᠢᠨᠠᠨ ᠵᠦᠪᠯᠡᠬᠦ ᠪᠣᠯᠪᠠᠣ᠂ ᠰᠢᠶᠠᠨ ᠤ ᠣᠯᠣᠰ ᠲᠦᠷᠤ ᠶᠢᠨ ᠵᠦᠪᠯᠡᠯᠭᠡᠨ ᠤ ᠭᠡᠰᠢᠬᠦᠳ ᠰᠠᠨᠠᠯ ᠢᠶᠠᠨ ᠳᠤᠷᠠᠳᠬᠤ ᠪᠣᠯᠪᠠᠣ᠃      ᠨᠢᠭᠡ᠂ 2017 ᠣᠨ ᠤ ᠠᠵᠢᠯ ᠤᠨ ᠡᠷᠭᠢᠴᠡᠬᠦᠯᠦᠯ      ᠦᠩᠭᠡᠷᠡᠭᠰᠡᠨ ᠨᠢᠭᠡ ᠵᠢᠯ ᠳᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠥ ᠶᠢᠨ ᠵᠦᠪᠯᠡᠯᠭᠡᠨ ᠤ ᠬᠢᠨᠠᠯᠲᠠ ᠪᠠ ᠵᠣᠷᠢᠭᠵᠢᠭᠤᠯᠣᠯ ᠳᠣᠣᠷ᠎ᠠ᠂ ᠰᠢᠶᠠᠨ ᠤ ᠵᠠᠰᠠᠭ ᠤᠨ ᠣᠷᠳᠣᠨ ᠪᠦᠬᠦ ᠰᠢᠶᠠᠨ ᠤ ᠡᠯ᠎ᠡ ᠦᠨᠳᠦᠰᠦᠲᠡᠨ ᠤ ᠠᠷᠠᠳ ᠲᠦᠮᠡᠨ ᠳᠤ ᠲᠦᠰᠢᠭᠯᠡᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠣ ᠤᠯᠤᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠨ᠂ ᠳᠡᠭᠡᠲᠦ ᠱᠠᠲᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶᠠᠨ ᠤ ᠡᠯ᠎ᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠣᠯᠲᠠ ᠶᠢ ᠪᠦᠬᠦ ᠲᠠᠯ᠎ᠠ ᠪᠠᠷ ᠲᠤᠤᠰᠯᠠᠭᠤᠯᠤᠨ ᠨᠠᠶᠢᠳᠠᠪᠤᠷᠢᠵᠢᠭᠤᠯᠵᠦ᠂ ᠤᠷᠤᠭᠰᠢᠯᠠᠯᠲᠠ ᠬᠦᠭᠵᠢᠯᠲᠡ ᠶᠢᠨ ᠳᠤᠮᠳᠠ ᠬᠦᠴᠢᠷ ᠪᠡᠷᠬᠡ ᠶᠢ ᠢᠯᠠᠨ ᠳᠠᠪᠠᠵᠤ᠂ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ᠂ ᠪᠦᠬᠦ ᠰᠢᠶᠠᠨ ᠤ ᠠᠵᠣ ᠠᠬᠤᠢ ᠲᠣᠭᠲᠠᠭᠤᠨ ᠢᠶᠠᠷ ᠤᠷᠤᠭᠰᠢᠯᠠᠨ ᠳᠠᠪᠰᠢᠵᠦ᠂ ᠨᠡᠶᠢᠭᠡᠮ ᠤᠨ ᠪᠠᠶᠢᠳᠠᠯ ᠡᠪ ᠵᠣᠬᠢᠴᠠᠩᠭᠤᠢ᠂ ᠲᠦᠰᠦᠪᠯᠡᠭᠰᠡᠨ ᠢᠶᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 59.9 ᠳ᠋ᠦᠩᠰᠢᠭᠤᠷ ᠲᠦᠭᠦᠷᠢᠭ ᠲᠤ ᠬᠦᠷᠴᠦ᠂ ᠣᠯᠠᠨ ᠨᠡᠶᠢᠲᠡ ᠶᠢᠨ ᠡᠩ ᠤᠨ ᠳᠦᠰᠦᠪ ᠤᠨ ᠣᠷᠣᠯᠭ᠎ᠠ 1.6 ᠳ᠋ᠦᠩᠰᠢᠭᠤᠷ ᠲᠦᠭᠦᠷᠢᠭ ᠲᠤ ᠬᠦᠷᠴᠦ᠂ ᠲᠣᠭᠲᠠᠮᠠᠯ ᠬᠦᠷᠦᠩᠭᠡ ᠶᠢᠨ ᠪᠡᠯᠡ ᠣᠷᠣᠯᠠᠭᠤᠯᠣᠯᠲᠠ 20.8 ᠳ᠋ᠦᠩᠰᠢᠭᠤᠷ ᠲᠦᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠦᠷᠲᠡᠭ 33 ᠳ᠋ᠦᠩᠰᠢᠭᠤᠷ ᠲᠦᠭᠦᠷᠢᠭ ᠲᠤ ᠬᠦᠷᠴᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠲᠣᠰᠪᠦᠷᠢ 25475 ᠲᠦᠭᠦᠷᠢᠭ ᠪᠣᠯᠣᠨ 8892 ᠲᠦᠭᠦᠷᠢᠭ ᠬᠦᠷᠴᠠᠢ᠃      ______ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠶᠢᠨ ᠴᠢᠨᠠᠷ ᠰᠠᠶᠢᠵᠢᠷᠠᠵᠣ᠂ ᠦᠷ᠎ᠡ ᠪᠦᠲᠦᠮᠵᠢ ᠳᠡᠭᠡᠭᠰᠢᠯᠡᠪᠡ᠃ ᠲᠦᠮᠦᠰᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠨᠣᠬᠠᠢ ᠶᠢᠨ ᠬᠤᠰᠢᠭᠤ᠂ ᠬᠤᠯᠢᠮᠠᠭ ᠠᠮᠤ ᠬᠤᠯᠢᠮᠠᠭ ᠪᠣᠷᠴᠠᠭ ᠲᠠᠷᠢᠬᠤ᠂ ᠦᠬᠡᠷ᠂ ᠬᠤᠨᠢ᠂ ᠭᠠᠭ᠋ᠠᠢ᠂ ᠮᠢᠬᠠᠨ ᠤ ᠲᠠᠬᠢᠶ᠎ᠠ ᠲᠡᠵᠢᠭᠡᠬᠦ ᠦᠢᠯᠡᠰ ᠢ ᠶᠡᠬᠡᠪᠡᠷ ᠬᠦᠭᠵᠢᠭᠦᠯᠦᠨ᠂ ᠲᠦᠮᠦᠰᠦ᠂ ᠢᠳᠡᠰᠢᠨ ᠨᠣᠭᠤᠭ᠎ᠠ᠂ ᠨᠣᠬᠠᠢ ᠶᠢᠨ ᠬᠤᠰᠢᠭᠤ᠂ ᠬᠤᠯᠢᠮᠠᠭ ᠠᠮᠤ᠂ ᠬᠤᠯᠢᠮᠠᠭ ᠪᠣᠷᠴᠠᠭ ᠤᠨ ᠲᠠᠷᠢᠮᠠᠯ ᠤᠨ ᠲᠠᠯᠠᠪᠠᠢ ᠨᠢ ᠲᠣᠭᠲᠠᠭᠤᠨ ᠢᠶᠠᠷ 42.5 ᠲᠦᠮᠡᠨ ᠮᠦ᠂ 8 ᠲᠦᠮᠡᠨ ᠮᠦ ᠪᠣᠯᠣᠨ 10 ᠲᠦᠮᠡᠨ ᠮᠦ ᠬᠦᠷᠴᠦ᠂ ᠠᠮᠤ ᠪᠤᠳᠠᠭ᠎ᠠ᠂ ᠢᠳᠡᠰᠢᠨ ᠨᠣᠭᠤᠭ᠎ᠠ ᠶᠢᠨ ᠬᠤᠷᠢᠶᠠᠯᠲᠠ ᠨᠢ ᠲᠣᠰᠪᠦᠷᠢ 1.7 ᠳ᠋ᠥᠩᠰᠢᠭᠤᠷ ᠵᠢᠩ ᠪᠣᠯᠣᠨ 4.7 ᠳ᠋ᠥᠩᠰᠢᠭᠤᠷ ᠵᠢᠩ ᠳᠤ ᠬᠦᠷᠴᠠᠢ᠃ ᠲᠦᠬᠦᠭᠡᠷᠦᠮᠵᠢᠲᠦ ᠲᠠᠷᠢᠶᠠᠯᠠᠩ ᠤᠨ ᠲᠠᠷᠢᠮᠠᠯ ᠤᠨ ᠲᠠᠯᠠᠪᠠᠢ ᠨᠢ 36.1 ᠲᠦᠮᠡᠨ ᠮᠦ ᠬᠦᠷᠴᠦ᠂ ᠰᠢᠨ᠎ᠡ ᠪᠠᠷ ᠨᠡᠮᠡᠭᠳᠡᠭᠰᠡᠨ ᠡᠭᠡᠯᠵᠢ ᠶᠢᠨ ᠭᠠᠵᠠᠷ ᠤᠨ ᠲᠠᠯᠠᠪᠠᠢ ᠨᠢ 3 ᠲᠦᠮᠡᠨ ᠮᠦ᠂ ᠲᠠᠷᠢᠶᠠᠨ ᠮᠠᠰᠢᠨ ᠤ ᠶᠡᠷᠦᠩᠭᠡᠢ ᠬᠦᠳᠡᠯᠭᠡᠬᠦ ᠬᠦᠴᠦᠨ ᠨᠢ 21 ᠲᠦᠮᠡᠨ ᠺᠢᠯᠦᠸᠠᠲ ᠳᠤ ᠬᠦᠷᠴᠠᠢ᠃ ᠬᠡᠪᠰᠢᠭᠰᠡᠨ ᠲᠡᠵᠢᠭᠡᠨ ᠦᠷᠡᠵᠢᠭᠦᠯᠬᠦ ᠶᠢᠨ ᠦᠷ᠎ᠡ ᠠᠰᠢᠭ ᠨᠢ ᠨᠡᠩ ᠳᠣᠪᠤᠶᠢᠮ᠎ᠠ᠂ ᠵᠢᠯ ᠳᠤ 103.4 ᠲᠦᠮᠡᠨ ᠮᠠᠯ ᠢ ᠦᠰᠬᠡᠭᠡᠨ ᠪᠤᠶᠢᠵᠢᠭᠤᠯᠵᠠᠢ᠃ ᠴᠢᠨᠠᠷ ᠰᠠᠶᠢᠲᠠᠢ ᠪᠠᠶᠢᠭᠠᠯᠢᠯᠢᠭ ᠲᠠᠷᠢᠶᠠᠯᠠᠩ ᠮᠠᠯ ᠠᠵᠦ ᠠᠬᠤᠢ ᠶᠢᠨ ᠲᠠᠸᠠᠷ ᠤᠨ ᠨᠡᠷᠡᠲᠦ ᠲᠡᠮᠳᠡᠭ ᠢ ᠡᠬᠦᠳᠬᠦ ᠦᠷ᠎ᠡ ᠪᠦᠲᠦᠮᠵᠢ ᠢᠯᠡᠷᠬᠡᠢ᠂ ︽ᠭᠤᠷᠪᠠᠨ ᠲᠠᠸᠠᠷ ᠨᠢᠭᠡ ᠲᠡᠮᠳᠡᠭ︾ ᠤᠨ ᠭᠡᠷᠡᠴᠢᠯᠡᠯᠲᠡ ᠲᠠᠢ ᠠᠵᠣ ᠠᠬᠤᠶᠢᠯᠠᠯ ᠨᠡᠶᠢᠲᠡ 5 ᠪᠠᠶᠢᠵᠣ᠂  ᠪᠦᠲᠦᠭᠡᠭᠳᠡᠭᠦᠨ 18 ᠬᠦᠷᠴᠦ᠂ ᠭᠠᠷᠣᠯᠲᠠ ᠶᠢᠨ ᠭᠠᠵᠠᠷ ᠤᠨ ᠬᠡᠷᠡᠭᠯᠡᠭᠰᠡᠨ ᠲᠠᠯᠠᠪᠠᠢ 38.5 ᠲᠦᠮᠡᠨ ᠮᠦ ᠬᠦᠷᠴᠠᠢ᠃ ᠪᠡᠭᠡᠵᠢᠩ ᠤᠨ ᠯᠤ᠋ ᠱᠠᠨ ᠭᠦ᠋ ᠨᠣᠭᠤᠭᠠᠨ ᠰᠦᠶ᠎ᠡ ᠶᠢᠨ ᠲᠠᠷᠢᠮᠠᠯ᠂ ᠳ᠋ᠠ ᠪᠧᠢ ᠨᠥᠩ ᠪᠣᠯᠣᠨ ᠵᠧᠩ ᠳ᠋ᠠ ᠭᠠᠭ᠋ᠠᠢ ᠶᠢᠨ ᠮᠠᠯᠵᠢᠯ ᠵᠢᠴᠢ ᠲᠦᠷᠦᠯ ᠵᠦᠢᠯ ᠢ ᠨᠤᠳᠤᠭᠰᠢᠵᠤ ᠪᠠᠶᠢᠭᠤᠯᠬᠤ᠂ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠳᠪᠦᠷᠢᠵᠢᠬᠦ ᠠᠬᠢᠴᠠ ᠲᠠᠰᠦᠷᠠᠯᠳᠠ ᠦᠭᠡᠢ ᠲᠦᠷᠭᠡᠳᠴᠦ ᠪᠠᠶᠢᠨ᠎ᠠ᠃      ______ᠠᠵᠣ ᠦᠢᠯᠡᠳᠪᠦᠷᠢ ᠶᠢᠨ ᠠᠵᠣ ᠠᠬᠤᠢ ᠲᠣᠭᠲᠠᠭᠤᠨ ᠢᠶᠠᠷ ᠤᠷᠤᠭᠰᠢᠯᠠᠵᠣ ᠪᠠᠶᠢᠨ᠎ᠠ᠃ ᠪᠦᠬᠦ ᠰᠢᠶᠠᠨ ᠤ 24 ᠬᠦᠷᠢᠶ᠎ᠡ ᠬᠡᠪᠴᠢᠶᠡᠨ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ 38 ᠳ᠋ᠦᠩᠰᠢᠭᠤᠷ ᠲᠦᠭᠦᠷᠢᠭ ᠤᠨ ᠶᠡᠷᠥᠩᠬᠡᠢ ᠦᠷᠲᠡᠭ ᠢ ᠪᠡᠶᠡᠯᠡᠭᠦᠯᠪᠡ᠃ ᠷᠦᠢ ᠱᠧᠩ ᠪᠠᠯ ᠴᠢᠯᠠᠭᠤ ᠶᠢᠨ ᠭᠦᠨᠵᠡᠭᠡᠢ  ᠪᠣᠯᠪᠠᠰᠤᠷᠠᠭᠤᠯᠬᠤ ᠬᠤᠶᠠᠳᠣᠭᠠᠷ ᠬᠤᠭᠤᠴᠠᠭᠠᠨ ᠤ ᠲᠦᠷᠦᠯ ᠵᠦᠢᠯ 12 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠦᠮᠦᠨ ᠤ ᠬᠦᠴᠦᠨ ᠤ ᠪᠢᠯᠢᠭ ᠲᠦᠢᠯ ᠤᠨ ᠮᠠᠲ᠋ᠧᠷᠢᠶᠠᠯ ᠢ ᠡᠭᠦᠳᠴᠦ ᠠᠰᠢᠭᠯᠠᠯᠲᠠ ᠳᠤ ᠣᠷᠣᠭᠤᠯᠵᠣ᠂ ᠹᠦ᠋ ᠰᠢᠩ ᠨᠡᠭᠦᠷᠡᠰᠦᠳᠦᠷᠦᠭᠴᠢᠲᠦ᠂ ᠶᠢᠩ ᠰᠢᠶᠠᠩ ᠨᠡᠭᠦᠷᠡᠰᠦᠳᠦᠷᠦᠭᠴᠢᠲᠦ  ᠵᠡᠷᠭᠡ ᠲᠦᠷᠦᠯ ᠵᠦᠢᠯ ᠲᠣᠭᠲᠣᠭᠤᠨ ᠢᠶᠠᠷ ᠶᠠᠪᠣᠭᠳᠠᠵᠠᠢ᠃  ᠰᠢᠨ ᠲᠠᠢ᠂ ᠱᠠᠨ ᠾᠧ᠂ ᠯᠥᠩ ᠱᠧᠩ ᠵᠡᠷᠭᠡ ᠠᠵᠢᠯ ᠲᠦᠷᠦᠯ ᠤᠨ ᠠᠵᠣ ᠥᠢᠯᠡᠳᠪᠦᠷᠢ ᠶᠢᠨ ᠨᠢᠭᠡᠳᠬᠡᠯ ᠤᠨ ᠬᠦᠴᠦᠨ ᠨᠢ ᠦᠷᠬᠦᠯᠵᠢᠯᠡᠨ  ᠳᠡᠭᠡᠭᠰᠢᠯᠡᠵᠦ᠂ ᠠᠵᠣ ᠠᠬᠤᠶᠢᠯᠠᠯ ᠤᠨ ᠦᠷ᠎ᠡ ᠠᠰᠢᠭ ᠴᠦ ᠦᠷᠬᠦᠯᠵᠢᠯᠡᠨ ᠳᠡᠭᠡᠭᠰᠢᠯᠡᠵᠢ᠃ ᠵᠦᠩ ᠲᠠᠢ ᠰᠠᠯᠬᠢᠠ ᠬᠦᠴᠦᠨ ᠤ ᠴᠠᠬᠢᠯᠭᠠᠨ ᠤ ᠲᠤᠷᠰᠢᠯᠲᠠ ᠶᠢᠨ ᠰᠠᠯᠬᠢᠨ ᠮᠠᠰᠢᠨ ᠪᠣᠯᠣᠨ ᠭᠡᠷᠡᠯ ᠴᠠᠬᠢᠯᠭᠠᠨ ᠤ ᠶᠠᠳᠠᠭᠤ ᠶᠢ ᠳᠡᠳᠬᠦᠬᠦ ᠲᠦᠷᠦᠯ ᠵᠦᠢᠯ ᠲᠣᠬᠢᠲᠠᠢ ᠶᠠᠪᠣᠭᠳᠠᠵᠣ ᠪᠠᠶᠢᠨ᠎ᠠ᠃ ᠰᠢᠶᠠᠩ ᠵᠢᠩ  ᠣᠨᠴᠠᠯᠢᠭ ᠲᠠᠢ ᠭᠡᠷ ᠤᠨ  ᠡᠳᠡᠯᠡᠯ ᠤᠨ ᠰᠣᠶᠣᠯ ᠤᠨ ᠠᠵᠣ ᠦᠢᠯᠡᠰ ᠤᠨ ᠬᠦᠷᠢᠶᠡᠯᠡᠩ᠂ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠬᠡᠷᠡᠭᠦᠯᠵᠦ ᠨᠦᠬᠡᠴᠡᠯᠡᠬᠦ ᠲᠦᠷᠦᠯ ᠵᠦᠢᠯ ᠪᠦᠬᠦ ᠲᠠᠯ᠎ᠠ ᠪᠠᠷ ᠲᠠᠬᠢᠨ ᠠᠵᠢᠯ ᠢᠶᠠᠨ ᠡᠬᠢᠯᠡᠭᠦᠯᠪᠡ᠃ ᠠᠵᠣ ᠦᠢᠯᠡᠰ ᠤᠨ ᠬᠦᠷᠢᠶᠡᠯᠡᠩ  ᠲᠣᠭᠤᠷᠢᠭ ᠤᠨ ᠰᠠᠭᠤᠷᠢ ᠲᠦᠬᠦᠭᠡᠷᠦᠮᠵᠢ ᠲᠡᠭᠦᠯᠳᠡᠷᠵᠢᠬᠦ ᠬᠠᠨᠳᠣᠰᠢ ᠲᠠᠢ᠂  ︽ᠡᠭᠦᠷ ᠪᠠᠷᠢᠵᠣ ᠲᠣᠭᠤᠰᠣ ᠶᠢ ᠲᠠᠲᠠᠬᠤ︾ ᠨᠦᠯᠦᠭᠡ ᠠᠩᠬ᠎ᠠ ᠢᠯᠡᠷᠡᠵᠣ᠂ ᠳᠣᠮᠳᠠ ᠪᠠᠭ᠎ᠠ ᠠᠵᠣ ᠠᠬᠤᠶᠢᠯᠠᠯ ᠤᠨ ᠨᠡᠶᠢᠲᠡ ᠳᠤ ᠦᠢᠯᠡᠴᠢᠯᠡᠬᠦ ᠲᠠᠪᠴᠢᠩ ᠤᠨ ᠠᠰᠢᠭᠯᠠᠯᠲᠠ ᠨᠡᠯᠢᠶᠡᠳ ᠰᠠᠶᠢᠨ᠃      ______ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠬᠦᠯᠵᠢᠯᠡᠨ ᠰᠠᠶᠢᠵᠢᠷᠠᠵᠣ ᠪᠠᠶᠢᠨ᠎ᠠ᠃ ᠣᠯᠠᠭᠠᠨᠴᠠᠪ ᠶᠡᠷᠥᠩᠬᠡᠢ ᠡᠳ᠋ ᠪᠠᠷᠠᠭᠠᠠ  ᠤ ᠭᠦᠢᠯᠭᠡᠭᠡᠨ ᠤ ᠠᠵᠣ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠣᠯᠲᠠ ᠶᠢ ᠢᠳᠡᠪᠬᠢᠲᠠᠢ ᠳᠡᠮᠵᠢᠵᠣ᠂ ︽ᠭᠤᠷᠪᠠᠨ ᠱᠣᠭᠤᠮ ᠨᠢᠭᠡ  ᠦᠷᠲᠡᠭᠡ︾ ᠲᠡᠮᠦᠷ ᠵᠠᠮ ᠤᠨ ᠲᠦᠷᠦᠯ ᠵᠦᠢᠯ ᠪᠠᠶᠢᠭᠤᠯᠣᠭᠳᠠᠠ ᠠᠰᠢᠭᠯᠠᠯᠲᠠ ᠳᠤ ᠣᠷᠣᠪᠠ᠃ 32 ᠬᠦᠷᠢᠶᠡᠯᠡᠩ ᠳᠤ ᠣᠷᠣᠭᠰᠠᠨ ᠠᠵᠣ ᠠᠬᠤᠶᠢᠯᠠᠯ ᠨᠡᠶᠢᠲᠡ 2070 ᠲᠦᠮᠡᠨ ᠲᠣᠨ ᠨᠡᠭᠦᠷᠡᠰᠦ ᠲᠡᠭᠡᠪᠦᠷᠢᠯᠡᠨ ᠪᠣᠷᠣᠯᠠᠭᠤᠯᠵᠣ᠂ ᠭᠠᠶᠢᠯᠢ ᠲᠠᠲᠠᠪᠣᠷᠢ 8000 ᠲᠦᠮᠡᠨ ᠲᠦᠭᠦᠷᠢᠭ ᠲᠤ ᠬᠦᠷᠴᠠᠢ᠃ ᠡᠯᠧᠺᠲᠷᠣᠨ ᠬᠤᠳᠠᠯᠳᠣᠭᠠᠨ ᠤ ᠨᠡᠶᠢᠲᠡ ᠶᠢᠨ ᠦᠢᠯᠡᠴᠢᠯᠡᠭᠡᠨ ᠤ ᠲᠥᠪ ᠤᠨ ᠦᠢᠯᠡᠳᠦᠯ ᠨᠢ ᠳᠣᠪᠣᠶᠢᠮ᠎ᠠ ᠪᠠᠶᠢᠵᠣ᠂ ᠪᠦᠬᠦ ᠵᠢᠯ ᠤᠨ ᠪᠣᠷᠣᠯᠠᠭᠤᠯᠣᠯᠲᠠ ᠶᠢᠨ  ᠨᠣᠷᠮ᠎ᠠ ᠨᠢ 1800 ᠭᠠᠷᠣᠢ ᠲᠦᠮᠡᠨ ᠲᠦᠭᠦᠷᠢᠭ ᠬᠦᠷᠴᠠᠢ᠃ ᠪᠥᠸᠧ ᠶᠤᠸᠠᠨ ᠲᠣᠭᠤᠴᠢᠯᠠᠭᠰᠠᠨ ᠨᠡᠭᠦᠷᠡᠰᠦ ᠲᠣᠬᠢᠷᠠᠭᠤᠯᠬᠤ ᠲᠦᠷᠦᠯ ᠵᠦᠢᠯ ᠪᠠᠶᠢᠭᠤᠯᠣᠭᠳᠠᠨ ᠠᠰᠢᠭᠯᠠᠯᠲᠠ ᠳᠤ ᠣᠷᠣᠪᠠ᠃ ᠴᠠᠷ ᠨᠠᠭᠤᠷ᠂ ᠰᠣᠮᠣᠨ ᠠᠭᠤᠯᠠ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠶᠡᠷᠦᠩᠬᠡᠢ ᠬᠦᠯᠢᠶᠡᠨ ᠠᠪᠬᠤ ᠴᠢᠳᠠᠪᠣᠷᠢ ᠮᠡᠳᠡᠭᠳᠡᠮ᠎ᠡ ᠳᠡᠭᠡᠭᠰᠢᠯᠡᠵᠦ᠂ ᠵᠢᠯ ᠳᠤ52 ᠲᠦᠮᠡᠨ ᠵᠣᠭᠠᠴᠠᠭᠰᠠᠳ ᠢ ᠬᠦᠯᠢᠶᠡᠨ ᠠᠪᠴᠤ᠂ 3200 ᠲᠦᠮᠡᠨ ᠲᠦᠭᠦᠷᠢᠭ ᠤᠨ ᠵᠣᠭᠠᠴᠠᠯ ᠤᠨ ᠣᠷᠣᠯᠭ᠎ᠠ ᠶᠢ ᠪᠡᠶᠡᠯᠡᠭᠦᠯᠵᠠᠢ᠃ ᠠᠷᠪᠠᠨ ᠪᠠᠩᠬᠢ ᠶᠢᠨ ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠦᠢᠯᠡᠴᠢᠯᠡᠭᠡᠨ ᠤ ᠠᠵᠣ ᠠᠬᠤᠢ ᠶᠢᠨ ᠬᠦᠭᠵᠢᠯᠲᠡ ᠶᠢᠨ ᠴᠢᠳᠠᠪᠣᠷᠢ ᠲᠠᠰᠣᠷᠠᠯᠲᠠ ᠦᠭᠡᠢ ᠳᠡᠭᠡᠭᠰᠢᠯᠡᠵᠡᠢ᠃      ______ᠬᠤᠲᠠ ᠬᠦᠳᠡᠭᠡ ᠰᠢᠨ᠎ᠡ ᠳᠦᠷᠢ ᠪᠠᠶᠢᠳᠠᠯ ᠲᠠᠢ ᠪᠣᠯᠵᠠᠢ᠃ ᠬᠤᠲᠠ ᠪᠠᠯᠭᠠᠰᠣᠨ ᠤ ᠲᠦᠯᠦᠪᠯᠡᠭᠡ ᠤᠯᠠᠮ ᠲᠡᠭᠦᠯᠳᠡᠷᠵᠢᠵᠣ᠂ ᠳᠤᠯᠠᠭᠠᠯᠠᠬᠤ᠂ ᠤᠰᠤ  ᠬᠠᠩᠭᠠᠵᠣ ᠭᠠᠳᠠᠭᠰᠢᠯᠠᠭᠤᠯᠬᠤ᠂ ᠨᠣᠭᠤᠭᠠᠨ ᠭᠠᠵᠠᠷ ᠤᠨ ᠰᠢᠰᠲ᠋ᠧᠮ᠂ ᠬᠤᠲᠠ ᠶᠢᠨ ᠲᠣᠭᠤᠷᠢᠭ ᠤᠨ ᠭᠠᠷᠴᠣ ᠣᠷᠣᠬᠤ ᠡᠭᠦᠳᠡ ᠶᠢᠨ ᠲᠣᠰᠬᠠᠢ ᠲᠦᠯᠦᠪᠯᠡᠭᠡ ᠵᠢᠴᠢ ᠦᠨᠳᠦᠷ ᠬᠤᠷᠳᠣᠴᠠᠲᠣ ᠭᠠᠯᠲᠤ ᠲᠡᠷᠭᠡᠨ ᠦᠷᠲᠡᠭᠡᠨ ᠲᠣᠭᠤᠷᠢᠭ ᠠᠴᠠ ᠡᠮᠦᠨᠡᠰᠢ ᠱᠢ ᠶᠢ ᠳ᠋ᠠ ᠳ᠋ᠣᠣ ᠵᠠᠮ ᠠᠴᠠ ᠣᠮᠠᠷᠠᠰᠢ ᠡᠵᠡᠮᠰᠢᠬᠦ ᠴᠢᠨᠠᠷᠲᠠᠢ ᠨᠠᠷᠢᠨ ᠳᠦᠷᠢᠮ ᠵᠡᠷᠭᠡ ᠶᠢ ᠨᠠᠶᠢᠷᠠᠭᠤᠯᠣᠨ ᠪᠡᠶᠡᠯᠡᠭᠦᠯᠵᠠᠢ᠃  ︽ᠲᠠᠪᠣᠨ ᠬᠤᠲᠠ ᠶᠢ ᠬᠠᠮᠲᠣ  ᠳᠤᠨᠢ ᠴᠣᠭᠴᠠᠯᠠᠬᠤ︾ ᠠᠵᠢᠯ ᠢ ᠲᠦᠯᠬᠢᠨ  ᠠᠬᠢᠭᠤᠯᠵᠣ᠂ ᠬᠤᠲᠠ ᠪᠠᠯᠭᠠᠰᠤ ᠶᠢᠨ ᠣᠷᠣᠰᠢᠨ ᠠᠮᠢᠳᠣᠷᠠᠬᠤ ᠳᠤ ᠲᠠᠭᠠᠯᠠᠮᠵᠢᠲᠠᠢ᠂  ᠥᠢᠯᠡᠰ ᠴᠣᠭᠴᠠᠯᠠᠬᠤ ᠳᠤ  ᠲᠥᠬᠢᠷᠠᠮᠵᠢᠲᠠᠢ ᠬᠢᠷᠢ  ᠲᠥᠪᠰᠢᠨ ᠶᠡᠬᠡᠪᠡᠷ  ᠳᠡᠭᠡᠭᠰᠢᠯᠡᠵᠡᠢ᠃ ᠬᠤᠲᠠ ᠶᠢᠨ ᠵᠠᠰᠠᠭ ᠤᠨ ᠨᠡᠶᠢᠲᠡ ᠶᠢᠨ ᠥᠢᠯᠡᠴᠢᠯᠡᠭᠡᠨ ᠤ ᠴᠢᠳᠠᠪᠬᠢ ᠮᠡᠳᠡᠭᠳᠡᠮ᠎ᠡ ᠳᠡᠭᠡᠭᠰᠢᠯᠡᠵᠦ᠂ 9.3  ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠵᠦ᠂ ᠰᠣᠮᠣᠨ  ᠭᠠᠯᠲᠣ ᠲᠡᠷᠭᠡᠨ ᠤ ᠦᠷᠲᠡᠭᠡᠨ ᠳᠣᠭᠤᠷᠢᠭ᠂ ᠠᠷᠠᠳ ᠤᠨ ᠴᠡᠴᠡᠷᠯᠢᠭ᠂ ᠤᠰᠤᠨ ᠤ ᠡᠬᠢ ᠰᠣᠷᠪᠣᠯᠵᠢ ᠶᠢᠨ ᠭᠠᠵᠠᠷ ᠵᠢᠴᠢ ᠬᠠᠮᠢᠶᠠᠷᠣᠯᠲᠠ ᠶᠢᠨ ᠰᠦᠯᠵᠢᠶ᠎ᠡ ᠶᠢ ᠵᠠᠰᠠᠨ ᠰᠠᠶᠢᠵᠢᠷᠠᠭᠤᠯᠬᠤ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠬᠤᠲᠠ ᠶᠢᠨ ᠵᠠᠰᠠᠭ ᠤᠨ ᠨᠡᠶᠢᠲᠡ ᠶᠢᠨ ᠰᠠᠭᠤᠷᠢ ᠲᠦᠬᠦᠭᠡᠷᠦᠮᠵᠢ  ᠤᠨ ᠪᠦᠲᠦᠭᠡᠨ ᠪᠠᠶᠢᠭᠤᠯᠬᠤ ᠲᠦᠷᠦᠯ ᠵᠦᠢᠯ ᠢ ᠶᠠᠪᠣᠭᠳᠠᠭᠤᠯᠵᠣ᠂ ᠬᠤᠲᠠ ᠪᠠᠯᠭᠠᠰᠣᠵᠢᠯᠲᠠ ᠶᠢᠨ ᠨᠣᠷᠮ᠎ᠠ  48.5% ᠳᠤ ᠬᠦᠷᠴᠠᠢ᠃ ᠬᠤᠸᠠᠩ ᠬᠤᠸᠠ ᠯᠢᠶᠠᠩ ᠠᠮᠢ ᠠᠬᠤᠢ ᠶᠢᠨ ᠴᠡᠴᠡᠷᠯᠢᠭ ᠢ ᠵᠠᠰᠠᠨ ᠦᠷᠭᠡᠳᠬᠡᠨ ᠪᠠᠶᠢᠭᠤᠯᠵᠦ᠂ ᠵᠠᠭᠡᠯᠢ ᠭᠤᠳᠣᠮᠵᠢ ᠶᠢᠨ ᠨᠣᠭᠤᠭᠠᠷᠠᠭᠤᠯᠣᠯᠲᠠ ᠶᠢᠨ  ᠢᠨᠵᠧᠨᠧᠷᠢᠩ ᠮᠡᠳᠡᠭᠳᠡᠮ᠎ᠡ ᠦᠷ᠎ᠡ ᠪᠦᠲᠦᠮᠵᠢ ᠲᠠᠢ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠣᠯᠲᠠ ᠶᠢᠨ ᠨᠣᠷᠮ᠎ᠠ36.4%  ᠲᠤ ᠬᠦᠷᠴᠠᠢ᠃ ᠪᠧᠢ ᠭᠤᠸᠠᠨ᠂ ᠬᠤᠣ ᠴᠢᠶᠠᠨ᠂ ᠹᠦ᠋ ᠷᠦᠢ ᠵᠠᠭᠡᠯᠢ ᠵᠡᠷᠭᠡ ᠪᠥᠷᠬᠡ ᠭᠡᠷ ᠤᠨ ᠲᠣᠭᠤᠷᠢᠭ ᠤᠨ ᠦᠭᠡᠷᠡᠴᠢᠯᠡᠯᠲᠡ ᠶᠢᠨ ᠢᠨᠵᠧᠨᠧᠷᠢᠩ ᠶᠢ ᠲᠦᠯᠬᠢᠨ ᠠᠬᠢᠭᠤᠯᠵᠤ᠂ 3638 ᠦᠷᠦᠬᠡ ᠶᠢ ᠦᠭᠡᠷᠡᠴᠢᠯᠡᠵᠠᠢ᠃ ᠦᠵᠡᠰᠭᠦᠯᠡᠩᠲᠦ ᠭᠤᠶᠣ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠲᠠ  ᠲᠠᠰᠣᠷᠣᠯᠲᠠ ᠦᠭᠡᠢ ᠭᠦᠨᠵᠡᠭᠡᠶᠢᠷᠡᠵᠦ᠂ ᠳ᠋ᠢᠶᠠᠨ ᠽᠢ ᠪᠠᠯᠭᠠᠰᠣ᠂ ᠵᠠᠩ  ᠭᠤᠣ ᠪᠠᠯᠭᠠᠰᠣ ᠵᠡᠷᠭᠡ ᠭᠠᠵᠠᠷ ᠣᠷᠣᠨ ᠤ ᠣᠨᠴᠠᠯᠢᠭ ᠲᠠᠢ ᠲᠦᠪᠯᠡᠷᠡᠭᠰᠡᠨ ᠪᠠᠯᠭᠠᠰᠣᠨ ᠤ ᠪᠦᠲᠦᠭᠡᠨ ᠪᠠᠶᠢᠭᠤᠯᠣᠯᠲᠠ ᠲᠦᠷᠦᠭᠦᠦ ᠠᠯᠬᠤᠮ ᠤᠨ ᠠᠮᠵᠢᠯᠲᠠ ᠣᠯᠵᠣ᠂ ᠲᠠᠷᠢᠶᠠᠯᠠᠬᠤ ᠣᠷᠣᠨ ᠤ ᠠᠶᠣᠯ ᠲᠠᠢ ᠭᠡᠷ ᠪᠠᠶᠢᠰᠢᠩ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠣ᠂ ᠪᠦᠬᠦ ᠵᠢᠯ ᠳᠤ2960 ᠦᠷᠦᠬᠡ ᠶᠢ ᠦᠭᠡᠷᠡᠴᠢᠯᠡᠵᠠᠢ᠃      ______ᠰᠠᠭᠤᠷᠢ ᠲᠦᠬᠦᠭᠡᠷᠦᠮᠵᠢ ᠶᠢ ᠲᠠᠰᠣᠷᠠᠯᠲᠠ ᠦᠭᠡᠢ ᠲᠡᠭᠦᠯᠳᠡᠷᠵᠢᠭᠦᠯᠵᠠᠢ᠃ ᠣᠯᠣᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠵᠢᠴᠢ ᠦᠢᠯᠡᠳᠪᠦᠷᠢ ᠠᠭᠤᠷᠬᠠᠢ᠂ ᠣᠷᠣᠨ ᠲᠣᠭᠤᠷᠢᠭ᠂ ᠬᠤᠲᠠ ᠪᠠᠯᠭᠠᠰᠣ᠂ ᠲᠣᠰᠬᠤᠨ᠂ ᠵᠠᠮ ᠤᠨ  ᠨᠣᠭᠤᠭᠠᠷᠠᠵᠢᠭᠤᠯᠣᠯᠲᠠ ᠵᠡᠷᠭᠡ 5.6 ᠲᠦᠮᠡᠨ ᠮᠦ ᠳᠤ ᠬᠦᠷᠴᠦ᠂ ᠣᠢ ᠰᠢᠭᠤᠢ ᠶᠢᠨ ᠪᠦᠷᠬᠦᠮᠵᠢ ᠶᠢᠨ ᠨᠣᠷᠮ᠎ᠠ ᠪᠣᠯᠣᠨ ᠡᠪᠡᠰᠦ ᠮᠣᠳᠣᠨ ᠤ ᠪᠦᠷᠬᠦᠮᠵᠢ ᠶᠢᠨ ᠬᠡᠮᠵᠢᠶ᠎ᠡ ᠲᠣᠰᠪᠦᠷᠢ 24.14% ᠪᠣᠯᠣᠨ 51% ᠬᠦᠷᠴᠠᠢ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠣ ᠂ ᠣᠷᠴᠢᠨ ᠲᠣᠭᠤᠷᠢᠨ ᠢ ᠪᠣᠬᠢᠷᠳᠠᠭᠤᠯᠬᠤ ᠦᠢᠯᠡ ᠠᠵᠢᠯᠯᠠᠭ᠎ᠠ ᠶᠢ ᠡᠷᠡᠰ  ᠴᠠᠭᠠᠵᠠᠯᠠᠵᠣ᠂ ᠠᠭᠤᠷᠬᠠᠢ ᠶᠢᠨ  ᠠᠭᠤᠯᠠᠨ ᠤ ᠵᠠᠰᠠᠨ  ᠰᠡᠷᠭᠦᠭᠡᠯᠲᠡ ᠶᠢ ᠲᠦᠯᠬᠢᠨ ᠠᠬᠢᠭᠤᠯᠵᠠᠢ᠃ ᠣᠰᠣᠨ ᠠᠰᠢᠭᠯᠠᠯᠲᠠ ᠶᠢᠨ ᠲᠦᠬᠦᠭᠡᠷᠦᠮᠵᠢ ᠲᠠᠰᠣᠷᠠᠯᠲᠠ ᠦᠭᠡᠢ ᠲᠡᠭᠦᠯᠳᠡᠷᠵᠢᠵᠣ᠂7779 ᠬᠦᠮᠦᠨ ᠤ ᠬᠦᠳᠡᠭᠡ ᠲᠣᠰᠬᠤᠨ ᠤ ᠣᠣᠭᠤᠬᠤ ᠤᠰᠤᠨ ᠤ  ᠠᠮᠤᠷ ᠲᠦᠭᠰᠢᠨ ᠢ ᠪᠠᠬᠢᠵᠢᠭᠦᠯᠦᠨ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠠᠢ᠃ ᠴᠠᠬᠢᠯᠭᠠᠨ ᠬᠦᠴᠦᠨ ᠤ ᠪᠠᠲᠤᠯᠤᠮᠵᠢ ᠮᠡᠳᠡᠭᠳᠡᠮ᠎ᠡ ᠳᠡᠭᠡᠭᠰᠢᠯᠡᠵᠦ᠂ ᠨᠢᠭᠡᠳᠦᠭᠡᠷ ᠡᠭᠡᠯᠵᠢ ᠶᠢᠨ ᠬᠦᠳᠡᠭᠡ ᠲᠤᠰᠬᠤᠨ ᠤ ᠰᠦᠯᠵᠢᠶ᠎ᠡ  ᠶᠢ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠭᠦᠯᠵᠠᠢ᠃ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ  ᠤᠯᠠᠮ ᠠᠴᠠ ᠬᠤᠷᠳᠤᠨ ᠪᠣᠯᠵᠤ᠂ ᠣᠷᠣᠨ ᠤ ᠵᠠᠮ ᠤᠨ 223 ᠳ᠋ᠤᠭᠠᠷ ᠱᠤᠭᠤᠮ ᠱᠠᠩᠲᠤ ᠠᠴᠠ ᠰᠢᠩ ᠾᠧ ᠬᠦᠷᠬᠦ᠂ ᠰᠢᠩ ᠾᠧ ᠠᠴᠠ ᠵᠧᠨ  ᠮᠧᠨ ᠪᠣᠣ ᠬᠦᠷᠬᠦ ᠵᠠᠰᠠᠮᠠᠯ ᠵᠠᠮ ᠢ ᠪᠦᠲᠦᠭᠡᠨ ᠪᠠᠶᠢᠭᠤᠯᠵᠤ ᠡᠬᠢᠯᠡᠵᠠᠢ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠳᠣᠪᠣᠶᠢᠮ᠎ᠠ ᠪᠠᠶᠢᠵᠣ᠂ ᠬᠤᠪᠢᠶᠠᠷᠢᠯᠠᠭᠰᠠᠨ ᠪᠦᠬᠦ ᠭᠠᠵᠠᠷ ᠤᠨ ᠦᠨᠢ ᠤᠳᠠᠭᠠᠨ ᠴᠢᠨᠠᠷᠲᠠᠢ ᠦᠨᠳᠦᠰᠦᠨ ᠲᠠᠷᠢᠶᠠᠯᠠᠩ ᠤᠨ ᠬᠠᠮᠠᠭᠠᠯᠠᠯᠲᠠ ᠶᠢᠨ ᠲᠠᠯᠠᠪᠠᠢ ᠨᠢ128.4 ᠲᠦᠮᠡᠨ ᠮᠦ ᠬᠦᠷᠴᠦ᠂ ᠨᠦᠬᠦᠪᠦᠷᠢᠯᠡᠭᠰᠡᠨ ᠲᠠᠷᠢᠶᠠᠨ ᠭᠠᠵᠠᠷ 5445 ᠮᠦ ᠬᠦᠷᠴᠠᠢ᠃      ______ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠠᠭᠠᠨ ᠳᠣᠪᠤᠶᠢᠮ᠎ᠠ ᠦᠷ᠎ᠡ ᠪᠦᠲᠦᠮᠵᠢ ᠣᠯᠪᠠ᠃ ᠶᠠᠳᠠᠭᠤ ᠠᠴᠠ ᠠᠩᠭᠢᠵᠢᠷᠠᠭᠤᠯᠬᠤ ᠠᠵᠢᠯ ᠢ ᠭᠦᠨᠵᠡᠭᠡᠢ ᠶᠠᠪᠣᠭᠳᠠᠭᠤᠯᠣᠨ᠂ 4458 ᠲᠦᠮᠡᠨ ᠲᠦᠭᠦᠷᠢᠭ ᠤᠨ ᠠᠵᠣ ᠦᠢᠯᠡᠰ ᠤᠨ  ᠬᠦᠭᠵᠢᠯᠲᠡ ᠶᠢᠨ ᠪᠡᠯᠡ ᠮᠦᠩᠭᠦ ᠶᠢ ᠨᠠᠶᠢᠳᠠᠪᠣᠷᠢᠵᠢᠭᠤᠯᠵᠣ᠂ 8731 ᠶᠠᠳᠠᠭᠤ ᠦᠷᠦᠬᠡ ᠶᠢ ᠲᠣᠰᠠᠯᠠᠵᠠᠢ᠃ ︽ ᠵᠠᠬᠢᠶᠠᠯᠭ᠎ᠠ ᠶᠢᠨ ᠡᠵᠡᠩᠨᠡᠯᠲᠡ︾᠂ ︽ᠬᠦᠷᠦᠩᠭᠡ ᠳᠠᠭᠠᠭᠤᠯᠣᠨ ᠪᠡᠯᠡ ᠣᠷᠣᠭᠤᠯᠬᠤ ︾᠂ ︽ᠶᠠᠳᠠᠭᠤ ᠠᠴᠠ ᠠᠩᠭᠢᠵᠢᠷᠠᠭᠤᠯᠬᠤ ᠥᠢᠯᠡᠳᠪᠦᠷᠢ ᠶᠢᠨ ᠲᠠᠰᠤᠭ︾ ᠵᠡᠷᠭᠡ ᠠᠵᠣ ᠥᠢᠯᠡᠰ ᠢᠶᠠᠷ ᠶᠠᠳᠠᠭᠤ ᠠᠴᠠ ᠠᠩᠭᠢᠵᠢᠷᠠᠭᠤᠯᠬᠤ ᠬᠡᠪ  ᠵᠠᠭᠪᠣᠷ ᠢ ᠰᠦᠪᠡᠭᠴᠢᠯᠡᠨ᠂ 9345 ᠶᠠᠳᠠᠭᠤ ᠬᠦᠴᠢᠷᠲᠠᠢ ᠬᠦᠮᠦᠨ ᠠᠮᠠ ᠶᠢ ᠪᠦᠷᠬᠦᠵᠠᠢ᠃ ᠬᠤᠶᠡᠷ ᠭᠠᠵᠠᠷ ᠤᠨ ᠶᠠᠳᠠᠭᠤ ᠠᠴᠠ ᠠᠩᠭᠢᠵᠢᠷᠠᠭᠤᠯᠬᠤ ᠨᠡᠭᠦᠳᠡᠯ ᠢ ᠲᠦᠯᠬᠢᠨ ᠠᠬᠢᠭᠤᠯᠵᠣ᠂ 1000 ᠶᠠᠳᠠᠭᠤ ᠬᠦᠴᠢᠷᠲᠠᠢ ᠬᠦᠮᠦᠨ ᠠᠮᠠ ᠶᠢᠨ ᠨᠡᠬᠦᠯᠲᠡ ᠪᠣᠯᠤᠨ 450 ᠬᠦᠮᠦᠨ ᠤ ᠳᠠᠭᠠᠯᠲᠠ ᠨᠡᠬᠦᠯᠲᠡ ᠶᠢ ᠪᠡᠶᠡᠯᠡᠭᠦᠯᠵᠠᠢ᠃ ᠣᠢ ᠰᠢᠭᠤᠢ ᠶᠢᠨ ᠬᠠᠮᠠᠭᠠᠯᠠᠭᠴᠢ᠂ ᠴᠡᠪᠡᠷᠯᠡᠭᠴᠢ ᠵᠡᠷᠭᠡ 450 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠠᠶᠢᠳᠠᠪᠣᠷᠢᠵᠢᠭᠤᠯᠵᠠᠢ᠃ 1522 ᠲᠦᠮᠡᠨ ᠲᠦᠭᠦᠷᠢᠭ ᠤᠨ ᠰᠣᠷᠭᠠᠨ  ᠬᠦᠮᠦᠵᠢᠯ ᠤᠨ ᠶᠠᠳᠠᠭᠤ ᠠᠴᠠ ᠠᠩᠭᠢᠵᠢᠷᠠᠭᠤᠯᠬᠤ ᠪᠡᠯᠡ ᠮᠦᠩᠭᠦ ᠶᠢ ᠲᠠᠷᠬᠠᠭᠠᠵᠠᠢ᠃ ︽ᠲᠦᠷᠪᠡᠨ ᠦᠢᠯᠡᠴᠢᠯᠭᠡ  ᠨᠠᠢᠮᠠᠨ ᠪᠠᠲᠣᠯᠭ᠎ᠠ︾ ᠡᠮᠨᠡᠯᠭᠡ ᠡᠷᠡᠭᠦᠯ ᠴᠢᠬᠢᠷᠠᠭ  ᠤᠨ ᠶᠠᠳᠠᠭᠤ ᠠᠴᠠ ᠠᠩᠭᠢᠵᠢᠷᠠᠭᠤᠯᠬᠤ ᠳᠡᠳᠬᠦᠮᠵᠢ ᠶᠢᠨ ᠲᠣᠭᠲᠠᠴᠠ ᠶᠢ ᠪᠠᠶᠢᠭᠤᠯᠵᠣ᠂ ᠬᠦᠨᠳᠦ ᠡᠪᠡᠳᠴᠢᠨ ᠣᠳᠠᠭᠠᠨ ᠴᠢᠨᠠᠷᠲᠠᠢ ᠡᠪᠡᠳᠴᠢᠨ ᠤ ᠵᠠᠷᠣᠳᠠᠯ ᠢᠶᠠᠨ ᠮᠡᠳᠡᠭᠦᠯᠬᠦ ᠬᠠᠷᠢᠴᠠᠯ ᠨᠢ ᠬᠤᠶᠠᠷ 95 % ᠳᠤ ᠬᠦᠷᠴᠠᠢ᠃ ᠨᠡᠶᠢᠲᠡ 3.6  ᠳ᠋ᠦᠩᠰᠢᠭᠤᠷ ᠲᠦᠭᠦᠷᠢᠭ ᠤᠨ ᠮᠦᠩᠭᠦᠨ ᠭᠦᠢᠯᠭᠡᠭᠡᠨ ᠤ ᠶᠠᠳᠠᠭᠤ ᠠᠴᠠ ᠠᠩᠭᠢᠵᠢᠷᠠᠭᠤᠯᠬᠤ ᠵᠢᠭᠡᠯᠡᠯᠭᠡ ᠲᠠᠯᠪᠢᠵᠣ᠂ 4614 ᠲᠠᠷᠢᠶᠠᠯᠠᠬᠤ ᠦᠷᠦᠬᠡ ᠳᠤ ᠠᠰᠢᠭ ᠬᠦᠷᠲᠡᠭᠡᠵᠠᠢ᠃  ᠨᠠᠢᠮᠠᠨ ᠭᠤᠣᠯᠳᠠᠯᠭ᠎ᠠ ᠲᠠᠢ ᠶᠠᠳᠠᠭᠤ ᠬᠦᠴᠢᠷᠲᠠᠢ ᠲᠣᠰᠬᠤᠨ ᠶᠠᠳᠠᠭᠤ ᠠᠴᠠ ᠠᠩᠭᠢᠵᠢᠷᠠᠵᠣ᠂ 3775 ᠶᠠᠳᠠᠭᠤ ᠬᠦᠴᠢᠷᠲᠠᠢ ᠬᠦᠮᠦᠨ ᠠᠮᠠ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ ᠶᠠᠳᠠᠭᠤ ᠬᠦᠴᠢᠷ ᠤᠨ ᠡᠬᠦᠰᠦᠯᠲᠡ ᠶᠢᠨ ᠨᠣᠷᠮ᠎ᠠ ᠪᠠᠭᠤᠷᠠᠵᠣ 4.9% ᠲᠤ ᠬᠦᠷᠴᠠᠢ᠃      ______ ᠠᠷᠠᠳ ᠤᠨ ᠠᠮᠢᠳᠣᠷᠠᠯ ᠤᠨ ᠪᠠᠲᠣᠯᠭ᠎ᠠ ᠤᠯᠠᠮ ᠴᠢᠩᠭ᠎ᠠ ᠬᠦᠴᠦᠲᠡᠢ ᠪᠣᠯᠵᠠᠢ᠃ ᠪᠦᠬᠦ ᠰᠢᠶᠠᠨ  ᠤ ᠬᠤᠲᠠ ᠪᠠᠯᠭᠠᠰᠣᠨ ᠳᠤ 1223 ᠬᠦᠮᠦᠨ ᠳᠤ ᠠᠵᠢᠯ ᠣᠯᠭᠤᠵᠣ ᠲᠦᠪᠬᠢᠨᠡᠭᠦᠯᠵᠦ᠂ 4.2 ᠲᠦᠮᠡᠨ ᠲᠠᠷᠢᠶᠠᠴᠢᠨ ᠰᠢᠯᠵᠢᠨ ᠠᠵᠢᠯ ᠣᠯᠵᠣ᠂ ᠬᠤᠲᠠ ᠪᠠᠯᠭᠠᠰᠣᠨ ᠤ ᠠᠵᠢᠯ ᠠᠯᠳᠠᠯᠲᠠ ᠶᠢᠨ ᠪᠦᠷᠢᠳᠬᠡᠨ ᠲᠡᠮᠳᠡᠭᠯᠡᠬᠦ ᠨᠣᠷᠮ᠎ᠠ4.1% ᠲᠣᠲᠣᠷ᠎ᠠ ᠡᠷᠬᠢᠰᠢᠶᠡᠭᠳᠡᠵᠡᠢ᠃ ᠬᠤᠲᠠ ᠬᠦᠳᠡᠭᠡ ᠶᠢᠨ ᠳᠣᠣᠷ᠎ᠠ ᠪᠠᠲᠣᠯᠭᠠᠲᠣ ᠡᠷᠦᠬᠡ᠂ ᠣᠨᠴᠠ ᠬᠦᠴᠢᠷᠳᠡᠯᠲᠠᠢ ᠠᠪᠣᠷᠠᠨ ᠲᠣᠰᠠᠯᠠᠯᠲᠠ ᠬᠦᠷᠲᠡᠭᠰᠡᠳ᠂ ᠬᠦᠴᠢᠷᠳᠡᠯᠲᠠᠢ ᠵᠡᠮᠳᠡᠭ ᠬᠦᠮᠦᠰ ᠵᠡᠷᠭᠡ ᠶᠢᠨ ᠨᠦᠬᠦᠪᠦᠷᠢ ᠶᠢᠨ ᠪᠠᠷᠢᠮᠵᠢᠶ᠎ᠠ ᠨᠢ ᠤᠯᠠᠮ ᠨᠢᠭᠡ ᠠᠯᠬᠤᠮ ᠳᠡᠭᠡᠭᠰᠢᠯᠡᠵᠡᠢ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠶᠢᠨ  ᠳᠦᠷᠢᠮ ᠲᠣᠭᠲᠠᠭᠠᠯ ᠢ ᠨᠢᠭᠡᠳᠬᠡᠵᠣ᠂ ᠬᠤᠲᠠ ᠬᠦᠳᠡᠭᠡ ᠶᠢᠨ ᠰᠠᠭᠤᠭᠠᠯᠢ ᠠᠷᠠᠳ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠬᠦᠮᠦᠨ ᠤ ᠲᠤᠭ᠎ᠠ 23 ᠲᠦᠮᠡᠨ ᠬᠦᠮᠦᠨ ᠳᠤ ᠬᠦᠷᠴᠦ᠂ ᠪᠦᠬᠦ ᠪᠠᠶᠢᠩᠭᠤ ᠣᠷᠣᠰᠢᠨ ᠰᠠᠭᠤᠭᠴᠢᠳ ᠢ ᠪᠦᠷᠬᠦᠵᠠᠢ᠃ ᠬᠤᠲᠠ ᠪᠠᠯᠭᠠᠰᠣᠨ ᠤ ᠠᠵᠢᠯᠲᠠᠨ ᠪᠣᠯᠣᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠦᠷᠢᠶ᠎ᠡ ᠬᠡᠪᠴᠢᠶᠡᠨ ᠳᠤ ᠵᠠᠷᠣᠳᠠᠯ ᠮᠡᠳᠡᠭᠦᠯᠬᠦ ᠬᠠᠷᠢᠴᠠᠯ ᠨᠢ  ᠵᠠᠭᠤᠨ ᠤ ᠠᠷᠪᠠ ᠪᠠᠷ ᠳᠡᠭᠡᠭᠰᠢᠯᠡᠵᠦ᠂ ᠲᠣᠰᠪᠦᠷᠢ 90% ᠪᠠ 80% ᠳᠤ ᠬᠦᠷᠴᠠᠢ᠃ 406 ᠦᠷᠦᠬᠡ ᠪᠠᠲᠣᠯᠭ᠎ᠠ ᠶᠢᠨ ᠴᠢᠨᠠᠷᠲᠠᠢ ᠣᠷᠣᠨ ᠰᠠᠭᠤᠴᠠ ᠬᠤᠪᠢᠶᠠᠷᠢᠯᠠᠵᠠᠢ᠃ ᠰᠢᠶᠠᠨ᠂ ᠰᠣᠮᠣ᠂ ᠭᠠᠴᠠᠭᠠᠨ ᠤ ᠵᠠᠰᠠᠭ ᠤᠨ ᠶᠠᠪᠣᠳᠠᠯ ᠤᠨ ᠥᠢᠯᠡᠴᠢᠯᠡᠭᠡᠨ ᠤ ᠰᠢᠰᠲ᠋ᠧᠮ ᠪᠦᠭᠦᠳᠡ ᠶᠢᠨ ᠪᠦᠷᠬᠦᠯᠲᠡ ᠶᠢ ᠪᠡᠶᠡᠯᠡᠭᠦᠯᠵᠠᠢ᠃      ______ ᠨᠡᠶᠢᠭᠡᠮ ᠤᠨ ᠥᠢᠯᠡᠰ ᠦᠷᠬᠦᠯᠵᠢᠯᠡᠨ ᠬᠦᠭᠵᠢᠨ᠎ᠡ᠃ ᠲᠡᠷᠢᠭᠦᠨ ᠳᠤᠨᠢ ᠰᠣᠷᠭᠠᠨ ᠬᠦᠮᠦᠵᠢᠯ ᠤᠨ ᠥᠢᠯᠡᠰ ᠢ  ᠬᠦᠭᠵᠢᠭᠦᠯᠵᠦ᠂ ᠪᠠᠷᠢᠮᠵᠢᠶᠠᠵᠢᠭᠰᠠᠨ  ᠬᠥᠯ ᠪᠥᠮᠪᠥᠭᠡᠨ ᠤ ᠣᠷᠳᠣᠨ  ᠪᠠᠶᠢᠭᠤᠯᠣᠨ ᠬᠡᠷᠡᠭᠯᠡᠵᠦ᠂ ᠵᠢᠩ ᠮᠧᠩ᠂ ᠢᠦᠢ ᠶᠢᠩ ᠬᠤᠶᠠᠷ ᠬᠡᠥᠬᠡᠳ ᠤᠨ ᠴᠡᠴᠡᠷᠯᠢᠭ ᠪᠣᠯᠣᠨ ᠱᠦ ᠭᠤᠸᠠᠩ ᠪᠠᠭ᠎ᠠ ᠰᠣᠷᠭᠠᠭᠤᠯᠢ ᠡᠬᠢᠯᠡᠵᠦ ᠪᠦᠲᠦᠭᠡᠨ ᠪᠠᠶᠢᠭᠤᠯᠵᠠᠢ᠃ ᠰᠣᠷᠬᠤ ᠨᠠᠰᠣᠨ ᠠᠴᠠ ᠨᠮᠦᠨᠡᠬᠢ ᠰᠣᠷᠭᠠᠨ ᠬᠦᠮᠦᠵᠢᠯ ᠤᠨ ᠰᠣᠷᠭᠠᠭᠤᠯᠢ ᠳᠤ ᠣᠷᠣᠬᠤ ᠨᠣᠷᠮ᠎ᠠ 92.5% ᠳᠤ ᠬᠦᠷᠴᠦ᠂ ᠠᠯᠪᠠᠨ ᠵᠢᠷᠣᠮ ᠤᠨ ᠰᠣᠷᠭᠠᠨ ᠬᠦᠮᠦᠵᠢᠯ   ᠲᠡᠩᠴᠡᠪᠦᠷᠢᠲᠠᠢ ᠬᠦᠭᠵᠢᠵᠦ᠂ ᠪᠠᠬᠢᠵᠢᠯᠲᠡ ᠶᠢᠨ  ᠨᠣᠷᠮ᠎ᠠ 98% ᠠᠴᠠ ᠳᠡᠭᠡᠭᠰᠢ ᠬᠦᠷᠴᠠᠢ᠃ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠬᠤᠶᠡᠷ ᠬᠥᠬᠡ ᠳᠡᠰ ᠤᠨ ᠡᠮᠨᠡᠯᠭᠡ ᠢᠶᠠᠷ ᠦᠨᠡᠯᠡᠨ ᠲᠣᠭᠲᠠᠭᠠᠵᠠᠢ᠃ ᠡᠷᠡᠬᠦᠯ ᠴᠢᠬᠢᠷᠠᠭ ᠰᠢᠩ ᠾᠧ ᠶᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠬᠤᠲᠠ ᠬᠦᠳᠡᠭᠡ ᠶᠢ ᠪᠦᠷᠬᠦᠭᠰᠡᠨ ᠨᠡᠶᠢᠲᠡ ᠶᠢᠨ  ᠠᠷᠢᠭᠤᠨ  ᠴᠡᠪᠡᠷ ᠤᠨ  ᠥᠢᠯᠡᠴᠢᠯᠡᠭᠡᠨ ᠤ ᠰᠢᠰᠲ᠋ᠧᠮ  ᠤᠯᠠᠮ ᠨᠢᠭᠡ ᠠᠯᠬᠤᠮ ᠲᠡᠬᠦᠯᠳᠡᠷᠵᠢᠵᠠᠢ᠃ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠣᠷ ᠲᠦᠪᠰᠢᠨ ᠢ ᠬᠢᠨᠠᠨ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠣ᠂ ᠣᠯᠠᠨ  ᠲᠦᠮᠡᠨ ᠤ ᠢᠳᠡᠭᠡᠨ  ᠤᠮᠳᠠᠭᠠᠨ ᠪᠣᠯᠣᠨ ᠬᠡᠷᠡᠭᠯᠡᠬᠦ ᠡᠮ ᠤᠨ ᠠᠮᠣᠷ ᠲᠥᠪᠰᠢᠨ ᠪᠠᠲᠦᠯᠪᠣᠷᠢ ᠲᠠᠢ ᠪᠣᠯᠵᠠᠢ᠃ ᠰᠤᠶᠤᠯ ᠤᠨ ᠪᠦᠲᠦᠭᠡᠨ ᠪᠠᠶᠢᠭᠤᠯᠤᠯᠲᠠ ᠶᠢ ᠬᠦᠨᠵᠡᠭᠡᠢ ᠲᠦᠯᠬᠢᠨ ᠠᠬᠢᠭᠤᠯᠵᠤ᠂ ᠣᠯᠠᠭᠠᠨᠮᠦ᠋ᠴᠢᠷ  ᠤᠨ ᠥᠢᠯᠡᠰ ᠲᠠᠰᠤᠷᠠᠯᠲᠠ ᠦᠭᠡᠢ ᠬᠦᠭᠵᠢᠵᠦ᠂  ᠲᠣᠰᠬᠤᠨ ᠪᠠᠯᠭᠠᠰᠤᠨ ᠤ ᠰᠣᠶᠣᠯ ᠤᠨ ᠦᠷᠲᠡᠭᠡ᠂ ᠬᠦᠳᠡᠭᠡ ᠲᠣᠰᠬᠤᠨ ᠤ ᠰᠣᠶᠣᠯ ᠤᠨ ᠲᠠᠰᠤᠭ ᠵᠡᠷᠭᠡ ᠨᠡᠶᠢᠲᠡ ᠶᠢᠨ  ᠰᠤᠶᠤᠯ ᠤᠨ ᠥᠢᠯᠡᠴᠢᠯᠡᠭᠡᠨ ᠤ ᠲᠦᠬᠦᠭᠡᠷᠦᠮᠵᠢ  ᠤᠯᠠᠮ ᠠᠴᠠ ᠲᠡᠭᠦᠯᠳᠡᠷᠵᠢᠵᠠᠢ᠃ ︽ᠳᠤᠯᠣᠳᠣᠭᠠᠷ ᠲᠠᠪᠣᠨ ᠵᠢᠯ︾ ᠬᠠᠥᠯᠢ ᠲᠦᠭᠡᠮᠡᠯᠵᠢᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠣ᠂ ᠠᠷᠠᠳ ᠲᠦᠮᠡᠨ ᠬᠠᠥᠯᠢ ᠮᠡᠳᠡᠵᠦ ᠬᠠᠥᠯᠢ ᠰᠠᠬᠢᠵᠣ᠂ ᠬᠠᠥᠯᠢ ᠶᠢ  ᠣᠶᠢᠯᠠᠭᠠᠵᠤ ᠬᠠᠥᠯᠢ ᠶᠢ ᠬᠡᠷᠡᠭᠯᠡᠬᠦ ᠤᠬᠠᠮᠰᠠᠷ ᠮᠡᠳᠡᠭᠳᠡᠮ᠎ᠡ  ᠳᠡᠭᠡᠭᠰᠢᠯᠡᠵᠡᠢ᠃ ᠠᠶᠣᠯᠭᠦᠢ ᠦᠢᠯᠡᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠨᠢᠮᠪᠠᠢ ᠨᠠᠶᠢᠳᠠᠪᠣᠷᠢᠵᠢᠭᠤᠯᠵᠣ᠂ ᠠᠳᠡᠯ ᠤᠨ ᠲᠤᠭ᠎ᠠ᠂ ᠨᠠᠰᠤ ᠪᠠᠷᠠᠭᠰᠠᠳ ᠤᠨ ᠲᠤᠭ᠎ᠠ ︽ ᠬᠤᠣᠰ ᠪᠠᠭᠤᠷᠠᠯᠲᠠ︾ ᠶᠢ ᠪᠡᠶᠡᠯᠡᠭᠦᠯᠵᠠᠢ᠃ ᠱᠣᠴᠢᠯᠠᠭᠰᠠᠨ ᠨᠡᠶᠢᠭᠡᠮ ᠤᠨ ᠠᠮᠣᠷ ᠢ ᠬᠠᠮᠠᠭᠠᠯᠠᠬᠤ ᠰᠡᠷᠭᠡᠶᠢᠯᠡᠯᠲᠡ ᠡᠵᠡᠮᠳᠡᠯ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠥᠯᠢ ᠠᠴᠠ ᠵᠦᠷᠢᠴᠡᠭᠰᠡᠨ ᠶᠠᠯᠠᠲᠣ ᠦᠢᠯᠡ ᠠᠵᠢᠯᠯᠠᠭ᠎ᠠ ᠳᠤ ᠴᠣᠬᠢᠯᠲᠠ ᠥᠭᠴᠦ ᠰᠡᠷᠭᠡᠶᠢᠯᠡᠨ ᠡᠵᠡᠮᠳᠡᠬᠦ ᠴᠢᠳᠠᠪᠣᠷᠢ ᠮᠡᠳᠡᠭᠳᠡᠮ᠎ᠡ ᠳᠡᠭᠡᠭᠰᠢᠯᠡᠵᠦ᠂ ᠡᠷᠡᠭᠦᠦ ᠶᠢᠨ ᠬᠡᠷᠡᠭ ᠪᠣᠯᠣᠨ ᠠᠮᠣᠷ ᠲᠥᠪᠰᠢᠨ ᠤ ᠬᠡᠷᠡᠭ ᠮᠡᠳᠡᠭᠳᠡᠮ᠎ᠡ ᠪᠠᠭᠠᠰᠴᠣ᠂ ᠠᠷᠠᠳ ᠲᠦᠮᠡᠨ ᠤᠯᠠᠮ ᠠᠮᠣᠷ ᠲᠥᠪᠰᠢᠨ ᠪᠣᠯᠵᠠᠢ᠃ ᠵᠠᠬᠢᠲᠠᠯ ᠰᠣᠷᠪᠣᠯᠵᠢᠯᠭ᠎ᠠ ᠲᠣᠭᠲᠠᠭᠤᠨ ᠢ ᠬᠠᠮᠠᠭᠠᠯᠠᠬᠤ ᠠᠵᠢᠯ  ᠴᠢᠩᠭᠠᠳᠬᠠᠭᠳᠠᠵᠣ᠂ ᠦᠨᠳᠦᠰᠦᠲᠡᠨ   ᠱᠠᠰᠢᠨ ᠰᠣᠷᠲᠠᠬᠤᠨ᠂ ᠲᠤᠭ᠎ᠠ ᠪᠦᠷᠢᠳᠬᠡᠯ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂  ᠡᠮᠡᠭᠲᠡᠶᠢᠴᠦᠳ ᠭᠡᠥᠬᠡᠳ ᠵᠡᠷᠭᠡ ᠠᠵᠢᠯ ᠥᠢᠯᠡᠰ ᠪᠦᠷᠢᠨ ᠲᠡᠭᠦᠯᠳᠡᠷ  ᠬᠥᠭᠵᠢᠵᠡᠢ᠃      ______ᠦᠭᠡᠷᠡᠴᠢᠯᠡᠯᠲᠡ ᠨᠡᠭᠡᠭᠡᠯᠲᠡ ᠲᠠᠰᠣᠷᠠᠯᠲᠠ ᠦᠭᠡᠢ ᠭᠦᠨᠵᠢᠭᠡᠶᠢᠷᠡᠵᠡᠢ᠃ ︽ᠪᠠᠭᠤᠯᠭᠠᠬᠤ  ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ  ᠦᠷᠬᠦᠯᠵᠢᠯᠡᠨ ᠬᠦᠨᠵᠡᠭᠡᠶᠢᠷᠡᠭᠦᠯᠵᠦ᠂ ᠡᠷᠬᠡ  ᠬᠠᠷᠢᠭᠤᠴᠠᠯᠭ᠎ᠠ ᠶᠢᠨ ᠨᠠᠷᠢᠨ ᠳᠠᠩᠰᠠ ᠲᠠᠰᠣᠷᠠᠯᠲᠠ ᠦᠭᠡᠢ ᠲᠡᠭᠦᠯᠳᠡᠷᠵᠢᠵᠦ᠂ ︽ᠣᠯᠠᠨ ᠦᠨᠡᠮᠡᠯ ᠢ ᠨᠢᠭᠡ ᠪᠣᠯᠭᠠᠬᠤ ︾ ᠳᠠᠩᠰᠠᠯᠠᠯᠲᠠ ᠶᠢᠨ ᠳᠦᠷᠢᠮ  ᠤᠨ ᠦᠭᠡᠷᠡᠴᠢᠯᠡᠯᠲᠡ ᠶᠢ ᠭᠦᠨᠵᠡᠭᠡᠢ ᠶᠠᠪᠣᠭᠳᠠᠭᠤᠯᠵᠠᠢ᠃ ︽ᠭᠤᠣᠯ ᠤᠨ ᠳᠠᠷᠤᠭ᠎ᠠ ᠶᠢᠨ ᠲᠥᠷᠢᠮ︾ ᠪᠦᠬᠦ ᠲᠠᠯ᠎ᠠ ᠪᠠᠷ ᠪᠠᠶᠢᠭᠤᠯᠣᠭᠳᠠᠵᠣ᠂ ᠨᠤᠲᠤᠭ ᠪᠡᠯᠴᠢᠭᠡᠷ ᠤᠨ ᠡᠷᠬᠡ ᠶᠢᠨ ᠲᠣᠭᠲᠠᠭᠠᠯᠲᠠ ᠶᠢᠨ ᠲᠣᠷᠰᠢᠯᠲᠠ ᠶᠢᠨ ᠴᠡᠭ ᠤᠨ ᠠᠵᠢᠯ ᠱᠠᠲᠣᠴᠢ ᠴᠢᠨᠠᠷᠲᠠᠢ ᠦᠷ᠎ᠡ ᠪᠦᠲᠦᠭᠡᠯ ᠣᠯᠵᠠᠢ᠃ ᠵᠠᠰᠠᠭ ᠤᠨ ᠣᠷᠳᠣᠨ ᠤ  ᠥᠷᠢ ᠰᠢᠷᠢ ᠶᠢᠨ ᠬᠠᠮᠢᠶᠠᠷᠣᠯᠲᠠ ᠶᠢ ᠴᠢᠩᠭ᠎ᠠ ᠳᠦᠷᠢᠮᠵᠢᠭᠦᠯᠵᠦ᠂  ᠡᠳ᠋  ᠶᠢᠨ ᠵᠠᠰᠠᠭ ᠤᠨ ᠮᠦᠩᠭᠦᠨ ᠬᠦᠢᠯᠭᠡᠭᠡᠨ ᠤ ᠭᠡᠨᠡᠨ ᠲᠦᠭᠰᠢᠭᠦᠷᠢ ᠶᠢ ᠰᠡᠷᠭᠡᠶᠢᠯᠡᠵᠡᠢ᠃ ᠤᠯᠠᠭᠠᠨᠴᠠᠪ ᠬᠤᠲᠠ ᠶᠢᠨ ᠠᠩᠬᠠᠳᠣᠭᠠᠷ ᠬᠤᠭᠤᠴᠠᠭᠠᠨ ᠤ ᠬᠦᠭᠵᠢᠯᠲᠡ ᠶᠢᠨ ᠶᠡᠭᠡ ᠬᠤᠷᠠᠯ ᠳᠤ ᠢᠳᠡᠪᠬᠢᠲᠠᠢ ᠣᠷᠣᠯᠴᠠᠵᠣ᠂ ᠭᠠᠳᠠᠭᠰᠢ ᠨᠦᠯᠦᠭᠡᠯᠡᠬᠦ ᠬᠦᠴᠦᠨ ᠲᠠᠰᠣᠷᠠᠯᠲᠠ ᠦᠭᠡᠢ ᠦᠷᠭᠡᠵᠢᠵᠠᠢ᠃ᠪᠡᠭᠡᠵᠢᠩ  ᠲᠢᠶᠠᠨᠵᠢᠨ ᠾᠧᠪᠧᠢ ᠶᠢᠨ  ᠨᠢᠭᠡ ᠴᠣᠭᠴᠠᠵᠢᠯᠲᠠ ᠶᠢᠨ ᠶᠡᠭᠡ ᠪᠠᠶᠢᠴᠠ ᠳᠤ ᠢᠳᠡᠪᠬᠢᠲᠠᠢ ᠠᠭᠤᠰᠤᠯᠴᠠᠨ  ᠣᠷᠣᠵᠣ᠂ ᠵᠠᠯᠭᠠᠨ ᠠᠪᠣᠭᠰᠠᠨ ᠥᠢᠯᠡᠰ ᠤᠨ ᠰᠢᠯᠵᠢᠯᠲᠡ ᠨᠢ ᠰᠢᠨ᠎ᠡ ᠦᠷ᠎ᠡ ᠪᠦᠲᠦᠭᠡᠯ ᠢ ᠣᠯᠵᠣ᠂ ᠵᠢᠯ ᠳᠤ ᠨᠡᠶᠢᠲᠡ 32  ᠳ᠋ᠥᠩᠰᠢᠭᠤᠷ ᠲᠦᠭᠦᠷᠢᠭ ᠤᠨ ᠪᠡᠯᠡ ᠮᠦᠩᠭᠦ ᠶᠢ ᠲᠠᠲᠠᠵᠣ᠂ ᠬᠦᠭᠵᠢᠯᠲᠡ ᠶᠢᠨ ᠬᠦᠴᠦᠨ  ᠤᠯᠠᠮ ᠨᠢᠭᠡ ᠠᠯᠬᠤᠮ  ᠨᠡᠮᠡᠭᠳᠡᠵᠡᠢ᠃      ______ᠵᠠᠰᠠᠭ ᠤᠨ ᠣᠷᠳᠣᠨ ᠤ ᠴᠢᠳᠠᠪᠬᠢ ᠶᠢᠨ ᠬᠤᠪᠢᠷᠠᠯᠲᠠ ᠢᠯᠡ ᠲᠣᠳᠣ᠃ ︽ᠬᠤᠶᠠᠷ ᠢ ᠰᠤᠷᠴᠤ ᠨᠢᠭᠡ ᠳᠤ ᠲᠡᠩᠴᠡᠭᠦᠯᠬᠦ︾ ᠰᠤᠷᠤᠯᠭ᠎ᠠ ᠬᠦᠮᠦᠵᠢᠯ ᠢ ᠦᠷᠬᠦᠯᠵᠢᠯᠡᠨ ᠦᠷᠨᠢᠭᠦᠯᠵᠦ᠂ ᠲᠤᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ︽ᠭᠤᠷᠪᠠᠨ ᠴᠢᠬᠤᠯᠠ ᠨᠢᠭᠡ ᠲᠣᠮᠣ︾ ᠶᠢ ᠬᠠᠮᠳᠣᠪᠠᠷ ᠵᠦᠪᠯᠡᠨ ᠰᠢᠢᠳᠪᠦᠷᠢ ᠭᠠᠷᠭᠠᠬᠤ ᠵᠡᠷᠭᠡ ᠳᠦᠷᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠣᠯᠣᠨ ᠬᠢᠨᠠᠨ ᠪᠣᠳᠣᠵᠣ ᠬᠢᠨᠠᠯᠲᠠ ᠲᠠᠯᠪᠢᠬᠤ ᠡᠷᠴᠢᠮ ᠢ ᠴᠢᠩᠭᠠᠳᠬᠠᠨ᠂ ᠰᠠᠬᠢᠯᠭ᠎ᠠ  ᠪᠠᠲᠤ ᠶᠢ  ᠰᠠᠮᠠᠭᠤᠷᠠᠭᠤᠯᠤᠨ᠂ ᠡᠯ᠎ᠡ ᠵᠦᠢᠯ ᠤᠨ ᠬᠠᠥᠯᠢ ᠠᠴᠠ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠬᠡᠵᠦ᠂ ᠵᠠᠰᠠᠭ ᠤᠨ  ᠣᠷᠳᠣᠨ ᠤ ᠠᠷᠢᠭᠤᠨ  ᠴᠢᠭᠡᠴᠢ ᠪᠠᠶᠢᠭᠤᠯᠣᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠢᠯᠡ ᠵᠠᠰᠠᠭ ᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠥᠰᠥᠪ᠂ ᠭᠤᠷᠪᠠᠨ ᠠᠯᠪᠠᠨ ᠵᠠᠷᠣᠳᠠᠯ ᠢ ᠪᠦᠬᠦᠨ ᠢ ᠨᠡᠶᠢᠭᠡᠮ ᠨᠡᠶᠢᠲᠡ ᠳᠤ ᠢᠯᠡ ᠨᠡᠶᠢᠲᠡᠯᠡᠪᠡ᠃ ᠲᠤᠰᠬᠠᠢ ᠲᠦᠷᠦᠯ ᠤᠨ ᠰᠢᠮᠳᠠᠭᠤᠯᠣᠨ ᠪᠠᠶᠢᠴᠠᠭᠠᠬᠤ ᠡᠷᠴᠢᠮ ᠢᠶᠠᠨ ᠴᠢᠩᠭᠠᠳᠬᠠᠨ ᠲᠣᠮᠣ ᠶᠡᠭᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠨ ᠨᠠᠶᠢᠳᠠᠪᠣᠷᠢᠵᠢᠭᠤᠯᠬᠤ ᠶᠢ ᠬᠦᠴᠦᠲᠠᠢ ᠠᠳᠬᠤᠵᠠᠢ᠃ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠣᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠲᠠᠭᠠᠯ ᠢ ᠨᠠᠷᠢᠨ ᠬᠢᠨᠠᠮᠠᠭᠠᠢ ᠬᠡᠷᠡᠭᠵᠢᠭᠦᠯᠦᠨ᠂ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠣᠯ᠂ ᠣᠯᠣᠰ  ᠲᠥᠷᠥ ᠶᠢᠨ ᠵᠥᠪᠯᠡᠯᠭᠡᠨ ᠪᠣᠯᠣᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠪᠡ᠃ ᠠᠷᠠᠳ ᠤᠨ ᠲᠦᠯᠦᠭᠡᠯᠡᠭᠴᠢᠳ ᠤᠨ ᠰᠠᠨᠠᠯ ᠵᠥᠪᠯᠡᠯᠭᠡ ᠪᠣᠯᠣᠨ ᠣᠯᠣᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠭᠰᠠᠨ ᠳᠤᠷᠠᠳᠤᠯᠭ᠎ᠠ ᠶᠢ ᠭᠦᠢᠴᠡᠳᠬᠡᠭᠡᠳ ᠬᠠᠷᠢᠭᠤ ᠥᠭᠭᠦᠭᠰᠡᠨ ᠨᠣᠷᠮ᠎ᠠ ᠨᠢ 100% ᠳᠤ ᠬᠦᠷᠴᠠᠢ᠃      ᠳᠥᠯᠥᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠡ ᠦᠷᠬᠦᠯᠵᠢ ᠤᠭ ᠰᠠᠨᠠᠭ᠎ᠠ ᠪᠠᠨ ᠦᠯᠦ ᠮᠠᠷᠲᠠᠨ ᠂ ᠦᠷᠬᠦᠯᠵᠢᠯᠡᠨ  ᠣᠷᠣᠭᠰᠢᠯᠠᠬᠤ ᠶᠢ ᠴᠢᠩᠳᠠᠯᠠᠨ ᠪᠠᠷᠢᠮᠲᠠᠯᠠᠵᠤ᠂ ᠪᠣᠳᠠᠲᠠᠢ ᠶᠢ ᠰᠦᠪᠡᠭᠴᠢᠯᠡᠨ᠂ ᠪᠣᠳᠠᠲᠠᠢ ᠠᠵᠢᠯ ᠬᠢᠵᠦ᠂ ᠡᠯ᠎ᠡ ᠲᠦᠷᠦᠯ ᠤᠨ ᠠᠵᠢᠯ ᠨᠡᠶᠢᠳᠡᠮ  ᠳᠡᠭᠡᠨ ᠰᠢᠨ᠎ᠡ ᠠᠬᠢᠴᠠ ᠲᠠᠢ ᠪᠣᠯᠵᠠᠢ᠃ ᠦᠩᠭᠡᠷᠡᠭᠰᠡᠨ ᠨᠢᠭᠡ ᠵᠢᠯ ᠳᠤ ᠦᠷ᠎ᠡ ᠪᠦᠲᠦᠭᠡᠯ ᠢ ᠣᠯᠬᠤ ᠳᠤ ᠬᠢᠯᠪᠠᠷ ᠪᠣᠰᠤ ᠪᠠᠶᠢᠵᠤ᠂ ᠡᠨᠡ ᠪᠣᠯ ᠳᠡᠭᠡᠲᠦ ᠱᠠᠲᠣᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠬᠤᠷᠢᠶᠠᠨ ᠤ  ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠮᠥᠨ ᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠯᠣᠰ  ᠲᠥᠷᠥ ᠶᠢᠨ ᠵᠥᠪᠯᠡᠯᠭᠡᠨ ᠤ ᠬᠦᠴᠦᠲᠡᠢ ᠳᠡᠮᠵᠢᠯᠭᠡ ᠶᠢᠨ ᠦᠷ᠎ᠡ ᠳ᠋ᠦᠩ᠂ ᠪᠠᠰᠠ ᠴᠦ ᠪᠦᠬᠦ ᠰᠢᠶᠠᠨ ᠤ ᠠᠷᠠᠳ ᠲᠦᠮᠡᠨ ᠤ ᠪᠦᠯᠬᠦᠮᠳᠡᠨ ᠳᠡᠮᠡᠴᠡᠵᠤ ᠂ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠮᠦᠨ᠃ ᠡᠭᠦᠨ ᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠰᠢᠶᠠᠨ ᠤ ᠡᠯ᠎ᠡ ᠥᠨᠳᠥᠰᠥᠲᠡᠨ ᠤ ᠠᠷᠠᠳ  ᠲᠥᠮᠡᠨ᠃ ᠠᠷᠠᠳ ᠤᠨ ᠲᠥᠯᠥᠭᠡᠯᠡᠭᠴᠢ᠂ ᠣᠯᠣᠰ ᠲᠥᠷᠥ ᠶᠢᠨ ᠵᠥᠪᠯᠡᠯᠭᠡᠨ ᠤ ᠭᠡᠰᠢᠭᠦᠳ ᠨᠠᠷ ᠂ ᠰᠢᠩ ᠾᠧ ᠶᠢᠨ ᠥᠭᠡᠷᠡᠴᠢᠯᠡᠯᠲᠡ ᠬᠥᠭᠵᠢᠯᠲᠡ ᠳᠤ ᠵᠢᠳᠬᠦᠯ ᠢᠶᠠᠨ ᠵᠣᠷᠢᠭᠤᠯᠵᠣ᠂ ᠪᠡᠶᠡᠴᠢᠯᠡᠨ ᠣᠷᠥᠯᠴᠠᠭᠰᠠᠨ ᠪᠦᠬᠦᠶᠢᠯᠡ ᠡᠷᠬᠢᠮ ᠨᠠᠶᠢᠵᠠ ᠨᠠᠷ   ᠲᠠᠭᠠᠨ ᠬᠠᠮᠤᠭ ᠤᠨ ᠡᠷᠬᠢᠮ ᠳᠡᠭᠡᠲᠦ ᠬᠦᠨᠳᠦᠳᠬᠡᠯ ᠪᠠ ᠦᠨᠡᠨ ᠰᠡᠳᠬᠢᠯ ᠤᠨ  ᠪᠠᠶᠠᠷ ᠲᠠᠯᠠᠷᠬᠠᠯ ᠢᠶᠠᠨ ᠳᠡᠪᠰᠢᠬᠦᠯᠵᠦ ᠪᠠᠶᠢᠨ᠎ᠠ  ︕      ᠦᠷ᠎ᠡ ᠪᠦᠲᠦᠭᠡᠯ ᠢ ᠨᠣᠲᠠᠯᠠᠬᠤ ᠶᠢᠨ ᠬᠠᠮᠲᠣ᠂ ᠮᠠᠨ ᠤ ᠰᠢᠶᠠᠨ ᠪᠣᠯ ᠨᠢᠭᠡᠨ ᠬᠦᠭᠵᠢᠯᠲᠡ ᠪᠠᠷ ᠲᠣᠲᠠᠮᠠᠭ ᠣᠯᠣᠰ ᠤᠨ ᠳᠡᠰ ᠤᠨ ᠶᠠᠳᠠᠭᠤ ᠬᠦᠴᠢᠷᠲᠠᠢ ᠰᠢᠶᠠᠨ᠂ ᠳᠥᠪᠯᠡᠷᠡᠵᠣ ᠬᠡᠯᠬᠢᠶᠡᠷᠡᠯᠳᠦᠭᠰᠡᠨ ᠣᠨᠴᠠ ᠬᠦᠴᠢᠷᠳᠡᠯᠲᠠᠢ ᠳᠣᠭᠤᠷᠢᠭ᠂ ᠬᠤᠪᠢᠰᠬᠠᠯ ᠤᠨ ᠬᠠᠭᠤᠴᠢᠨ ᠳᠣᠭᠤᠷᠢᠭ ᠪᠣᠯᠣᠨ  ᠥᠪᠡᠷᠲᠡᠭᠡᠨ ᠵᠠᠰᠠᠬᠤ ᠣᠷᠣᠨ ᠤ ᠰᠦᠷᠡᠬᠡᠢ ᠬᠦᠴᠢᠷᠳᠡᠯᠲᠠᠢ ᠭᠠᠵᠠᠷ ᠣᠷᠣᠨ᠂ ᠠᠷᠠᠳ ᠲᠥᠮᠡᠨ ᠤ ᠡᠳᠦᠷ ᠢᠷᠡᠬᠦᠶ᠎ᠡ  ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠪᠣᠯᠣᠨ ᠲᠡᠩᠴᠡᠪᠦᠷᠢ ᠦᠭᠡᠢ ᠭᠦᠢᠴᠡᠳ  ᠪᠤᠰᠤ ᠬᠦᠭᠵᠢᠯᠲᠡ ᠶᠢᠨ  ᠬᠤᠭᠤᠷᠣᠨᠳᠣᠬᠢ ᠵᠦᠷᠢᠴᠡᠯ ᠨᠢ  ᠮᠠᠨ ᠤ ᠰᠢᠶᠠᠨ  ᠳᠤ  ᠳᠣᠪᠣᠶᠢᠮ᠎ᠠ ᠢᠯᠡᠷᠡᠵᠦ ᠪᠠᠶᠢᠨ᠎ᠠ᠃ ᠭᠤᠣᠯ ᠢᠯᠡᠷᠡᠯ ᠨᠢ  ᠄ ᠠᠵᠣ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠭᠤᠷᠪᠠᠨ ᠠᠵᠣ ᠥᠢᠯᠡᠰ ᠤᠨ ᠳᠠᠪᠬᠤᠷᠭ᠎ᠠ ᠨᠢ ᠪᠠᠰᠠ ᠬᠠᠷᠢᠴᠠᠩᠭᠤᠢ ᠳᠣᠣᠷ᠎ᠠ᠂ ᠠᠭᠤᠰᠣᠯᠴᠠᠭᠰᠠᠨ ᠬᠦᠭᠵᠢᠯᠲᠡ ᠭᠦᠢᠴᠡᠳ ᠪᠣᠰᠤ᠂ ᠬᠦᠷᠥᠩᠭᠡ ᠶᠢᠨ ᠬᠦᠴᠦ ᠳᠣᠷᠣᠢ᠂  ᠡᠳ᠋  ᠶᠢᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ ᠳᠣᠪᠣᠶᠢᠮ᠎ᠠ᠂ ᠵᠠᠰᠠᠭ ᠤᠨ ᠣᠷᠳᠣᠨ ᠤ  ᠦᠷᠢ ᠰᠢᠷᠢ ᠠᠷᠢᠯᠭᠠᠬᠤ ᠳᠠᠷᠣᠯᠲᠠ ᠪᠠᠷ ᠶᠡᠭᠡ᠂ ᠬᠤᠳᠠᠯᠳᠣᠭᠠᠴᠢᠨ ᠤᠷᠢᠵᠤ ᠪᠡᠯᠡ ᠲᠠᠲᠠᠬᠤ ᠦᠷ᠎ᠡ ᠪᠦᠲᠦᠮᠵᠢ ᠶᠡᠭᠡ ᠦᠭᠡᠢ᠂ ᠪᠣᠳᠠᠲᠣ ᠴᠣᠭᠴᠠ ᠶᠢᠨ ᠠᠵᠣ ᠠᠬᠤᠢ ᠶᠢᠨ ᠬᠦᠭᠵᠢᠯᠲᠡ ᠶᠢᠨ ᠨᠥᠬᠦᠴᠡ ᠬᠦᠴᠦ ᠲᠤᠲᠠᠮᠠᠭ᠂ ᠬᠤᠲᠠ ᠬᠦᠳᠡᠭᠡ ᠶᠢᠨ ᠥᠨᠳᠥᠰᠥᠨ  ᠲᠥᠬᠦᠭᠡᠷᠥᠮᠵᠢ ᠶᠢᠨ ᠪᠦᠲᠦᠭᠡᠨ ᠪᠠᠶᠢᠭᠤᠯᠣᠯᠲᠠ ᠶᠢᠨ ᠦᠷᠢᠳᠦᠯ ᠬᠠᠷᠢᠴᠠᠩᠭᠤᠢ ᠠᠷᠪᠢᠨ  ᠂ ᠣᠯᠠᠨ ᠨᠡᠶᠢᠲᠡ ᠶᠢᠨ ᠥᠢᠯᠡᠴᠢᠯᠡᠭᠡᠨ ᠤ ᠬᠢᠷᠢ ᠳᠥᠪᠰᠢᠨ ᠢ ᠳᠡᠭᠡᠭᠰᠢᠯᠡᠭᠦᠯᠬᠦ ᠴᠢᠬᠤᠯᠠᠲᠠᠢ᠂ ᠬᠦᠳᠡᠭᠡ ᠲᠣᠰᠬᠤᠨ ᠤ ᠶᠠᠳᠠᠭᠤ ᠬᠦᠴᠢᠷᠲᠠᠢ ᠬᠦᠮᠦᠨ ᠠᠮᠠ ᠣᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠠᠬᠤ ᠡᠭᠦᠷᠭᠡ ᠬᠠᠲᠠᠭᠤᠵᠢᠯᠲᠠᠢ ᠪᠠᠶᠢᠨ᠎ᠠ  ᠂ ᠠᠷᠠᠳ ᠤᠨ ᠠᠮᠢᠳᠣᠷᠠᠯ ᠤᠨ ᠨᠡᠶᠢᠭᠡᠮ ᠤᠨ ᠠᠵᠣ ᠥᠢᠯᠡᠰ ᠤᠨ ᠬᠦᠭᠵᠢᠯᠲᠡ ᠬᠠᠷᠢᠴᠠᠩᠭᠤᠢ ᠬᠤᠴᠣᠷᠣᠩᠭᠤᠢ᠂ ᠠᠷᠠᠳ ᠤᠨ ᠡᠳᠥᠷ ᠢᠷᠡᠬᠦᠶ᠎ᠡ ᠨᠡᠮᠡᠭ᠌ᠳᠡᠵᠣ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠠᠴᠠ ᠪᠠᠰᠠ ᠪᠠᠭ᠎ᠠ ᠪᠣᠰᠤ ᠵᠠᠶᠢᠲᠠᠢ ᠪᠠᠶᠢᠭᠰᠠᠭᠠᠷ᠂ ᠺᠠᠲᠠᠷ ᠬᠠᠷᠢᠭᠤᠴᠠᠯᠭ᠎ᠠ ᠡᠭᠦᠷᠭᠡᠯᠡᠬᠦ ᠠᠴᠠ ᠠᠶᠣᠵᠣ᠂ ᠨᠠᠵᠠᠭᠠᠢ ᠵᠠᠯᠬᠠᠭᠤ ᠵᠡᠷᠭᠡ ᠦᠵᠡᠭᠳᠡᠯ ᠵᠠᠷᠢᠮ ᠪᠠᠶᠢᠭᠤᠯᠭ᠎ᠠ ᠨᠢᠭᠡᠴᠡ ᠳᠤ ᠪᠠᠰᠠ ᠣᠷᠣᠰᠢᠭᠰᠠᠭᠠᠷ᠂ ᠬᠦᠴᠢᠷ ᠠᠰᠠᠭᠤᠳᠠᠯ ᠢ ᠲᠠᠶᠢᠯᠪᠣᠷᠢᠯᠠᠬᠤ᠂ ᠰᠢᠨ᠎ᠡ ᠶᠢ ᠡᠬᠦᠳᠦᠨ ᠥᠢᠯᠡᠳᠬᠦ ᠴᠢᠳᠠᠪᠣᠷᠢ ᠪᠠᠨ ᠪᠠᠰᠠ ᠳᠡᠭᠡᠭᠰᠢᠯᠡᠭᠦᠯᠬᠦ ᠴᠢᠬᠤᠯᠠᠲᠠᠢ ᠵᠡᠷᠭᠡ᠃ ᠡᠳᠡᠭᠡᠷ ᠠᠰᠠᠭᠤᠳᠠᠯ ᠢ ᠪᠢᠳᠡ ᠵᠠᠪᠠᠯ ᠴᠢᠩᠭ᠎ᠠ  ᠬᠦᠴᠦᠲᠡᠢ ᠠᠷᠭ᠎ᠠ ᠠᠪᠴᠢᠯ ᠬᠡᠷᠡᠭᠯᠡᠵᠦ ᠨᠠᠷᠢᠨ ᠬᠢᠨᠠᠮᠠᠭᠠᠢ  ᠢᠶᠠᠷ ᠰᠢᠢᠳᠪᠦᠷᠢᠯᠡᠨ᠎ᠡ᠃      ᠬᠤᠶᠠᠷ᠄  2018 ᠤᠨ ᠤ ᠠᠵᠢᠯ ᠤᠨ ᠲᠤᠬᠢᠷᠠᠭᠤᠯᠤᠯᠲᠠ      2018 ᠤᠨ ᠪᠤᠯ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠤ ᠡᠬᠢᠯᠡᠯᠲᠡ ᠶᠢᠨ ᠤᠨ ᠮᠦᠨ᠂ ᠮᠦᠨᠴᠤ ᠨᠠᠮ ᠤᠨ ᠠᠷᠪᠠ ᠶᠢᠰᠦᠳᠦᠭᠡᠷ ᠤᠳᠠᠭᠠᠨ ᠤ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠬᠤ ᠡᠬᠢᠯᠡᠯᠲᠡ ᠶᠢᠨ ᠵᠢᠯ ᠪᠤᠯᠤᠨ᠎ᠠ᠃ ᠪᠠᠰᠠ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠰᠢᠢᠳᠪᠦᠷᠢᠲᠦ ᠢᠯᠠᠯᠲᠠ ᠶᠢ ᠤᠯᠬᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠯᠡᠭᠡ ᠶᠢ ᠬᠡᠷᠡᠭᠵᠢᠭᠦᠯᠭᠦ ᠂ ᠤᠷᠢᠳᠠᠭᠢ ᠪᠠᠨ ᠵᠠᠯᠭᠠᠮᠵᠢᠯᠠᠨ᠂ ᠬᠤᠶᠢᠨᠠᠬᠢ ᠳᠠᠭᠠᠨ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠤᠯᠤᠨ᠎ᠠ᠃ ᠪᠢᠳᠡ ᠬᠦᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠢ ᠨᠡᠶᠢᠭᠡᠮ ᠤᠨ ᠡᠷᠡᠭᠦᠯ ᠴᠢᠬᠢᠷᠠᠭ ᠢᠶᠠᠷ ᠲᠦᠷᠭᠡᠨ ᠬᠦᠭᠵᠢᠬᠦ ᠶᠢ ᠴᠦᠬᠦᠷᠡᠰᠢ ᠦᠭᠡᠢ ᠲᠦᠯᠬᠢᠨ ᠠᠭᠢᠭᠤᠯᠬᠤ ᠶᠢ ᠪᠠᠷᠢᠮᠲᠠᠯᠠᠵᠤ᠂ ᠦᠷᠭᠡᠨ ᠤᠯᠠᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠤᠮᠵᠢᠲᠠᠢ ᠬᠠᠩᠭᠠᠨ᠂ ᠪᠦᠬᠦ ᠰᠢᠶᠠᠨ ᠤ ᠦᠭᠡᠷᠡᠴᠢᠯᠡᠯᠲᠡ ᠬᠦᠭᠵᠢᠯᠲᠡ ᠶᠢᠨ ᠰᠢᠨ᠎ᠡ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ ᠡᠭᠦᠳᠦᠨ ᠨᠡᠭᠡᠭᠡᠰᠦᠭᠡᠢ᠃      2018 ᠤᠨ ᠤ ᠪᠦᠬᠦ ᠰᠢᠶᠠᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠡᠭᠡᠲᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠰᠢᠶᠠᠨ ᠤ ᠨᠠᠮ ᠤᠨ ᠬᠤᠷᠢᠶ᠎ᠠ ᠶᠢᠨ ᠲᠤᠬᠢᠷᠠᠭᠤᠯᠤᠯᠲᠠ ᠶᠢᠨ ᠳᠤᠤᠷ᠎ᠠ ᠯᠠᠪᠳᠠᠭᠤᠨ ᠢᠶᠠᠷ ᠳᠠᠪᠰᠢᠬᠤ ᠶᠢ ᠠᠵᠢᠯ ᠤᠨ ᠰᠠᠭᠤᠷᠢ ᠪᠤᠯᠭᠠᠨ᠂ ᠰᠢᠨ᠎ᠡ ᠬᠦᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠦᠷᠭᠡᠳᠬᠡᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠰᠢᠵᠢᠮ ᠪᠤᠯᠭᠠᠵᠤ᠂ ᠬᠦᠭᠵᠢᠯᠲᠡ ᠶᠢᠨ ᠴᠢᠨᠠᠷ ᠪᠠ ᠦᠷ᠎ᠡ ᠠᠰᠢᠭ ᠢᠶᠠᠷ ᠭᠤᠤᠯ ᠪᠤᠯᠭᠠᠵᠤ᠂ ᠯᠠᠪᠳᠠᠭᠤᠨ ᠨᠡᠮᠡᠭᠳᠡᠭᠦᠯᠬᠦ᠂ ᠦᠭᠡᠷᠡᠴᠢᠯᠡᠯᠲᠡ ᠶᠢ ᠠᠭᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠲᠤ ᠠᠴᠢ ᠲᠤᠰᠠ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ ᠢ ᠨᠢᠭᠡᠲᠦᠯᠲᠠᠢ ᠠᠬᠢᠭᠤᠯᠵᠤ᠂ ᠲᠤᠮᠤ ᠴᠢᠬᠤᠯᠠ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠨᠤᠪᠴᠢᠲᠠᠢ ᠶᠠᠳᠠᠭᠤ ᠠᠴᠠ ᠠᠩᠭᠢᠵᠢᠷᠠᠭᠤᠯᠬᠤ ᠪᠠ ᠪᠤᠬᠢᠷᠳᠤᠯ ᠢ ᠰᠡᠷᠭᠡᠶᠢᠯᠡᠨ ᠵᠠᠰᠠᠬᠤ ︽ᠭᠤᠷᠪᠠᠨ ᠶᠡᠭᠡ ᠪᠤᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠢᠭᠤᠷᠬᠠᠢ ᠰᠠᠶᠢᠲᠤᠷ ᠬᠢᠵᠤ ᠦᠵᠡᠰᠭᠦᠯᠡᠩᠲᠦ ᠰᠠᠶᠢᠬᠠᠨ ᠰᠢᠩ ᠾᠧ ᠶᠢ ᠪᠦᠲᠦᠭᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠠᠮ ᠤᠨ ᠪᠠᠲᠦ ᠪᠠᠬᠢ ᠠᠯᠬᠤᠮ ᠢᠶᠠᠨ ᠲᠠᠯᠪᠢᠶ᠎ᠠ᠃      ᠪᠦᠬᠦ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠲᠦᠰᠦᠪᠯᠡᠭᠰᠡᠨ ᠬᠠᠷᠠᠯᠲᠠ ᠪᠤᠯ᠄      ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠨᠡᠮᠡᠭᠳᠡᠯ ᠢ 7.5% ᠤᠷᠴᠢᠮ ᠬᠦᠷᠭᠡᠨ᠂ 500 ᠲᠦᠮᠡᠨ ᠲᠦᠭᠦᠷᠢᠭ ᠠᠴᠠ ᠳᠡᠭᠡᠭᠰᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 10% ᠤᠷᠴᠢᠮ ᠬᠦᠷᠭᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠬᠡᠮᠵᠢᠶᠡᠨ ᠤ ᠨᠡᠮᠡᠭᠳᠡᠯ ᠢ 10% ᠤᠷᠴᠢᠮ ᠬᠦᠷᠭᠡᠨ᠂ ᠬᠠᠮᠲᠦ ᠨᠡᠶᠢᠲᠡ ᠶᠢᠨ ᠡᠩ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 6% ᠤᠷᠴᠢᠮ ᠬᠦᠷᠭᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠤᠯᠬᠤ ᠤᠷᠤᠯᠭ᠎ᠠ ᠶᠢ ᠲᠤᠰ ᠪᠦᠷᠢ 8% ᠪᠤᠯᠤᠨ 8.5% ᠤᠷᠴᠢᠮ ᠨᠡᠮᠡᠭᠳᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠪᠠᠨ ᠪᠡᠶᠡᠯᠡᠭᠦᠯᠬᠦ ᠳᠤ ᠡᠨᠡ ᠵᠢᠯ ᠳᠤᠤᠷᠠᠭᠢ  ᠨᠠᠢᠮᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠃      ︵ᠨᠢᠭᠡ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠲᠠᠢ ᠬᠡᠷᠡᠭᠵᠢᠭᠦᠯᠵᠦ᠂ ᠲᠠᠷᠢᠶᠠᠯᠠᠩ ᠬᠦᠳᠡᠭᠡ ᠲᠤᠰᠬᠤᠨ ᠢ ᠤᠷᠢᠳᠠᠪᠡᠷ ᠬᠦᠭᠵᠢᠭᠦᠯᠬᠦ ᠶᠢ ᠠᠭᠢᠭᠤᠯᠤᠨ᠎ᠠ᠃      ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ  ᠶᠢ ᠪᠠᠷᠢᠮᠲᠠᠯᠠᠬᠤ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠬᠠᠷᠢᠯᠴᠠᠨ ᠨᠢᠭᠲᠠ ᠤᠶᠠᠯᠳᠤᠭᠤᠯᠵᠤ᠂ ︽ᠠᠵᠤ ᠦᠢᠯᠡᠰ ᠦᠷᠨᠢᠩᠭᠦᠢ᠂ ᠠᠮᠢ ᠠᠬᠤᠢ ᠲᠠᠭᠠᠯᠠᠮᠵᠢᠲᠠᠢ᠂ ᠨᠤᠲᠤᠭ ᠤᠨ ᠵᠠᠩᠰᠢᠯ ᠪᠤᠯᠪᠠᠰᠤᠨ᠂ ᠵᠠᠰᠠᠨ ᠴᠡᠴᠡᠭᠯᠡᠯᠲᠡ ᠪᠦᠲᠦᠮᠵᠢᠲᠠᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠡᠷᠦᠩᠭᠡᠢ ᠱᠠᠭᠠᠷᠳᠠᠯᠭ᠎ᠠ ᠶᠤᠰᠤᠭᠠᠷ ᠲᠠᠷᠢᠶᠠᠯᠠᠩ ᠬᠦᠳᠡᠭᠡ ᠲᠤᠰᠬᠤᠨ ᠤ ᠪᠦᠬᠦ ᠲᠠᠯ᠎ᠠ ᠶᠢᠨ ᠳᠡᠭᠡᠭᠰᠢᠯᠡᠯᠲᠡ ᠬᠦᠭᠵᠢᠯᠲᠡ ᠶᠢ ᠲᠦᠯᠭᠢᠨ ᠠᠭᠢᠭᠤᠯᠤᠨ᠎ᠠ᠃     ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠡᠷᠬᠡᠪᠰᠢ ᠰᠠᠶᠢᠲᠤᠷ ᠬᠢᠨ᠎ᠡ᠃ ︽ᠲᠠᠪᠤ ᠶᠢ ᠨᠢᠭᠡ ᠴᠤᠭᠴᠠᠵᠢᠭᠤᠯᠬᠤ︾᠂ ︽ᠵᠢᠷᠭᠤᠭᠠᠨ ᠤᠨᠤᠪᠴᠢᠲᠠᠢ︾ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠠᠷᠢᠯ ᠢ ᠭᠦᠨᠵᠡᠭᠡᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯ ᠲᠠᠢ ᠡᠷᠦᠬᠡ ᠬᠢᠭᠡᠳ ᠶᠠᠳᠡᠭᠤ ᠬᠦᠴᠢᠷᠳᠡᠯ ᠤᠨ ᠪᠤᠰᠤ ᠡᠷᠦᠬᠡ᠂ ᠴᠢᠰᠤ ᠨᠦᠬᠦᠪᠦᠷᠢᠯᠡᠬᠦ ᠭᠢᠭᠡᠳ ᠴᠢᠰᠤ ᠦᠢᠯᠡᠳᠬᠦ᠂ ᠶᠠᠳᠡᠭᠤ ᠶᠢ ᠳᠡᠳᠬᠦᠬᠦ ᠭᠢᠭᠡᠳ ᠵᠤᠷᠢᠭ ᠤᠬᠠᠭᠠᠨ ᠢ ᠨᠢ ᠳᠡᠳᠬᠦᠬᠦ᠂ ᠰᠢᠪᠲᠤᠯᠬᠤ ᠭᠢᠭᠡᠳ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠠᠷᠢᠴᠠᠭ᠎ᠠ ᠶᠢ ᠨᠢᠭᠡᠳᠦᠯᠲᠠᠢ ᠲᠦᠯᠦᠪᠯᠡᠨ ᠰᠢᠢᠳᠪᠦᠷᠢᠯᠡᠵᠤ᠂ ︽ᠬᠤᠶᠠᠷ ᠵᠦᠢᠯ ᠳᠤ ᠡᠰᠡ ᠵᠤᠪᠠᠭ᠋ᠤ ᠭᠤᠷᠪᠠᠨ ᠪᠠᠲᠤᠯᠠᠭ᠎ᠠ︾ ᠳᠤ ᠴᠢᠭᠯᠡᠭᠦᠯᠵᠦ᠂ ᠪᠦᠲᠦᠮᠵᠢᠲᠠᠢ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠬᠤ ᠴᠢᠨᠠᠷ ᠢ ᠪᠠᠲᠤᠯᠠᠬᠤ ᠬᠡᠷᠡᠭᠲᠡᠢ᠃ ᠵᠢᠯ ᠤᠨ ᠳᠤᠲᠤᠷ᠎ᠠ 20 ᠭᠤᠤᠯᠳᠠᠯᠠᠭ᠎ᠠ ᠲᠠᠢ ᠶᠠᠳᠠᠭᠤ ᠬᠦᠴᠢᠷᠲᠠᠢ ᠲᠤᠰᠬᠤᠨ ᠢ ᠶᠠᠳᠠᠭᠤ ᠮᠠᠯᠠᠭᠠᠢ ᠶᠢ ᠨᠢ ᠲᠠᠶᠠᠭᠳᠠᠭᠤᠯᠵᠤ᠂ 6500 ᠨᠡᠷᠡᠰ ᠬᠦᠮᠦᠨ ᠢ ᠶᠠᠳᠠᠭᠤ ᠠᠴᠠ ᠠᠩᠭᠢᠵᠢᠷᠠᠭᠤᠯᠤᠨ᠎ᠠ᠃ ᠨᠢᠭᠡ ᠳᠤ᠂ ᠠᠵᠤ ᠦᠢᠯᠡᠰ ᠢᠶᠠᠷ ᠶᠠᠳᠠᠭᠤ ᠶᠢ ᠳᠡᠳᠬᠦᠬᠦ ᠦᠷ᠎ᠡ ᠪᠦᠲᠦᠭᠡᠯ ᠢᠶᠠᠨ ᠦᠷᠭᠡᠳᠬᠡᠨ ᠪᠠᠭᠢᠵᠢᠭᠦᠯᠦᠨ᠎ᠡ᠃ ᠤᠨᠴᠠᠯᠢᠭᠲᠤ ᠮᠠᠯᠵᠢᠬᠤ ᠲᠠᠷᠢᠶᠠᠯᠠᠬᠤ ᠦᠢᠯᠡᠰ᠂ ᠵᠤᠭᠠᠴᠡᠯ᠂  ᠡᠯᠧᠺᠲᠷᠣᠨ ᠬᠤᠳᠠᠯᠳᠤᠭ᠎ᠠ ᠵᠡᠷᠭᠡ ᠠᠵᠤ ᠦᠢᠯᠡᠰ ᠢ ᠭᠤᠤᠯᠳᠠᠯᠠᠭ᠎ᠠ ᠲᠠᠢ ᠬᠦᠮᠦᠵᠢᠭᠦᠯᠵᠤ᠂ ᠠᠵᠤ ᠦᠢᠯᠡᠰ ᠢ ︽ᠴᠢᠰᠤ ᠨᠦᠬᠦᠪᠦᠷᠢᠯᠡᠬᠦ ᠠᠴᠠ ᠴᠢᠰᠤ ᠦᠢᠯᠡᠳᠬᠦ︾ ᠴᠢᠳᠠᠪᠤᠷᠢ ᠲᠠᠢ ᠪᠤᠯᠭᠠᠨ᠂ ᠡᠷᠦᠬᠡ ᠪᠤᠯᠭᠠᠨ ᠤᠷᠤᠯᠭ᠎ᠠ ᠨᠡᠮᠡᠭᠳᠡᠭᠦᠯᠬᠦ ᠲᠦᠷᠦᠯ ᠵᠦᠢᠯ ᠲᠠᠢ᠂ ᠬᠦᠮᠦᠨ ᠪᠤᠯᠭᠠᠨ ᠶᠠᠳᠠᠭᠤ ᠠᠴᠠ ᠠᠩᠭᠢᠵᠢᠷᠠᠬᠤ ᠠᠷᠭ᠎ᠠ ᠵᠠᠮ ᠲᠠᠢ ᠪᠤᠯᠭᠠᠨ᠎ᠠ᠃ ︽ᠬᠤᠭᠤᠯᠠ ᠵᠠᠬᠢᠶᠠᠯᠠᠬᠤ ᠮᠠᠶᠠᠭ︾ ᠤᠨ ᠶᠠᠳᠠᠭᠤ ᠶᠢ ᠳᠡᠳᠬᠦᠬᠦ ᠬᠡᠯᠪᠡᠷᠢ ᠶᠢ ᠲᠡᠭᠦᠯᠳᠡᠷᠵᠢᠭᠦᠯᠵᠤ᠂ ᠠᠵᠤ ᠦᠢᠯᠡᠰ ᠤᠨ ᠬᠦᠭᠵᠢᠯᠲᠡ ᠶᠢᠨ ᠪᠡᠯᠡ ᠮᠦᠩᠭᠦ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠮᠢᠬᠠᠨ ᠤ ᠦᠬᠡᠷ᠂ ᠮᠢᠬᠠᠨ ᠤ ᠡᠯᠵᠢᠭᠡ ᠵᠡᠷᠭᠡ ᠲᠡᠵᠢᠭᠡᠪᠦᠷᠢ ᠶᠢᠨ ᠦᠢᠯᠡᠰ ᠤᠨ ᠶᠠᠳᠠᠭᠤ ᠶᠢ ᠳᠡᠳᠬᠦᠬᠦ ᠬᠤᠷᠰᠢᠬᠤ ᠲᠠᠪᠴᠠᠩ ᠢ ᠪᠠᠶᠢᠭᠤᠯᠵᠤ᠂ ᠵᠠᠬᠢᠶᠠᠯᠠᠵᠤ ᠡᠵᠡᠩᠨᠡᠬᠦ᠂ ᠬᠤᠪᠢ ᠤᠷᠤᠭᠤᠯᠬᠤ᠂ ᠠᠰᠢᠭ ᠬᠤᠪᠢᠶᠠᠬᠤ ᠵᠡᠷᠭᠡ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠪᠠᠷ ᠬᠤᠯᠪᠤᠯᠳᠤᠬᠤ ᠳᠤᠭᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠭᠤᠤᠯᠯᠠᠭᠴᠢ ᠠᠵᠤ ᠠᠬᠤᠶᠢᠯᠠᠯ ᠤᠨ ᠳᠠᠶᠢᠴᠢᠯᠠᠬᠤ ᠦᠷ᠎ᠡ ᠠᠰᠢᠭ ᠢ ᠳᠡᠭᠡᠭᠰᠢᠯᠡᠭᠦᠯᠵᠦ᠂ ᠶᠠᠳᠠᠭᠤ ᠡᠷᠦᠬᠡ ᠶᠢᠨ ᠤᠷᠤᠯᠭ᠎ᠠ ᠶᠢᠨ ᠢᠷᠡᠯᠲᠡ ᠶᠢ ᠳᠤᠭᠲᠠᠭᠤᠨ ᠪᠤᠯᠭᠠᠨ᠎ᠠ᠃ ᠶᠠᠳᠠᠭᠤ ᠶᠢ ᠳᠡᠳᠬᠦᠬᠦ ᠦᠢᠯᠡᠳᠪᠦᠷᠢ ᠶᠢᠨ ᠲᠠᠰᠤᠭ᠂ ᠭᠡᠷᠡᠯ ᠤᠨ ᠡᠨᠧᠷᠭᠢ ᠪᠠᠷ ᠶᠠᠳᠠᠭᠤ ᠶᠢ ᠳᠡᠳᠬᠦᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠭᠢᠨ ᠠᠬᠢᠭᠤᠯᠵᠤ᠂ ᠲᠤᠰᠬᠤᠨ ᠤ ᠬᠠᠮᠲᠦ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠲᠠᠷᠢᠶᠠᠯᠠᠩ ᠮᠠᠯᠵᠢᠯ ᠲᠠᠢ ᠬᠤᠯᠪᠤᠭᠳᠠᠬᠤ ᠪᠡᠯᠡ ᠮᠦᠩᠭᠦ ᠶᠢ ᠨᠢᠭᠡᠳᠬᠡᠵᠤ᠂ ᠲᠦᠮᠦᠰᠦ ᠬᠠᠳᠠᠭᠠᠯᠠᠬᠤ ᠬᠦᠮᠦᠷᠭᠡ ᠵᠡᠷᠭᠡ ᠶᠠᠳᠠᠭᠤ ᠶᠢ ᠳᠡᠳᠬᠦᠬᠦ ᠲᠦᠷᠦᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠵᠤ᠂ ᠬᠦᠳᠡᠭᠡ ᠲᠤᠰᠬᠤᠨ ᠤ ᠪᠡᠯᠡ ᠮᠦᠩᠭᠦ᠂ ᠬᠦᠷᠦᠩᠭᠡ᠂ ᠡᠬᠢ ᠪᠠᠶᠠᠯᠢᠭ ᠤᠨ ᠠᠰᠢᠭ ᠤᠯᠵᠠᠪᠦᠷᠢ ᠶᠢᠨ ᠬᠠᠷᠢᠴᠠᠯ ᠢ ᠪᠤᠵᠠᠭᠠᠶᠢᠷᠠᠭᠤᠯᠤᠨ᠎ᠠ᠃ ︽ᠢᠨᠲᠤᠷ ᠰᠦᠯᠵᠢᠶ᠎ᠡ + ᠬᠦᠳᠡᠭᠡ ᠲᠤᠰᠬᠤᠨ︾ ᠮᠡᠳᠡᠭᠡ ᠵᠠᠩᠭᠢ ᠶᠢᠨ ᠲᠠᠪᠴᠠᠩ ᠪᠤᠯᠤᠨ ︽ᠨᠡᠶᠢᠲᠡ ᠶᠢᠨ ᠠᠰᠠᠷᠠᠮᠵᠢ ᠶᠢᠨ ᠨᠡᠶᠢᠭᠡᠮ ᠤᠨ ᠪᠠᠲᠤᠯᠠᠪᠤᠷᠢ︾ ᠤᠨ ᠲᠦᠷᠦᠯ ᠵᠦᠢᠯ ᠢ ᠪᠦᠬᠦ ᠬᠦᠴᠦᠨ ᠢᠶᠠᠷ ᠬᠡᠷᠡᠭᠵᠢᠭᠦᠯᠦᠨ᠂ ᠲᠠᠷᠢᠶᠠᠯᠠᠩ ᠤᠨ ᠭᠠᠷᠤᠯᠲᠠ᠂ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠬᠦᠷ ᠢ ᠶᠡᠭᠡ ᠪᠠᠷ ᠨᠡᠭᠡᠭᠡᠵᠤ᠂ ᠳᠤᠭᠲᠠᠪᠦᠷᠢᠲᠠᠢ ᠪᠤᠷᠤᠯᠠᠭᠤᠯᠤᠯᠲᠠ ᠶᠢᠨ ᠵᠠᠮ ᠰᠤᠭᠤᠮ ᠢ ᠪᠠᠶᠢᠭᠤᠯᠵᠤ ᠦᠭᠭᠦᠨ᠎ᠡ ᠃ ᠮᠦᠩᠭᠦᠨ ᠬᠦᠢᠯᠭᠡᠭᠡ ᠶᠢᠨ ᠶᠠᠳᠠᠭᠤ ᠶᠢ ᠳᠡᠳᠬᠦᠬᠦ ᠬᠦᠴᠦᠨ ᠢᠶᠠᠨ ᠨᠡᠮᠡᠭᠳᠡᠭᠦᠯᠵᠦ᠂ ︽ᠵᠧᠩ ᠷᠥᠩ ᠪᠤᠥ︾ ᠲᠦᠷᠦᠯ ᠵᠦᠢᠯ ᠢ ᠢᠳᠡᠪᠬᠢᠲᠠᠢ ᠶᠠᠪᠤᠭᠳᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠬᠠᠪᠰᠤᠷᠴᠤ ᠳᠡᠳᠬᠦᠬᠦ ᠶᠢ ᠠᠬᠢᠭᠤᠯᠤᠨ᠎ᠠ᠃ᠬᠤᠶᠠᠷ ᠲᠤ᠂ ᠨᠠᠮ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠨᠳᠤᠤ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠪᠠ ᠠᠶᠤᠯ ᠲᠠᠢ ᠭᠡᠷ ᠪᠠᠶᠢᠰᠢᠩ ᠢ ᠵᠠᠰᠠᠬᠤ ᠠᠵᠢᠯ ᠢ ᠨᠢᠭᠡᠳᠦᠯᠲᠠᠢ ᠲᠦᠯᠭᠢᠨ ᠠᠬᠢᠭᠤᠯᠵᠤ᠂ 2098 ᠨᠡᠷᠡᠰ ᠶᠠᠳᠠᠭᠤ ᠬᠦᠴᠢᠷᠳᠡᠯᠲᠠᠢ ᠬᠦᠮᠦᠨ ᠢ ᠨᠡᠭᠦᠯᠭᠡᠬᠦ ᠡᠭᠦᠷᠭᠡ ᠪᠠᠨ ᠴᠢᠷᠮᠠᠶᠢᠨ ᠪᠡᠶᠡᠯᠡᠭᠦᠯᠵᠤ ᠂ ᠭᠡᠷ ᠪᠠᠶᠢᠰᠢᠩ ᠤᠨ ᠳᠠᠩᠰᠠ ᠡᠪᠬᠡᠮᠡᠯ ᠤᠨ ᠺᠠᠷᠲ ᠪᠠᠶᠢᠭᠤᠯᠬᠤ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠤ ᠦᠭᠭᠦᠨ᠎ᠡ᠃ ᠪᠠᠭ᠎ᠠ ᠰᠤᠷᠭᠠᠭᠤᠯᠢ ᠠᠴᠠ ᠶᠡᠭᠡ ᠰᠤᠷᠭᠠᠭᠤᠯᠢ ᠬᠦᠷᠲᠡᠯᠡᠬᠢ ᠰᠤᠷᠤᠯᠭ᠎ᠠ ᠶᠢᠨ ᠳᠡᠳᠬᠦᠮᠵᠢ ᠮᠦᠩᠭᠦ ᠶᠢᠨ ᠲᠦᠷᠦ ᠶᠢᠨ ᠪᠤᠳᠤᠯᠭ᠎ᠠ ᠶᠢ ᠰᠠᠶᠢᠨ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠠᠢ ᠡᠷᠦᠬᠡ ᠳᠤ ᠴᠢᠳᠠᠪᠤᠷᠢ ᠶᠢᠨ ᠪᠤᠯᠪᠠᠰᠤᠷᠠᠯ ᠢ ᠡᠷᠴᠢᠮᠲᠠᠢ ᠬᠢᠵᠤ᠂ ᠬᠦᠳᠡᠯᠮᠦᠷᠢᠯᠡᠬᠦ ᠴᠢᠳᠠᠪᠤᠷᠢ ᠪᠠ ᠴᠢᠨᠠᠷ ᠢ ᠳᠡᠭᠡᠭᠰᠢᠯᠡᠭᠦᠯᠦᠨ᠎ᠡ᠃ ︽ᠲᠦᠷᠪᠡᠨ ᠦᠢᠯᠡᠴᠢᠯᠡᠭᠡ  ᠨᠠᠢᠮᠠᠨ ᠪᠠᠲᠤᠯᠠᠭ᠎ᠠ︾᠂ ᠡᠮ ᠡᠮᠨᠡᠯᠭᠡ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠬᠦᠨ᠂ ᠠᠪᠤᠷᠠᠨ ᠲᠤᠰᠠᠯᠠᠬᠤ ᠪᠠᠶᠢᠭᠤᠯᠤᠮᠵᠢ ᠶᠢ ᠲᠡᠭᠦᠯᠳᠡᠷᠵᠢᠭᠦᠯᠵᠤ᠂ ᠳᠠᠩᠰᠠ ᠡᠪᠬᠡᠮᠡᠯ ᠤᠨ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠠᠢ ᠬᠦᠮᠦᠰ ᠤᠨ ᠬᠦᠨᠳᠦ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨᠲᠡᠨ ᠤ ᠳᠠᠩᠰᠠ ᠲᠠᠶᠢᠯᠬᠤ ᠬᠠᠷᠢᠴᠠᠯ ᠢᠶᠠᠨ 95% ᠠᠴᠠ ᠳᠡᠭᠡᠭᠰᠢ ᠪᠠᠶᠢᠯᠭᠠᠨ᠎ᠠ᠃ ᠤᠢ ᠰᠢᠭᠤᠢ ᠬᠠᠮᠠᠭᠠᠯᠠᠭᠴᠢ᠂ ᠠᠷᠢᠭᠤᠨ ᠴᠡᠪᠡᠷᠯᠡᠭᠴᠢ ᠵᠡᠷᠭᠡ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠦᠷᠭᠦᠯᠵᠢᠯᠡᠨ ᠨᠡᠭᠡᠭᠡᠵᠤ᠂ ᠶᠠᠳᠠᠭᠤ ᠬᠦ᠋ᠴᠢᠷᠳᠡᠯᠲᠠᠢ ᠬᠦᠮᠦᠨ ᠠᠮᠠ ᠳᠤ ᠠᠵᠢᠯ ᠤᠯᠭᠤᠨ ᠶᠠᠳᠠᠭᠤ ᠠᠴᠠ ᠠᠩᠭᠢᠵᠢᠷᠠᠬᠤ ᠶᠢ ᠬᠠᠪᠰᠤᠷᠤᠨ ᠳᠡᠮᠵᠢᠨ᠎ᠡ᠃ ᠬᠦᠳᠡᠯᠮᠦᠷᠢ ᠬᠦᠴᠦᠨ ᠤ ᠠᠵᠢᠯ ᠤᠯᠭᠤᠯᠲᠠ ᠪᠠᠷ ᠶᠠᠳᠠᠭᠤ ᠶᠢ ᠳᠡᠳᠬᠦᠵᠤ᠂ ᠠᠵᠢᠯ ᠤᠯᠭᠤᠯᠲᠠ ᠶᠢᠨ ᠠᠷᠭ᠎ᠠ ᠵᠠᠮ ᠢ ᠦᠷᠭᠡᠳᠬᠡᠨ ᠤᠷᠤᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠤᠭᠤᠲᠠ ᠪᠠᠨ ᠠᠭᠤᠳᠠᠯᠵᠤ ᠪᠠᠲᠤᠯᠠᠬᠤ ᠶᠢ ᠴᠢᠩᠭᠠᠳᠬᠠᠵᠤ᠂ ᠬᠦᠳᠡᠭᠡ ᠲᠤᠰᠬᠤᠨ ᠤ ᠳᠤᠤᠷ᠎ᠠ ᠪᠠᠲᠤᠯᠠᠪᠤᠷᠢ ᠭᠢᠭᠡᠳ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ᠂ ᠬᠤᠤᠰ ᠴᠢᠭᠯᠡᠯ ᠢᠶᠠᠷ ᠵᠠᠯᠭᠠᠨ ᠵᠤᠯᠭᠠᠭᠤᠯᠬᠤ ᠶᠢ ᠪᠡᠶᠡᠯᠡᠭᠦᠯᠵᠤ᠂ ᠳᠡᠳᠬᠦᠬᠦ ᠵᠤᠬᠢᠰᠲᠠᠢ ᠪᠦᠬᠦᠨ ᠢ ᠳᠡᠳᠬᠦᠵᠤ᠂ ᠪᠠᠲᠤᠯᠠᠬᠤ ᠵᠤᠬᠢᠰᠲᠠᠢ ᠪᠦᠬᠦᠨ ᠢ ᠪᠠᠲᠤᠯᠠᠨ᠎ᠠ᠃ ᠭᠤᠷᠪᠠ ᠳᠤ᠂ ᠶᠠᠳᠠᠭᠤ ᠠᠴᠠ ᠠᠩᠭᠢᠵᠢᠷᠠᠬᠤ ᠰᠢᠪᠲᠤᠯᠤᠯᠲᠠ ᠶᠢᠨ ᠬᠦᠴᠦᠨ ᠢ ᠨᠢᠭᠲᠠᠷᠠᠭᠤᠯᠤᠨ᠎ᠠ᠃ ᠮᠤᠵᠢ ᠶᠢᠨ ᠳᠡᠰ ᠤᠨ ᠤᠳᠤᠷᠢᠳᠤᠯᠭ᠎ᠠ ᠬᠤᠯᠪᠤᠭᠠᠯᠠᠨ ᠶᠠᠳᠠᠭᠤ ᠶᠢ ᠳᠡᠳᠬᠦᠬᠦ᠂ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠶᠠᠳᠠᠭᠤ ᠶᠢ ᠳᠡᠳᠬᠦᠬᠦ ᠲᠤᠬᠢᠶᠠᠯ ᠪᠠ ᠪᠡᠭᠡᠵᠢᠩ ᠦᠪᠦᠷ ᠮᠤᠩᠭᠤᠯ ᠤᠨ ᠠᠭᠤᠯᠵᠠᠭᠤᠷ ᠤᠨ ᠶᠠᠳᠠᠭᠤ ᠶᠢ ᠬᠠᠪᠰᠤᠷᠬᠤ ᠲᠠᠪᠴᠠᠩ ᠤᠨ ᠵᠠᠪᠰᠢᠶᠠᠨ ᠢ ᠠᠰᠢᠭᠯᠠᠵᠤ᠂ ᠲᠦᠷᠦᠯ ᠵᠦᠢᠯ ᠢᠶᠠᠨ ᠨᠠᠷᠢᠨ ᠨᠢᠭᠲᠠ ᠰᠦᠪᠡᠭᠴᠢᠯᠡᠵᠦ᠂ ᠵᠠᠯᠭᠠᠯᠳᠤᠨ ᠬᠠᠮᠵᠢᠯᠴᠠᠬᠤ ᠪᠠᠨ ᠦᠷᠭᠡᠳᠬᠡᠨ᠂ ᠬᠠᠮᠤᠭ ᠶᠡᠭᠡ ᠳᠡᠮᠵᠢᠯᠭᠡ ᠶᠢ ᠤᠯᠬᠤ ᠪᠠᠷ ᠴᠢᠷᠮᠠᠶᠢᠶ᠎ᠠ᠃ ᠰᠢᠶᠠᠨ ᠰᠢᠶᠠᠩ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠩ ᠪᠠᠯᠭᠠᠰᠤ ᠶᠢᠨ ᠺᠠᠲᠠᠷ᠂ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠶᠠᠳᠠᠭᠤ ᠶᠢ ᠬᠠᠪᠰᠤᠷᠴᠤ ᠳᠡᠳᠬᠦᠬᠦ ᠬᠠᠷᠢᠭᠤᠴᠠᠯᠭᠠᠲᠦ ᠬᠦᠮᠦᠨ ᠵᠡᠷᠭᠡ ᠬᠦᠮᠦᠰ ᠤᠨ ᠦᠢᠯᠡᠳᠦᠯᠭᠡ ᠶᠢ ᠰᠠᠶᠢᠲᠤᠷ ᠪᠠᠳᠠᠷᠠᠭᠤᠯᠵᠤ᠂ ᠶᠠᠳᠠᠭᠤ ᠬᠦᠴᠢᠷᠳᠡᠯᠲᠠᠢ ᠡᠷᠦᠬᠡ ᠶᠢ ᠬᠠᠪᠰᠤᠷᠴᠤ᠂ ᠠᠵᠤ ᠦᠢᠯᠡᠰ ᠤᠨ ᠬᠦᠭᠵᠢᠯᠲᠡ ᠶᠢ ᠰᠠᠶᠢᠲᠤᠷ ᠬᠢᠨ᠎ᠡ᠃ ᠬᠤᠳᠠᠯ ᠬᠡᠯᠡᠵᠤ ᠬᠤᠯᠤ ᠲᠠᠷᠢᠬᠤ ᠶᠢ ᠡᠷᠡᠰ ᠲᠡᠪᠴᠢᠵᠤ᠂ ᠲᠤᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠶᠢ ᠡᠷᠡᠰ ᠬᠤᠷᠢᠭᠯᠠᠨ᠂ ᠦᠨᠡᠨ ᠪᠤᠳᠠᠲᠠᠢ ᠪᠠᠷ ᠶᠠᠳᠡᠭᠤ ᠠᠴᠠ ᠠᠩᠭᠢᠵᠢᠷᠠᠭᠤᠯᠤᠨ᠎ᠠ᠃      ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠯᠠᠪᠳᠠᠭᠤᠨ ᠬᠦᠭᠵᠢᠭᠦᠯᠦᠶ᠎ᠡ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠴᠢᠭᠯᠡᠯ ᠢ ᠪᠠᠷᠢᠮᠲᠠᠯᠠᠵᠤ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠠᠮᠦᠷ ᠲᠦᠪᠰᠢᠨ᠂ ᠰᠢᠯᠢᠳᠡᠭ᠂ ᠦᠷ᠎ᠡ ᠠᠰᠢᠭ ᠦᠨᠳᠦᠷ᠂ ᠪᠤᠬᠢᠷᠳᠤᠯ ᠦᠭᠡᠢ ᠵᠡᠷᠭᠡ ᠪᠠᠷ ᠭᠤᠤᠯ ᠪᠤᠯᠭᠠᠭᠰᠠᠨ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠵᠦ᠂ ᠪᠡᠭᠡᠵᠢᠩ᠂ ᠲᠢᠶᠠᠨᠵᠢᠨ᠂ ᠾᠧᠪᠧᠢ ᠵᠡᠷᠭᠡ ᠭᠠᠵᠠᠷ ᠤᠷᠤᠨ ᠳᠤ ᠬᠠᠨᠳᠤᠭᠰᠠᠨ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠤᠯᠪᠠᠰᠤᠷᠠᠭᠤᠯᠵᠤ᠂ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠨᠢᠭᠡ ᠳᠤ᠂ ᠠᠵᠤ ᠦᠢᠯᠡᠰᠵᠢᠯᠲᠡ ᠶᠢᠨ ᠠᠭᠢᠴᠠ ᠪᠠᠨ ᠲᠦᠷᠭᠡᠳᠬᠡᠨ᠎ᠡ᠃ ᠲᠦᠮᠦᠰᠦ᠂ ᠬᠦᠢᠲᠡᠨ ᠰᠡᠷᠢᠭᠦᠨ ᠢᠳᠡᠰᠢᠨ ᠨᠤᠭᠤᠭ᠎ᠠ᠂ ᠨᠤᠬᠠᠢ ᠶᠢᠨ ᠬᠤᠰᠢᠭᠤ᠂ ᠬᠤᠯᠢᠮᠠᠭ ᠠᠮᠦ᠂ ᠬᠤᠯᠢᠮᠠᠭ ᠪᠤᠷᠴᠠᠭ᠂ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠤ ᠮᠢᠬ᠎ᠠ᠂ ᠡᠯᠵᠢᠭᠡᠨ ᠮᠢᠬ᠎ᠠ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠠᠵᠤ ᠦᠢᠯᠡᠰ ᠢ ᠭᠤᠤᠯᠳᠠᠵᠤ ᠬᠦᠭᠵᠢᠭᠦᠯᠦᠨ᠎ᠡ᠃ ᠵᠢᠯ ᠤᠨ ᠳᠤᠲᠤᠷ᠎ᠠ ᠲᠦᠮᠦᠰᠦ᠂ ᠬᠦᠢᠲᠡᠨ ᠰᠡᠷᠢᠭᠦᠨ ᠢᠳᠡᠰᠢᠨ ᠨᠤᠭᠤᠭ᠎ᠠ᠂ ᠨᠤᠬᠠᠢ ᠶᠢᠨ ᠬᠤᠰᠢᠭᠤ᠂ ᠬᠤᠯᠢᠮᠠᠭ ᠠᠮᠤ᠂ ᠬᠤᠯᠢᠮᠠᠭ ᠪᠤᠷᠴᠠᠭ ᠤᠨ ᠲᠠᠷᠢᠬᠤ ᠲᠠᠯᠠᠪᠠᠢ ᠶᠢ ᠲᠤᠰ ᠪᠦᠷᠢ 45 ᠲᠦᠮᠡᠨ ᠮᠦ᠂ 10 ᠲᠦᠮᠡᠨ ᠮᠦ᠂ 11 ᠲᠦᠮᠡᠨ ᠮᠦ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠭᠠᠭ᠋ᠠᠢ᠂ ᠮᠢᠬᠠᠨ ᠤ ᠦᠬᠡᠷ᠂ ᠮᠢᠬᠠᠨ ᠤ ᠡᠯᠵᠢᠭᠡ᠂ ᠮᠢᠬᠠᠨ ᠤ ᠬᠤᠨᠢ ᠵᠡᠷᠭᠡ ᠵᠢᠯ ᠤᠨ ᠬᠠᠰᠢᠶᠠᠨ ᠠᠴᠠ ᠭᠠᠷᠬᠤ ᠲᠤᠭ᠎ᠠ ᠶᠢ ᠲᠤᠰ ᠪᠦᠷᠢ 16 ᠲᠦᠮᠡ᠂ 3 ᠲᠦᠮᠡ᠂ 1 ᠲᠦᠮᠡ ᠪᠠ 110 ᠲᠦᠮᠡ ᠬᠦᠷᠭᠡᠬᠦ ᠶᠢ ᠪᠠᠲᠤᠯᠠᠨ᠎ᠠ᠃ ᠳ᠋ᠠ ᠪᠧᠢ ᠨᠦᠩ ᠭᠠᠭ᠋ᠠᠢ ᠲᠡᠵᠢᠭᠡᠬᠦ ᠰᠠᠭᠤᠷᠢᠨ ᠭᠠᠵᠠᠷ ᠪᠠᠶᠢᠭᠤᠯᠬᠤ ᠶᠢ ᠪᠠᠲᠤᠯᠠᠵᠤ᠂ ᠵᠧᠩ ᠳ᠋ᠠ ᠭᠠᠭ᠋ᠠᠢ ᠲᠡᠵᠢᠭᠡᠬᠦ ᠰᠠᠭᠤᠷᠢᠨ ᠭᠠᠵᠠᠷ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠵᠠᠩ ᠭᠤᠣ᠂ ᠳ᠋ᠠ ᠲᠦᠩ ᠶᠤᠤ ᠬᠤᠶᠠᠷ ᠭᠠᠵᠠᠷ ᠤᠨ ᠡᠭᠦᠯᠳᠡᠷ ᠤᠨ ᠡᠯᠵᠢᠭᠡ ᠦᠷᠡᠵᠢᠭᠦᠯᠬᠦ ᠲᠠᠯᠠᠪᠠᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠶᠢᠰᠯᠡᠯ ᠤᠨ ᠵᠠᠬ᠎ᠠ ᠳᠡᠯᠭᠡᠭᠦᠷ ᠲᠤ ᠬᠠᠨᠳᠤᠭᠤᠯᠵᠤ᠂ ᠪᠡᠭᠡᠵᠢᠩ ᠬᠤᠲᠠ ᠶᠢᠨ ᠠᠷᠠᠳ ᠲᠦᠮᠡᠨ ᠤ ︽ᠲᠦᠪ ᠤᠨ ᠲᠤᠭᠤᠭᠠᠨ ᠭᠡᠷ︾ ᠪᠠ ︽ᠨᠤᠭᠤᠭ᠎ᠠ ᠶᠢᠨ ᠰᠠᠭᠰᠤ︾ ᠵᠡᠷᠭᠡ ᠶᠢ ᠢᠳᠡᠪᠬᠢᠲᠠᠢ ᠪᠠᠶᠢᠭᠤᠯᠵᠤ᠂ ᠵᠢᠯ ᠤᠨ ᠳᠤᠲᠤᠷ᠎ᠠ ᠢᠳᠡᠭᠡᠨ ᠪᠤᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠢ ᠨᠢᠭᠡ ᠶᠢ ᠪᠠᠶᠢᠭᠤᠯᠵᠤ᠂ ᠢᠳᠡᠰᠢᠨ ᠨᠤᠭᠤᠭ᠎ᠠ᠂ ᠮᠢᠬ᠎ᠠ ᠵᠡᠷᠭᠡ ᠶᠢᠨ ᠪᠦᠲᠦᠭᠡᠭᠳᠡᠬᠦᠨ ᠤ ᠴᠢᠨᠠᠷ ᠢ ᠳᠡᠭᠡᠭᠰᠢᠯᠡᠭᠦᠯᠦᠨ᠎ᠡ᠃ ᠰᠢᠩ ᠯᠦᠩ ᠢᠳᠡᠭᠡᠨ᠂ ᠾᠧ ᠤᠪᠤᠭᠲᠤ ᠶᠢᠨ ᠠᠮᠤ ᠲᠤᠰᠤ᠂ ᠲᠦᠩ ᠾᠧᠩ ᠠᠮᠤ ᠲᠤᠰᠤ ᠵᠡᠷᠭᠡ ᠠᠵᠤ ᠠᠬᠤᠶᠢᠯᠠᠯ ᠢ ᠢᠳᠡᠪᠬᠢᠲᠠᠢ ᠳᠡᠮᠵᠢᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠤᠯᠪᠠᠰᠤᠷᠠᠭᠤᠯᠬᠤ ᠦᠢᠯᠡᠰ ᠢ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠢ ᠡᠵᠡᠯᠡᠬᠦ ᠬᠤᠪᠢ ᠲᠤᠭ᠎ᠠ ᠶᠢ ᠦᠷᠭᠡᠳᠬᠡᠨ᠎ᠡ᠃ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠡᠪᠡᠳᠴᠢᠨ ᠢ ᠰᠡᠷᠭᠡᠶᠢᠯᠡᠬᠦ᠂ ᠭᠠᠮᠰᠢᠭ ᠢ ᠲᠤᠭᠤᠯᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠦᠷᠭᠦᠯᠵᠢᠯᠡᠬᠦ ᠪᠤᠯᠤᠮᠵᠢᠲᠠᠢ ᠬᠦᠭᠵᠢᠯᠲᠡ ᠶᠢ ᠲᠦᠯᠭᠢᠨ ᠠᠭᠢᠭᠤᠯᠤᠨ᠎ᠠ᠃ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠶᠤᠨ ᠴᠢᠳᠠᠪᠤᠷᠢᠲᠠᠢ ᠬᠦᠯᠡᠮᠵᠢ᠂ ᠢᠳᠡᠰᠢᠨ ᠨᠤᠭᠤᠭ᠎ᠠ ᠶᠢᠨ ᠳᠤᠯᠠᠭᠠᠨ ᠰᠦᠯᠢᠶᠤᠤ ᠪᠦᠷᠬᠦᠭᠡ᠂ ᠲᠤᠰᠤᠯᠭᠠᠨ ᠤᠰᠤᠯᠠᠬᠤ ᠵᠡᠷᠭᠡ ᠦᠨᠳᠦᠷ ᠦᠷ᠎ᠡ ᠠᠰᠢᠭ ᠲᠠᠢ ᠲᠦᠬᠦᠭᠡᠷᠦᠮᠵᠢᠲᠦ ᠲᠠᠷᠢᠶᠠᠯᠠᠩ ᠢ ᠬᠤᠶᠠᠷ ᠲᠦᠮᠡᠨ ᠮᠦ ᠰᠢᠨ᠎ᠡ ᠪᠠᠷ ᠪᠠᠶᠢᠭᠤᠯᠵᠤ᠂ ᠲᠠᠷᠢᠶᠠᠯᠠᠩ ᠠᠵᠤ ᠠᠬᠤᠢ ᠶᠢᠨ ᠮᠠᠰᠢᠨᠴᠢᠯᠠᠭᠰᠠᠨ ᠭᠢᠷᠢ ᠬᠡᠮᠵᠢᠶ᠎ᠡ ᠶᠢ 82% ᠠᠴᠠ ᠳᠡᠭᠡᠭᠰᠢ ᠪᠤᠯᠭᠠᠨ᠎ᠠ᠃ ᠪᠤᠷᠳᠤᠭᠤᠷ ᠢ ᠲᠤᠭᠢᠷᠠᠭᠤᠯᠬᠤ᠂ ᠲᠠᠷᠢᠶᠠᠨ ᠡᠮ ᠢ ᠲᠤᠭᠢᠷᠠᠭᠤᠯᠬᠤ᠂ ᠪᠦᠷᠬᠦᠭᠦᠯ ᠢ ᠲᠤᠬᠢᠷᠠᠭᠤᠯᠬᠤ᠂ ᠤᠰᠤ ᠶᠢ ᠲᠤᠬᠢᠷᠠᠭᠤᠯᠬᠤ ᠵᠡᠷᠭᠡ ︽ᠲᠦᠷᠪᠡᠨ ᠲᠤᠭᠢᠷᠠᠭᠤᠯᠭ᠎ᠠ︾ ᠢ ᠡᠷᠴᠢᠮ ᠲᠠᠢ ᠶᠠᠪᠤᠭᠳᠠᠭᠤᠯᠵᠤ᠂ ᠵᠢᠯ ᠤᠨ ᠳᠤᠲᠤᠷ᠎ᠠ ᠤᠰᠤᠯᠠᠯᠲᠠ ᠶᠢᠨ ᠤᠷᠤᠨ ᠳᠤ ᠨᠢᠭᠡ ᠲᠦᠮᠡᠨ ᠮᠦ ᠤᠰᠤ ᠠᠷᠪᠢᠯᠠᠬᠤ ᠦᠭᠡᠷᠡᠴᠢᠯᠡᠯᠲᠡ ᠶᠢ ᠪᠡᠶᠡᠯᠡᠭᠦᠯᠵᠦ᠂ ᠨᠢᠭᠡ ᠲᠦᠮᠡᠨ ᠮᠦ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠦᠭᠰᠡᠨ᠂ ᠭᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠨ᠂ ᠦᠷ᠎ᠡ ᠪᠦᠲᠦᠭᠡᠮᠵᠢ ᠶᠢ ᠨᠡᠮᠡᠭᠳᠡᠭᠦᠯᠦᠭᠰᠡᠨ ᠵᠢᠱᠢᠶ᠎ᠡ ᠦᠵᠡᠭᠦᠯᠬᠦ‍ ᠨᠢᠭᠡ ᠲᠦᠮᠡᠨ ᠮᠦ ᠲᠠᠷᠢᠶᠠᠨ ᠭᠠᠵᠠᠷ ᠵᠢᠴᠢ ᠠᠮᠦ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢᠨ ᠤᠷᠤᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ ᠬᠠᠮᠠᠭᠠᠯᠠᠯᠲᠠ ᠶᠢᠨ ᠤᠷᠤᠨ ᠢ ᠵᠢᠷᠤᠨ ᠲᠤᠭᠲᠠᠭᠠᠬᠤ ᠲᠦᠷᠦᠯ ᠵᠦᠢᠯ ᠤᠨ ᠪᠠᠶᠢᠭᠤᠯᠤᠯᠲᠠ ᠶᠢ ᠪᠦᠲᠦᠭᠡᠨ ᠪᠠᠶᠢᠭᠤᠯᠵᠤ ᠪᠡᠶᠡᠯᠡᠭᠦᠯᠬᠦ ᠶᠢ ᠪᠠᠲᠤᠯᠠᠨ᠎ᠠ᠃ ᠭᠤᠷᠪᠠ ᠳᠤ᠂ ᠦᠢᠯᠡᠳᠪᠦᠷᠢᠯᠡᠬᠦ ᠡᠵᠡᠩᠨᠡᠬᠦ ᠰᠢᠰᠲ᠋ᠧᠮ ᠢ ᠪᠦᠷᠢᠨ ᠲᠡᠭᠦᠯᠳᠡᠷ ᠪᠤᠯᠭᠠᠨ᠎ᠠ᠃ ᠭᠠᠵᠠᠷ ᠰᠢᠷᠤᠢ ᠶᠢᠨ ᠡᠬᠢ ᠪᠠᠶᠠᠯᠢᠭ ᠢ ᠬᠦᠴᠦᠯᠡᠨ ᠨᠢᠭᠡᠳᠬᠡᠵᠤ᠂ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠵᠦᠷᠢᠴᠡᠯ ᠵᠢᠭᠤᠷᠠᠯᠳᠤᠭᠠᠨ ᠢ ᠢᠳᠡᠪᠬᠢᠲᠠᠢ ᠪᠠᠷ ᠨᠠᠮᠳᠠᠭᠤᠯᠵᠤ᠂ ᠭᠠᠵᠠᠷ ᠰᠢᠷᠤᠢ ᠶᠢᠨ ᠡᠷᠬᠡ ᠶᠢᠨ ᠳᠤᠭᠲᠠᠭᠠᠯᠲᠠ ᠶᠢᠨ ᠳᠡᠭᠡᠭᠰᠢᠯᠡᠯᠲᠡ᠂ ᠦᠨᠡᠮᠯᠡᠯ ᠤᠯᠭᠤᠯᠲᠠ ᠶᠢᠨ ᠠᠵᠢᠯ ᠢ ᠪᠡᠶᠡᠯᠡᠭᠦᠯᠦᠨ᠎ᠡ᠃ ᠬᠦᠳᠡᠭᠡ ᠲᠤᠰᠬᠤᠨ ᠤ ᠦᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠤ᠂ ᠭᠠᠵᠠᠷ ᠰᠢᠷᠤᠢ ᠶᠢᠨ ᠡᠵᠡᠩᠨᠡᠬᠦ ᠡᠷᠬᠡ ᠶᠢ ᠡᠮᠬᠢ ᠳᠢᠭᠯᠡᠮ ᠲᠠᠢ ᠬᠠᠤᠯᠢ ᠶᠤᠰᠤ ᠶᠢᠨ ᠰᠢᠯᠵᠢᠭᠦᠯᠦᠯᠲᠡ ᠶᠢ ᠳᠦᠯᠭᠢᠨ ᠠᠭᠢᠭᠤᠯᠵᠤ᠂ ᠲᠠᠷᠢᠶᠠᠴᠢᠳ ᠤᠨ ᠭᠠᠵᠠᠷ ᠰᠢᠷᠤᠢ ᠪᠡᠯᠴᠢᠭᠡᠷ ᠤᠨ ᠰᠢᠯᠵᠢᠭᠦᠯᠦᠯᠲᠡ᠂ ᠨᠠᠶᠢᠳᠠᠵᠤ ᠬᠠᠮᠢᠶᠠᠷᠬᠤ᠂ ᠬᠤᠪᠢ ᠤᠷᠤᠭᠤᠯᠬᠤ ᠵᠡᠷᠭᠡ ᠬᠡᠯᠪᠡᠷᠢ ᠪᠠᠷ ᠳᠠᠮᠵᠢᠵᠤ᠂ ᠠᠵᠤ ᠦᠢᠯᠡᠰ ᠲᠤ ᠤᠷᠤᠯᠴᠠᠨ ᠡᠵᠡᠩᠨᠡᠬᠦ ᠶᠢ ᠬᠦᠬᠢᠬᠦᠯᠦᠨ ᠵᠤᠷᠢᠭᠵᠢᠭᠤᠯᠵᠤ᠂ ᠵᠢᠯ ᠤᠨ ᠳᠤᠲᠤᠷ᠎ᠠ ᠭᠠᠵᠠᠷ ᠰᠢᠷᠤᠢ ᠶᠢᠨ ᠰᠢᠯᠵᠢᠭᠦᠯᠦᠯᠲᠡ ᠶᠢᠨ ᠲᠠᠯᠠᠪᠠᠢ ᠶᠢ ᠨᠢᠭᠡ ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠴᠢᠨ ᠤ ᠲᠤᠰᠬᠠᠢ ᠬᠠᠮᠲᠤᠷᠠᠭᠰᠠᠨ ᠬᠤᠷᠰᠢᠶ᠎ᠠ᠂ ᠲᠠᠷᠢᠶᠠᠯᠠᠬᠤ ᠦᠢᠯᠡᠰ ᠤᠨ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠢᠴᠢ ᠡᠯ᠎ᠡ ᠲᠦᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠲᠠᠰᠤᠷᠠᠯᠲᠠ ᠦᠬᠡᠢ ᠬᠦᠮᠦᠵᠢᠭᠦᠯᠦᠨ ᠬᠦᠭᠵᠢᠭᠦᠯᠦᠨ᠎ᠡ᠃ ᠬᠠᠭᠤᠳᠠᠰᠤ ᠪᠠᠷ ᠵᠠᠭᠢᠶᠠᠯᠠᠬᠤ᠂ ᠰᠢᠭᠤᠳ ᠪᠤᠷᠤᠯᠠᠭᠤᠯᠬᠤ᠂ ᠲᠤᠬᠢᠷᠠᠭᠤᠯᠤᠨ ᠬᠦᠷᠭᠡᠬᠦ ᠬᠤᠯᠪᠤᠭ᠎ᠠ᠂ ᠤᠯᠤᠰ ᠤᠨ ᠡᠯᠤᠺᠳ᠋ᠷᠦᠨ ᠬᠤᠳᠠᠯᠳᠤᠭ᠎ᠠ ᠬᠦᠳᠡᠭᠡ ᠲᠤᠰᠬᠤᠨ ᠳᠤ ᠤᠷᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠶᠠᠰᠤ ᠴᠢᠨᠠᠷ ᠠᠮᠤᠷ ᠲᠦᠪᠰᠢᠨ ᠢ ᠬᠢᠨᠠᠨ ᠬᠠᠮᠢᠶᠠᠷᠠᠬᠤ  ᠰᠢᠰᠲ᠋ᠧᠮ ᠢ ᠪᠦᠷᠢᠯᠳᠦᠭᠦᠯᠦᠨ᠂ ᠬᠤᠤᠷᠳᠠᠯ ᠦᠬᠡᠢ᠂ ᠪᠤᠬᠢᠷᠳᠤᠯ ᠦᠭᠡᠢ᠂ ᠤᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ︽ᠭᠤᠷᠪᠠᠨ ᠲᠠᠸᠠᠷ ᠨᠢᠭᠡ ᠲᠡᠮᠳᠡᠭ︾ ᠤᠨ ᠭᠡᠷᠡᠴᠢᠯᠡᠬᠦ ᠠᠵᠢᠯ ᠢ ᠬᠦᠴᠦᠷᠭᠡᠭᠵᠢᠭᠦᠯᠵᠦ᠂ ᠬᠤᠶᠠᠷ ᠠᠵᠤ ᠠᠬᠤᠶᠢᠯᠠᠯ ᠤᠨ ᠭᠡᠷᠡᠴᠢᠯᠡᠯ ᠢ ᠪᠡᠶᠡᠯᠡᠭᠦᠯᠦᠨ᠎ᠡ᠃      ︽ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ ︾ ᠢ ᠦᠷᠭᠦᠯᠵᠢᠯᠡᠨ ᠰᠠᠶᠢᠲᠤᠷ ᠪᠦᠲᠦᠭᠡᠨ ᠪᠠᠶᠢᠭᠤᠯᠤᠨ᠎ᠠ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠬᠦᠳᠡᠭᠡ ᠲᠤᠰᠬᠤᠨ ᠤ ᠤᠤᠭᠤᠬᠤ ᠤᠰᠤᠨ ᠤ ᠠᠶᠤᠯᠭᠦᠢ ᠶᠢ ᠪᠠᠲᠤᠯᠠᠨ ᠳᠡᠭᠡᠭᠰᠢᠯᠡᠬᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠤ ᠴᠠᠬᠢᠯᠭᠠᠨ ᠲᠤᠤᠷ ᠢ ᠦᠭᠡᠷᠡᠴᠢᠯᠡᠨ ᠳᠡᠭᠡᠭᠰᠢᠯᠡᠭᠦᠯᠵᠦ᠂ ᠬᠦᠳᠡᠭᠡ ᠲᠤᠰᠬᠤᠨ ᠤ ᠵᠠᠰᠠᠮᠠᠯ ᠵᠠᠮ ᠢ ᠰᠠᠶᠢᠲᠤᠷ ᠰᠡᠯᠪᠢᠨ ᠬᠠᠮᠠᠭᠠᠯᠠᠵᠤ ᠡᠵᠡᠩᠨᠡᠨ᠎ᠡ᠃ ᠬᠦᠳᠡᠭᠡ ᠲᠤᠰᠬᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ ᠶᠢ ᠴᠡᠭᠴᠡᠯᠡᠵᠦ᠂ ᠰᠠᠶᠢᠵᠢᠷᠠᠭᠤᠯᠤᠨ ᠶᠠᠪᠤᠭᠳᠠᠭᠤᠯᠵᠤ᠂ ᠬᠦᠳᠡᠭᠡ ᠲᠤᠰᠬᠤᠨ ᠤ ᠬᠤᠭ ᠨᠤᠪᠰᠢ ᠶᠢ  ᠰᠢᠢᠳᠪᠦᠷᠢᠯᠡᠬᠦ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠶᠠᠪᠤᠭᠳᠠᠭᠤᠯᠵᠤ᠂ ︽ᠵᠤᠷᠯᠤᠩ ᠤᠨ ᠬᠤᠪᠢᠰᠬᠠᠯ︾ ᠢ ᠲᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠬᠦᠭᠵᠢᠯᠲᠡ ᠲᠠᠢ ᠤᠶᠠᠯᠳᠤᠭᠤᠯᠤᠨ᠂ ᠨᠢᠭᠡ ᠪᠦᠯᠦᠭ ᠬᠦᠮᠦᠨ ᠠᠮᠠ ᠴᠤᠭᠯᠠᠷᠠᠨ ᠨᠢᠭᠲᠠᠷᠠᠭᠰᠠᠨ᠂ ᠠᠵᠤ ᠦᠢᠯᠡᠰ ᠬᠦᠭᠵᠢᠭᠰᠡᠨ᠂ ᠵᠤᠭᠠᠴᠠᠨ ᠰᠡᠯᠡᠭᠦᠴᠡᠮᠡᠷ᠂ ᠰᠠᠶᠢᠨ ᠰᠠᠶᠢᠬᠠᠨ ᠤᠳᠤᠮᠰᠢᠯ ᠲᠠᠢ᠂ ᠪᠠᠶᠢᠭᠠᠯᠢ ᠶᠢᠨ ᠦᠩᠭᠡ ᠦᠵᠡᠮᠵᠢ ᠪᠦᠷᠢᠳᠦᠭᠰᠡᠨ ᠤᠯᠠᠨ ᠰᠠᠶᠢᠬᠠᠨ ᠤᠨᠴᠠᠯᠢᠭᠲᠤ ᠬᠦᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ᠬᠦᠳᠡᠭᠡ ᠲᠤᠰᠬᠤᠨ ᠤ ᠰᠤᠶᠤᠯ ᠰᠤᠷᠭᠠᠨ ᠬᠦᠮᠦᠵᠢᠯ᠂ ᠡᠮᠨᠡᠯᠭᠡ ᠡᠷᠡᠭᠦᠯ ᠬᠠᠮᠠᠭᠠᠯᠠᠯ ᠵᠡᠷᠭᠡ ᠠᠵᠢᠯ ᠦᠢᠯᠡᠰ ᠤᠨ ᠬᠦᠭᠵᠢᠯᠲᠡ ᠶᠢ ᠠᠬᠢᠭᠤᠯᠵᠤ᠂ ᠥᠪᠡᠷ ᠢᠶᠠᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠢ ᠮᠡᠳᠡᠳᠡᠭ᠂ ᠬᠦᠳᠡᠭᠡ ᠲᠤᠰᠬᠤᠨ ᠢ ᠬᠠᠶᠢᠷᠠᠯᠠᠳᠠᠭ᠂ ᠲᠠᠷᠢᠶᠠᠴᠢᠨ ᠢ ᠬᠠᠶᠢᠷᠠᠯᠠᠳᠠᠭ ︽ᠭᠤᠷᠪᠠᠨ ᠲᠠᠷᠢᠶᠠᠯᠠᠩ︾ ᠤᠨ ᠠᠵᠢᠯᠯᠠᠬᠤ ᠡᠩᠨᠡᠭᠡ ᠶᠢ ᠪᠣᠶᠢᠵᠢᠭᠤᠯᠤᠨ ᠪᠤᠢ ᠪᠤᠯᠭᠠᠨ᠎ᠠ᠃      ︵ᠬᠤᠶᠠᠷ︶ ᠬᠡᠯᠪᠡᠷᠢ ᠪᠠᠨ ᠰᠤᠯᠢᠵᠤ ᠳᠡᠰ ᠳᠡᠪᠰᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠪᠤᠳᠠᠲᠦ ᠴᠤᠭᠴᠠ ᠶᠢᠨ ᠠᠵᠤ ᠠᠬᠤᠢ ᠶᠢᠨ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃      ᠳᠠᠪᠠᠭᠤᠯᠢᠭ ᠠᠵᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ ᠪᠡᠭᠡᠵᠢᠩ ᠤᠨ ᠵᠢᠩ ᠮᠧᠩ ᠪᠠᠯ ᠴᠢᠯᠠᠭᠤ ᠶᠢᠨ ᠰᠢᠨ᠎ᠡ  ᠮᠠᠲ᠋ᠧᠷᠢᠶᠠᠯ ᠢ ᠡᠭᠦᠳᠦᠨ ᠰᠤᠳᠤᠯᠬᠤ ᠬᠦᠷᠢᠶᠡᠯᠡᠩ ᠢ ᠲᠦᠰᠢᠭᠯᠡᠨ᠂ ᠷᠦᠢ ᠱᠧᠩ ᠪᠠᠯ ᠴᠢᠯᠠᠭᠤ ᠶᠢᠨ ᠠᠵᠤ ᠦᠢᠯᠡᠰ ᠤᠨ ᠲᠤᠭᠤᠷᠢᠭ ᠨᠢ ᠴᠢᠩ ᠬᠤᠸᠠ ᠶᠡᠭᠡ ᠰᠤᠷᠭᠠᠭᠤᠯᠢ ᠪᠤᠯᠤᠨ ᠱᠧᠨ ᠵᠧᠨ ᠤ ᠰᠤᠳᠤᠯᠤᠭᠴᠢ ᠰᠤᠷᠤᠭᠴᠢ ᠶᠢᠨ ᠬᠦᠷᠢᠶᠡᠯᠡᠩ ᠵᠡᠷᠭᠡ ᠡᠷᠳᠡᠮ ᠰᠢᠨᠵᠢᠯᠡᠭᠡᠨ ᠤ ᠬᠦᠷᠢᠶᠡᠯᠡᠩ ᠤᠳ ᠲᠠᠢ ᠬᠠᠮᠵᠢᠯᠴᠠᠬᠤ ᠶᠢ ᠠᠬᠢᠭᠤᠯᠤᠨ᠂ ᠡᠷᠳᠡᠮ ᠮᠡᠳᠡᠯᠭᠡ ᠶᠢ ᠬᠦᠨᠳᠦᠳᠬᠡᠬᠦ᠂ ᠴᠢᠳᠠᠪᠦᠷᠢᠲᠡᠨ ᠢ ᠴᠢᠬᠤᠯᠠᠴᠢᠯᠠᠨ ᠦᠵᠡᠬᠦ ᠠᠭᠤᠷ ᠠᠮᠢᠰᠬᠤᠯ ᠢ ᠪᠤᠢ ᠪᠤᠯᠭᠠᠨ᠂ ᠦᠨᠳᠦᠷ ᠳᠡᠰ ᠳᠠᠪᠬᠤᠷᠭ᠎ᠠ ᠶᠢᠨ᠂ ᠳᠡᠭᠡᠲᠦ ᠮᠡᠷᠭᠡᠵᠢᠯ ᠲᠠᠢ ᠴᠢᠳᠠᠪᠤᠷᠢᠲᠠᠨ ᠢ ᠡᠯᠰᠡᠵᠦ᠂ ᠴᠢᠳᠠᠪᠤᠷᠢᠲᠠᠨ ᠢ ᠬᠦᠮᠦᠵᠢᠭᠦᠯᠬᠦ ᠪᠠ ᠬᠡᠷᠡᠭᠯᠡᠬᠦ ᠶᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠠᠯ ᠴᠢᠯᠠᠭᠤ ᠶᠢᠨ ᠰᠢᠨ᠎ᠡ  ᠮᠠᠲ᠋ᠧᠷᠢᠶᠠᠯ ᠤᠨ ᠠᠵᠤ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠷᠦᠢ ᠱᠧᠩ ᠪᠠᠯ ᠴᠢᠯᠠᠭᠤ ᠶᠢᠨ ᠬᠤᠶᠠᠳᠤᠭᠠᠷ ᠬᠤᠭᠤᠴᠠᠭᠠᠨ ᠤ ᠡᠯ᠎ᠡ ᠲᠦᠷᠦᠯ ᠤᠨ ᠢᠵᠢᠯᠢ ᠰᠢᠨᠵᠢ ᠲᠠᠢ ᠪᠠᠯ ᠴᠢᠯᠠᠭᠤ᠂ ᠵᠦᠭᠡᠯᠡᠨ ᠴᠢᠨᠠᠷ ᠲᠠᠢ ᠪᠠᠯ ᠴᠢᠯᠠᠭᠤ ᠶᠢᠨ ᠭᠠᠷᠤᠯᠲᠠ᠂ ᠦᠷ᠎ᠡ ᠠᠰᠢᠭ ᠢ ᠨᠢᠭᠡ ᠬᠡᠮᠵᠢᠶᠡᠨ ᠳᠤ ᠬᠦᠷᠭᠡᠬᠦ ᠶᠢ ᠬᠦᠴᠦᠯᠡᠨ ᠠᠬᠢᠭᠤᠯᠵᠤ᠂ ᠪᠠᠯ ᠴᠢᠯᠠᠭᠤ ᠠᠯᠺᠤᠨ ᠤᠨ ᠭᠠᠷᠤᠯᠲᠠ ᠶᠢ 30 ᠳᠤᠨ ᠬᠦᠷᠭᠡᠵᠦ᠂ ᠵᠤᠬᠢᠶᠠᠮᠠᠯ ᠪᠢᠯᠢᠭ ᠲᠤᠶᠢᠯ ᠤᠨ ᠮᠠᠲ᠋ᠧᠷᠢᠶᠠᠯ ᠤᠨ ᠭᠠᠷᠤᠯᠲᠠ ᠶᠢ 2 ᠲᠦᠮᠡᠨ ᠲᠤᠨ ᠬᠦᠷᠭᠡᠬᠦ ᠶᠢ ᠪᠦᠬᠦ ᠬᠦᠴᠦ ᠪᠠᠷ ᠢᠶᠠᠨ ᠠᠬᠢᠭᠤᠯᠤᠨ᠎ᠠ᠃ ᠹᠦ᠋ ᠰᠢᠩ ᠨᠡᠭᠦᠰᠦᠲᠦᠷᠦᠭᠴᠢ᠂ ᠶᠠᠩ ᠰᠢᠶᠠᠩ ᠨᠡᠭᠦᠰᠦᠲᠦᠷᠦᠭᠴᠢ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠢᠳᠡᠪᠬᠢᠲᠠᠢ ᠳᠡᠮᠵᠢᠨ᠂ ᠤᠳᠤ ᠪᠠᠶᠢᠭ᠎ᠠ ᠨᠡᠭᠦᠰᠦᠷᠦᠲᠦᠭᠴᠢ ᠠᠵᠤ ᠠᠬᠤᠶᠢᠯᠠᠯ ᠤᠨ ᠮᠡᠷᠭᠡᠵᠢᠯ ᠢ ᠦᠭᠡᠷᠡᠴᠢᠯᠡᠬᠦ ᠬᠦᠴᠦᠨ ᠢᠶᠠᠨ ᠶᠡᠬᠡᠳᠬᠡᠵᠦ᠂ ᠨᠡᠭᠦᠰᠦᠲᠦᠷᠦᠭᠴᠢ ᠶᠢᠨ ᠶᠡᠷᠦᠩᠬᠢ ᠭᠠᠷᠤᠯᠲᠠ ᠶᠢ 20 ᠲᠦᠮᠡᠨ ᠳᠤᠨ ᠬᠦᠷᠭᠡᠬᠦ ᠪᠠᠷ ᠬᠦᠴᠦᠯᠡᠨ ᠲᠡᠮᠡᠴᠡᠶ᠎ᠡ᠃ ᠭᠠᠵᠠᠷ ᠤᠷᠤᠨ ᠤ ᠡᠬᠢ ᠪᠠᠶᠠᠯᠢᠭ ᠢ ᠡᠭᠦᠳᠴᠦ᠂ ᠴᠢᠭᠢᠭᠯᠢᠭ ᠰᠢᠷᠤᠢ ᠮᠡᠲᠦ ᠶᠢᠨ ᠰᠢᠯᠢᠳᠡᠭ ᠡᠬᠢ ᠪᠠᠶᠠᠯᠢᠭ ᠤᠨ ᠨᠡᠭᠡᠭᠡᠯᠲᠡ ᠶᠢ ᠲᠦᠷᠭᠡᠳᠬᠡᠨ᠎ᠡ᠃ ᠰᠢᠨ ᠲᠠᠢ᠂ ᠯᠥᠩ  ᠱᠧᠩ᠂ ᠱᠠᠨ ᠾᠧ ᠵᠡᠷᠭᠡ ᠠᠵᠤ ᠠᠬᠤᠶᠢᠯᠠᠯ ᠢ ᠦᠭᠡᠷᠡᠴᠢᠯᠡᠨ ᠳᠡᠰ ᠳᠡᠭᠡᠭᠰᠢᠯᠡᠭᠦᠯᠬᠦ ᠶᠢ ᠲᠦᠯᠭᠢᠨ ᠠᠬᠢᠭᠤᠯᠵᠤ᠂ ᠠᠵᠤ ᠦᠢᠯᠡᠰ ᠢᠶᠠᠨ ᠦᠷᠭᠡᠳᠬᠡᠨ᠎ᠡ᠃ ᠺᠠᠯᠢ ᠶᠢᠨ ᠬᠤᠯᠢᠮᠠᠭ ᠪᠤᠷᠳᠤᠭᠤᠷ᠂ ᠴᠢᠤᠸᠠᠨ ᠱᠦᠨ ᠮᠤᠳᠤᠯᠢᠭ ᠰᠢᠲᠠᠭᠠᠯᠭ᠎ᠠ᠂ ᠱᠦᠨ ᠪᠠᠢ ᠨᠢᠶᠡᠨ ᠭᠡᠷ ᠤᠨ ᠬᠡᠷᠡᠭᠰᠡᠯ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠎ᠠ᠃      ᠡᠨᠧᠷᠭᠢ ᠶᠢᠨ ᠠᠵᠤ ᠦᠢᠯᠡᠰ ᠢ ᠤᠷᠢᠳᠴᠢᠯᠠᠨ ᠬᠦᠭᠵᠢᠭᠦᠯᠦᠨ᠎ᠡ᠃ ︽ᠭᠡᠷᠡᠯ ᠴᠠᠬᠢᠯᠭᠠᠨ ᠸᠤᠯᠲ ᠶᠢᠨ ᠳᠠᠭᠠᠭᠤᠯᠤᠨ ᠭᠦᠶᠦᠭᠴᠢ︾ ᠲᠦᠯᠦᠪᠯᠡᠭᠡᠲᠦ ᠲᠦᠷᠦᠯ ᠵᠦᠢᠯ ᠢ ᠤᠯᠬᠤ ᠪᠠᠷ ᠢᠳᠡᠪᠬᠢᠲᠠᠢ ᠴᠢᠷᠮᠠᠶᠢᠵᠤ᠂ ᠮᠠᠨ ᠤ ᠬᠤᠲᠠ ᠶᠢᠨ ︽ᠤᠯᠠᠭᠠᠨᠴᠠᠪ — ᠪᠡᠭᠡᠵᠢᠩ︾ ᠤᠨ ᠴᠡᠪᠡᠷ ᠡᠨᠧᠷᠭᠢ ᠶᠢᠨ ᠵᠠᠮ ᠬᠤᠭᠤᠯᠠᠢ ᠶᠢ ᠪᠦᠲᠦᠭᠡᠨ ᠪᠠᠶᠢᠭᠤᠯᠬᠤ ᠠᠰᠢᠭᠲᠠᠢ ᠲᠤᠬᠢᠶᠠᠯ ᠢ ᠠᠰᠢᠭᠯᠠᠵᠤ᠂ ᠰᠠᠯᠬᠢᠨ ᠡᠨᠧᠷᠭᠢ᠂ ᠭᠠᠯ ᠡᠨᠧᠷᠭᠢ ᠂ ᠭᠡᠷᠡᠯ ᠤᠨ ᠡᠨᠧᠷᠭᠢ ᠪᠠᠷ ᠴᠠᠬᠢᠯᠭᠠᠨ ᠭᠠᠷᠭᠠᠬᠤ ᠵᠡᠷᠭᠡ ᠡᠨᠧᠷᠭᠢ ᠶᠢᠨ ᠠᠵᠤ ᠦᠢᠯᠡᠰ ᠢᠶᠠᠨ ᠲᠦᠷᠭᠡᠨ ᠬᠦᠭᠵᠢᠭᠦᠯᠦᠨ᠎ᠡ᠃ ᠵᠢᠯ ᠤᠨ ᠳᠤᠲᠤᠷ᠎ᠠ ᠳ᠋ᠠ ᠲᠠᠩ ᠸᠠᠨ ᠶᠤᠸᠠᠨ ᠤ ᠬᠤᠶᠠᠳᠤᠭᠠᠷ ᠬᠤᠭᠤᠴᠠᠭᠠᠨ ᠤ 49.5 ᠰᠠᠶ᠎ᠠ ᠸᠠᠲ ᠴᠠᠬᠢᠯᠭᠠᠨ ᠤ ᠲᠤᠷᠰᠢᠯᠲᠠ ᠶᠢᠨ ᠰᠠᠯᠬᠢᠨ ᠬᠦᠷᠳᠦ ᠵᠡᠷᠭᠡ ᠲᠦᠷᠦᠯ ᠵᠦᠢᠯ ᠪᠠᠶᠢᠭᠤᠯᠤᠭᠳᠠᠬᠤ ᠶᠢ ᠬᠦᠴᠦᠲᠠᠢ ᠳᠡᠮᠵᠢᠨ᠎ᠡ᠃ ︽ᠱᠠᠨᠰᠢ ᠠᠴᠠ ᠪᠡᠭᠡᠵᠢᠩ ᠬᠦᠷᠬᠦ ᠲᠦᠷᠪᠡᠨ ᠱᠤᠭᠤᠮ︾ ᠤᠨ ᠰᠢᠲᠠᠮᠠᠬᠠᠢ ᠬᠡᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠲᠤᠬᠢᠶᠠᠯ ᠢ ᠠᠰᠢᠭᠯᠠᠵᠤ᠂ ᠰᠢᠲᠠᠮᠠᠬᠠᠢ ᠬᠡᠢ ᠶᠢᠨ ᠬᠠᠳᠠᠭᠠᠯᠠᠵᠤ ᠲᠤᠬᠢᠷᠠᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠂ ᠰᠢᠩ ᠵᠢᠶᠧ ᠪᠠᠶᠢᠭᠠᠯᠢ ᠶᠢᠨ ᠰᠢᠲᠠᠮᠠᠬᠠᠢ ᠬᠡᠢ ᠶᠢ ᠰᠢᠩᠭᠡᠷᠡᠭᠦᠯᠵᠦ ᠨᠦᠬᠡᠴᠡᠯᠡᠬᠦ ᠲᠦᠷᠦᠯ ᠵᠦᠢᠯ ᠤᠨ ᠪᠠᠶᠢᠭᠤᠯᠤᠭᠳᠠᠬᠤ ᠶᠢ ᠪᠠᠲᠤᠯᠠᠵᠤ᠂ ᠵᠦᠩ ᠬᠤᠣ ᠰᠢᠲᠠᠮᠠᠬᠠᠢ ᠬᠡᠢ LNG ᠠᠵᠤ ᠦᠢᠯᠡᠰ ᠤᠨ ᠲᠤᠭᠤᠷᠢᠭ ᠢ ᠪᠦᠲᠦᠭᠡᠨ ᠪᠠᠶᠢᠭᠤᠯᠬᠤ ᠠᠵᠢᠯ ᠡᠬᠢᠯᠡᠨ ᠶᠠᠪᠤᠭᠳᠠᠬᠤ ᠶᠢ ᠢᠳᠡᠪᠬᠢᠲᠠᠢ ᠠᠬᠢᠭᠤᠯᠤᠨ᠎ᠠ᠃      ᠠᠷᠠᠯᠵᠢᠶ᠎ᠠ ᠬᠤᠳᠠᠯᠳᠤᠭ᠎ᠠ᠂ ᠡᠳ᠋ ᠪᠠᠷᠠᠭ᠎ᠠ ᠶᠢᠨ ᠭᠦᠢᠯᠭᠡᠭᠡ ᠶᠢ ᠦᠳᠲᠦᠷ ᠲᠦᠷᠭᠡᠨ ᠬᠦᠭᠵᠢᠭᠦᠯᠦᠨ᠎ᠡ᠃ ᠡᠳ᠋ ᠪᠠᠷᠠᠭ᠎ᠠ ᠶᠢᠨ ᠭᠦᠢᠯᠭᠡᠭᠡ +︾ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠵᠤ᠂ ᠤᠯᠠᠭᠠᠨᠴᠠᠪ ᠤᠨ ᠶᠡᠷᠦᠩᠬᠡᠶᠢᠯᠡᠭᠰᠡᠨ ᠡᠳ᠋ ᠪᠠᠷᠠᠭ᠎ᠠ ᠶᠢᠨ ᠭᠦᠢᠯᠭᠡᠭᠡ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠠᠪᠴᠠᠩ ᠢ ᠲᠦᠰᠢᠭᠯᠡᠨ᠂ ᠤᠤᠯ ᠤᠨ ᠲᠡᠭᠡᠭᠡᠪᠦᠷᠢ ᠶᠢᠨ ᠲᠤᠮᠤ ᠰᠢᠶᠠᠨ ᠤ ᠳᠠᠪᠠᠭᠤᠯᠢᠭ ᠲᠠᠯ᠎ᠠ ᠪᠠᠨ ᠬᠦᠢᠴᠡᠳ ᠢᠯᠡᠷᠡᠭᠦᠯᠦᠨ᠂ ᠪᠥᠸᠧ ᠶᠤᠸᠠᠨ ᠲᠤᠭᠠᠵᠢᠭᠤᠯᠤᠭᠰᠠᠨ ᠬᠡᠯᠪᠡᠷᠢ ᠶᠢᠨ ᠨᠡᠭᠦᠷᠡᠰᠦ ᠬᠠᠳᠠᠭᠠᠯᠠᠨ ᠲᠤᠬᠢᠷᠠᠭᠤᠯᠬᠤ᠂ ᠬᠤᠸᠠ ᠲᠠᠩ ᠸᠧᠢ ᠵᠦᠢ ᠢ ᠵᠢᠶᠠ ᠵᠡᠷᠭᠡ ᠰᠠᠩ ᠬᠦᠮᠦᠷᠭᠡ ᠳᠤ ᠲᠦᠪᠯᠡᠷᠡᠭᠦᠯᠦᠨ᠂ ᠬᠠᠳᠠᠭᠠᠯᠠᠨ ᠪᠤᠯᠪᠠᠰᠤᠷᠠᠭᠤᠯᠬᠤ᠂ ᠡᠳ᠋ ᠪᠠᠷᠠᠭ᠎ᠠ ᠶᠢᠨ ᠭᠦᠢᠯᠭᠡᠭᠡ ᠪᠠᠷ ᠲᠤᠬᠢᠷᠠᠭᠤᠯᠤᠨ ᠬᠦᠷᠭᠡᠬᠦ᠂ ᠮᠡᠳᠡᠭᠡ ᠵᠠᠩᠭᠢ ᠪᠠᠷ ᠦᠢᠯᠡᠴᠢᠯᠡᠬᠦ᠂ ᠶᠡᠷᠦᠩᠬᠡᠢ ᠢᠵᠢ ᠪᠦᠷᠢᠨ ᠢᠶᠠᠷ ᠨᠢᠭᠡ ᠴᠤᠭᠴᠠ ᠪᠤᠯᠭᠠᠭᠰᠠᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠎ᠠ ᠶᠢᠨ ᠭᠦᠢᠯᠭᠡᠭᠡᠨ ᠤ ᠲᠦᠷᠦᠯ ᠵᠦᠢᠯ ᠢ ᠭᠤᠤᠯᠴᠢᠯᠠᠨ ᠬᠦᠭᠵᠢᠭᠦᠯᠦᠨ ᠪᠤᠵᠠᠭᠠᠶᠢᠷᠠᠭᠤᠯᠬᠤ ᠶᠢ ᠳᠡᠮᠵᠢᠨ᠎ᠡ᠃ ᠤᠳᠤᠬᠢᠴᠢᠯᠠᠭᠰᠠᠨ ᠠᠷᠠᠯᠵᠢᠶ᠎ᠠ ᠬᠤᠳᠠᠯᠳᠤᠭ᠎ᠠ ᠡᠳ᠋ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠰᠢᠨ᠎ᠡ ᠪᠠᠶᠢᠷᠢᠯᠠᠭᠤᠯᠤᠯᠲᠠ ᠶᠢ ᠪᠦᠲᠦᠭᠡᠨ ᠪᠠᠶᠢᠭᠤᠯᠵᠤ᠂ ᠤᠳᠤᠬᠢᠴᠢᠯᠠᠭᠰᠠᠨ ᠡᠳ᠋ ᠪᠠᠷᠠᠭ᠎ᠠ ᠶᠢᠨ ᠭᠦᠢᠯᠭᠡᠭᠡᠨ ᠤ ᠰᠠᠭᠤᠷᠢ ᠶᠢ ᠲᠠᠯᠪᠢᠨ᠎ᠠ᠃ ᠪᠠᠷᠠᠭᠠᠨ ᠤ ᠲᠤᠤᠷ ᠰᠦᠯᠵᠢᠶ᠎ᠡ᠂ ︽ᠨᠡᠶᠢᠲᠡ ᠶᠢᠨ ᠠᠰᠠᠷᠠᠮᠵᠢ ᠨᠡᠶᠢᠭᠡᠮ ᠤᠨ ᠪᠠᠲᠤᠯᠠᠭ᠎ᠠ︾ ᠤᠨ ᠡᠯᠤᠺᠳ᠋ᠷᠦᠨ ᠬᠤᠳᠠᠯᠳᠤᠭ᠎ᠠ ᠵᠡᠷᠭᠡ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠢ ᠬᠦᠮᠦᠵᠢᠭᠦᠯᠵᠦ᠂ ᠡᠯᠤᠺᠳ᠋ᠷᠦᠨ ᠬᠤᠳᠠᠯᠳᠤᠭ᠎ᠠ ᠶᠢᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠰᠢᠶᠠᠨ᠂ ᠰᠢᠶᠠᠩ᠂ ᠲᠤᠰᠬᠤᠨ ᠵᠡᠷᠭᠡ ᠭᠤᠷᠪᠠᠨ ᠳᠡᠰ ᠤᠨ ᠡᠳ᠋ ᠪᠠᠷᠠᠭ᠎ᠠ ᠶᠢᠨ ᠭᠦᠢᠯᠭᠡᠭᠡ ᠪᠠᠷ ᠲᠤᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃      ᠰᠤᠶᠤᠯ ᠵᠤᠭᠠᠴᠠᠯ ᠤᠨ ᠦᠢᠯᠡᠰ ᠢ ᠭᠦᠨᠵᠡᠭᠡᠶᠢᠷᠡᠭᠦᠯᠦᠨ ᠬᠦᠭᠵᠢᠭᠦᠯᠦᠨ᠎ᠡ᠃ ︽ᠵᠤᠭᠠᠴᠠᠯ + ᠪᠠᠶᠢᠯᠳᠤᠬᠤ ᠪᠤᠳᠤᠯᠭ᠎ᠠ︾ ᠶᠢ ᠪᠠᠷᠢᠮᠲᠠᠯᠠᠵᠤ ᠵᠤᠭᠠᠴᠠᠯ ᠤᠨ ᠲᠦᠯᠦᠪᠵᠢᠭᠦᠯᠭᠡ ᠶᠢ ᠲᠡᠭᠦᠯᠳᠡᠷᠵᠢᠭᠦᠯᠦᠨ ᠲᠤᠭᠲᠠᠭᠠᠵᠤ᠂ ᠳᠠᠯᠠᠨ ᠬᠠᠷ᠎ᠠ ᠠᠭᠤᠯᠠ᠂ ᠴᠠᠷᠠᠰᠤᠨ ᠨᠠᠭᠤᠷ᠂ ᠰᠤᠮᠤᠨ ᠠᠭᠤᠯᠠ᠂ ᠱᠤᠸᠠᠩ ᠲᠠᠢ ᠱᠠᠨ᠂ ᠨᠠᠨ ᠭᠤᠸᠠᠨ ᠤ ᠲᠠᠯ᠎ᠠ ᠨᠤᠲᠤᠭ ᠵᠡᠷᠭᠡ ᠦᠵᠡᠮᠵᠢ ᠶᠢᠨ ᠭᠠᠵᠠᠷ ᠢᠶᠠᠷ ᠭᠤᠤᠯ ᠪᠤᠯᠭᠠᠭᠰᠠᠨ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠬᠤᠩᠬᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠤᠶᠤᠯ ᠤᠨ ᠡᠯᠧᠮᠧᠨ᠋ᠲ ᠢ ᠢᠯᠡᠷᠡᠭᠦᠯᠦᠨ᠂ ᠬᠠᠷᠢᠯᠴᠠᠨ ᠬᠦᠲᠦᠯᠦᠯᠴᠡᠵᠦ᠂ ᠬᠠᠷᠢᠯᠴᠠᠨ ᠠᠬᠢᠭᠤᠯᠵᠤ᠂ ᠬᠠᠷᠢᠯᠴᠠᠨ ᠠᠰᠢᠭᠯᠠᠬᠤ ᠶᠢ ᠲᠦᠯᠬᠢᠨ ᠠᠬᠢᠭᠤᠯᠤᠶ᠎ᠠ᠃ ᠰᠤᠮᠤᠨ ᠠᠭᠤᠯᠠ᠂ ᠴᠠᠷᠠᠰᠤᠨ ᠨᠠᠭᠤᠷ ᠬᠤᠶᠠᠷ ᠶᠡᠭᠡ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠤᠴᠢᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠵᠠᠩ ᠭᠤᠣ ᠪᠠᠯᠭᠠᠰᠤ᠂ ᠳ᠋ᠢᠶᠠᠨ ᠽᠢ ᠪᠠᠯᠭᠠᠰᠤ ᠶᠢᠨ ᠯᠦ ᠵᠢᠶᠠ ᠶᠢᠩ ᠲᠤᠰᠬᠤᠨ ᠵᠡᠷᠭᠡ ᠨᠢᠭᠡ ᠪᠦᠯᠦᠭ ᠨᠤᠲᠤᠭ ᠤᠨ ᠵᠠᠩ ᠠᠭᠠᠯᠢ ᠶᠢᠨ ᠣᠨᠴᠠᠯᠢᠭᠲᠤ ᠵᠤᠭᠠᠴᠠᠯ ᠤᠨ ᠵᠢᠱᠢᠶ᠎ᠡ ᠲᠤᠰᠬᠤᠨ ᠪᠠ ᠬᠦᠳᠡᠭᠡ ᠲᠤᠰᠬᠤᠨ ᠤ ᠵᠤᠰᠠᠯᠠᠩ ᠤᠨ ᠭᠠᠵᠠᠷ ᠢ ᠱᠠᠯᠠᠪᠳᠠᠨ ᠪᠠᠶᠢᠭᠤᠯᠵᠤ᠂ ᠬᠦᠳᠡᠭᠡ ᠨᠤᠳᠤᠭ ᠤᠨ ᠵᠤᠭᠠᠴᠠᠯ ᠤᠨ ᠦᠢᠯᠡᠰ ᠢ ᠬᠦᠭᠵᠢᠭᠦᠯᠦᠨ᠎ᠡ᠃ ᠰᠢᠩ ᠶᠥᠩ ᠪᠡᠶ᠎ᠡ ᠰᠤᠪᠢᠯᠠᠨ ᠴᠢᠬᠢᠷᠠᠭᠵᠢᠭᠤᠯᠬᠤ ᠨᠠᠰᠤᠲᠠᠨ ᠢ ᠠᠰᠠᠷᠠᠬᠤ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ᠤᠳᠤᠬᠢᠴᠢᠯᠠᠭᠰᠠᠨ ᠪᠡᠶ᠎ᠡ ᠰᠤᠪᠢᠯᠠᠨ ᠨᠠᠰᠤᠲᠠᠨ ᠢ ᠠᠰᠠᠷᠠᠬᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠵᠠᠩ ᠭᠤᠣ ᠶᠢᠨ ᠲᠠᠪᠤᠨ ᠰᠠᠷ᠎ᠠ ᠶᠢᠨ ᠲᠠᠪᠤᠨ ᠤ ᠰᠦᠮ᠎ᠡ ᠶᠢᠨ ᠴᠤᠭᠯᠠᠭᠠᠨ᠂ ᠰᠤᠮᠤᠨ ᠠᠭᠤᠯᠠ ᠶᠢᠨ ᠠᠭᠤᠯᠠ ᠨᠡᠭᠡᠭᠡᠭᠰᠡᠨ ᠪᠠᠶᠠᠷ᠂ ᠴᠠᠷᠠᠰᠤᠨ ᠨᠠᠭᠤᠷ ᠤᠨ ᠯᠤᠤᠲᠦ ᠤᠩᠭᠤᠴᠠ ᠶᠢᠨ ᠤᠷᠤᠯᠳᠤᠭᠠᠨ᠂ ᠨᠠᠭᠤᠷ ᠭᠡᠰᠬᠦ ᠪᠠᠶᠠᠷ᠂ ᠡᠪᠦᠯ ᠤᠨ ᠠᠩᠨᠠᠯᠲᠠ ᠶᠢᠨ ᠪᠠᠶᠠᠷ ᠵᠡᠷᠭᠡ ᠪᠠᠶᠠᠷ ᠳᠤᠷᠠᠰᠬᠠᠯ ᠤᠨ ᠡᠳᠦᠷ ᠢ ᠵᠤᠬᠢᠰᠲᠠᠢ ᠠᠰᠢᠭᠯᠠᠵᠤ᠂ ᠠᠵᠤ ᠦᠢᠯᠡᠰ ᠪᠠ ᠭᠠᠵᠠᠷ ᠤᠷᠤᠨ ᠤ ᠨᠡᠷ᠎ᠡ ᠠᠯᠳᠠᠷ ᠵᠢᠴᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠬᠠᠤᠯᠢ ᠶᠢ ᠬᠡᠷᠡᠭᠵᠢᠭᠦᠯᠬᠦ ᠳᠤᠭᠲᠠᠯᠴᠠᠭ᠎ᠠ ᠶᠢ ᠰᠦᠪᠡᠭᠴᠢᠯᠡᠨ ᠳᠤᠭᠲᠠᠭᠠᠵᠤ᠂ ᠰᠠᠶᠢᠨ ᠰᠠᠶᠢᠬᠠᠨ ᠵᠤᠭᠠᠴᠠᠯ ᠤᠨ ᠤᠷᠴᠢᠨ ᠲᠤᠭᠤᠷᠢᠨ ᠢ ᠪᠠᠶᠢᠭᠤᠯᠤᠶ᠎ᠠ᠃ ᠤᠯᠠᠭᠠᠨᠴᠠᠪ᠂ ᠳ᠋ᠠᠲ᠋ᠦ᠋ᠩ᠂ ᠴᠢᠭᠤᠯᠭᠠᠲᠦ ᠬᠠᠭᠠᠯᠭ᠎ᠠ ᠶᠢᠨ ᠵᠤᠭᠠᠴᠠᠯ ᠤᠨ ᠬᠤᠯᠪᠤᠭ᠎ᠠ ᠶᠢ ᠲᠦᠯᠬᠢᠨ ᠠᠬᠢᠭᠤᠯᠬᠤ ᠶᠢᠨ ᠳᠠᠭᠠᠤ ᠤᠯᠠᠭᠠᠨᠴᠠᠪ ᠬᠤᠲᠠ ᠶᠢᠨ ︽ᠪᠡᠭᠡᠵᠢᠩ ᠤᠨ ᠲᠦᠭᠦᠷᠭᠡ ᠶᠢᠨ ᠲᠠᠯ᠎ᠠ ᠨᠤᠲᠤᠭ᠂ ᠵᠤᠰᠠᠯᠠᠩ ᠤᠨ ᠬᠤᠲᠠ︾ ᠵᠤᠭᠠᠴᠠᠯ ᠤᠨ ᠨᠡᠷ᠎ᠡ ᠲᠡᠮᠳᠡᠭ ᠢ ᠤᠬᠠᠭᠤᠯᠬᠤ ᠪᠠ ︽ᠰᠢᠩ ᠾᠧ — — ᠶᠠᠨᠴᠢᠩ︾ ᠤᠨ ᠬᠠᠮᠵᠢᠯᠴᠠᠨ ᠬᠤᠷᠰᠢᠬᠤ ᠳᠤᠭᠲᠠᠯᠴᠠᠭ᠎ᠠ ᠶᠢ ᠠᠰᠢᠭᠯᠠᠨ᠂ ᠵᠤᠭᠠᠴᠠᠯ ᠤᠨ ᠰᠤᠳᠤᠨ ᠰᠢᠯᠢᠳᠡᠭ ᠵᠠᠮ ᠱᠤᠭᠤᠮ ᠢ ᠪᠠᠶᠢᠭᠤᠯᠤᠨ᠂ ᠵᠤᠭᠠᠴᠠᠯ ᠤᠨ ᠵᠤᠴᠢᠳ ᠤᠨ ᠵᠠᠬ᠎ᠠ ᠳᠡᠯᠭᠡᠬᠦᠷ ᠢ ᠦᠷᠭᠡᠳᠬᠡᠨ᠎ᠡ᠃ ᠵᠢᠯ ᠤᠨ ᠳᠤᠲᠤᠷ᠎ᠠ 60 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠤᠷᠤᠯᠭ᠎ᠠ ᠶᠢ 4000 ᠲᠦᠮᠡᠨ ᠲᠦᠭᠦᠷᠢᠭ ᠬᠦᠷᠬᠦ ᠶᠢ ᠪᠡᠶᠡᠯᠡᠭᠦᠯᠦᠨ᠎ᠡ᠃      ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠬᠦᠮᠦᠵᠢᠭᠦᠯᠦᠨ ᠬᠦᠭᠵᠢᠭᠦᠯᠦᠨ᠎ᠡ᠃ ᠮᠠᠨ ᠤ ᠰᠢᠶᠠᠨ ᠥᠪᠡᠷᠲᠡᠭᠡᠨ ᠵᠠᠰᠠᠬᠤ ᠤᠷᠤᠨ ᠤ ᠰᠢᠶᠠᠨ ᠤ ᠬᠡᠪᠴᠢᠶᠡᠨ ᠳᠠᠬᠢ ᠮᠦᠩᠭᠦᠨ ᠭᠦᠢᠯᠭᠡᠭᠡᠨ ᠤ ᠢᠨᠵᠧᠨᠧᠷᠢᠩ ᠤᠨ ᠲᠤᠷᠰᠢᠯᠲᠠ ᠰᠢᠶᠠᠨ ᠳᠤ ᠤᠷᠤᠭᠰᠠᠨ ᠲᠤᠬᠢᠶᠠᠯ ᠢ ᠠᠰᠢᠭᠯᠠᠵᠤ᠂ ᠪᠦᠬᠦ ᠰᠢᠶᠠᠨ ᠤ ᠮᠦᠩᠭᠦᠨ ᠭᠦᠢᠯᠭᠡᠭᠡᠨ ᠤ ᠢᠨᠵᠧᠨᠧᠷᠢᠩ ᠤᠨ ᠶᠡᠷᠦᠩᠭᠡᠢ ᠵᠢᠷᠤᠭ ᠲᠦᠯᠦᠪᠵᠢᠭᠦᠯᠭᠡ ᠶᠢ ᠲᠤᠭᠲᠠᠭᠠᠵᠤ᠂ ᠤᠯᠠᠨ ᠳᠡᠰ ᠳᠡᠪᠬᠤᠷᠭᠠᠲᠦ ᠬᠦᠷᠦᠩᠭᠡ ᠶᠢᠨ ᠵᠠᠬ᠎ᠠ ᠳᠡᠯᠭᠡᠭᠦᠷ ᠢ ᠬᠦᠭᠵᠢᠭᠦᠯᠦᠨ᠎ᠡ᠃ ᠪᠠᠩᠭᠢ ᠶᠢᠨ ᠮᠦᠩᠭᠭᠦᠨ ᠭᠦᠢᠯᠭᠡᠭᠡᠨ ᠤ ᠰᠢᠨ᠎ᠡ ᠪᠦᠲᠦᠭᠡᠭᠳᠡᠬᠦᠨ ᠡᠭᠦᠳᠬᠦ ᠶᠢ ᠵᠤᠷᠢᠭᠵᠢᠭᠤᠯᠵᠤ᠂ ᠢᠲᠡᠬᠡᠮᠵᠢᠲᠦ ᠵᠢᠭᠡᠯᠡᠯᠭᠡ ᠲᠠᠯᠪᠢᠬᠤ ᠪᠦᠬᠦ ᠬᠡᠮᠵᠢᠶ᠎ᠡ ᠪᠠᠨ ᠨᠡᠮᠡᠭᠳᠡᠭᠦᠯᠵᠦ᠂ ᠠᠵᠤ ᠠᠬᠤᠶᠢᠯᠠᠯ ᠳᠤ ᠪᠡᠯᠡ ᠮᠦᠩᠭᠦ ᠤᠷᠤᠭᠤᠯᠬᠤ ᠠᠷᠭ᠎ᠠ ᠵᠠᠮ ᠢ ᠦᠷᠭᠡᠳᠬᠡᠨ᠎ᠡ᠃ ᠬᠦᠳᠡᠭᠡ ᠲᠤᠰᠬᠤᠨ ᠤ ᠢᠲᠡᠬᠡᠮᠵᠢ ᠶᠢᠨ ᠬᠤᠷᠰᠢᠶ᠎ᠠ ᠶᠢᠨ ᠪᠠᠶᠢᠭᠤᠯᠤᠮᠵᠢ ᠶᠢ ᠦᠭᠡᠷᠡᠴᠢᠯᠡᠨ᠂ ᠬᠤᠳᠠᠯᠳᠤᠭᠠᠨ ᠤ ᠪᠠᠩᠭᠢ ᠪᠤᠯᠭᠠᠨ ᠵᠤᠬᠢᠶᠠᠨ ᠪᠠᠶᠢᠭᠤᠯᠬᠤ ᠠᠵᠢᠯ ᠢ ᠲᠦᠷᠭᠡᠳᠬᠡᠨ ᠪᠡᠶᠡᠯᠡᠭᠦᠯᠵᠦ᠂ ᠪᠤᠰᠤᠳ ᠲᠤᠮᠤ ᠬᠤᠲᠠ ᠶᠢᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠮᠠᠨ ᠤ ᠰᠢᠶᠠᠨ ᠳᠤ ᠢᠷᠡᠵᠦ᠂ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠢᠳᠡᠪᠬᠢᠲᠠᠢ ᠲᠠᠲᠠᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠰᠢᠶᠠᠩ ᠪᠠᠯᠭᠠᠰᠤᠨ ᠳᠤ ᠮᠦᠩᠭᠦᠨ ᠭᠦᠢᠯᠭᠡᠭᠡᠨ ᠤ ᠦᠢᠯᠡᠴᠢᠯᠡᠯᠭᠡᠨ ᠤ ᠭᠠᠵᠠᠷ ᠪᠠᠶᠢᠭᠤᠯᠬᠤ ᠶᠢ ᠵᠤᠷᠢᠭᠵᠢᠭᠤᠯᠵᠤ᠂ ᠲᠠᠷᠢᠶᠠᠴᠢᠨ ᠤ ᠮᠦᠩᠭᠦᠨ ᠭᠦᠢᠯᠭᠡᠭᠡᠨ ᠤ ᠬᠡᠷᠡᠭᠴᠡᠭᠡ ᠶᠢ ᠬᠠᠩᠭᠠᠬᠤ ᠶᠢ ᠳᠡᠮᠵᠢᠨ᠎ᠡ᠃      ︵ᠭᠤᠷᠪᠠ︶ ᠲᠦᠷᠦᠯ ᠵᠦᠢᠯ ᠢᠶᠠᠷ ᠳᠠᠶᠢᠴᠢᠯᠠᠨ ᠬᠦᠳᠡᠯᠭᠡᠬᠦ ᠶᠢ ᠳᠤᠪᠣᠶᠢᠯᠭᠠᠵᠤ᠂ ᠠᠵᠤ ᠠᠬᠤᠢ ᠶᠢᠨ ᠦᠷᠭᠦᠯᠵᠢᠯᠡᠨ ᠬᠦᠭᠵᠢᠬᠦ ᠬᠤᠶᠢᠨᠡᠬᠢ ᠬᠦᠴᠦ ᠶᠢ ᠬᠦᠴᠦᠲᠠᠢ ᠴᠢᠩᠭᠠᠷᠠᠭᠤᠯᠤᠨ᠎ᠠ᠃      ᠪᠦᠬᠦ ᠬᠦᠴᠦ ᠪᠠᠷ ᠢᠶᠠᠨ ᠬᠤᠳᠠᠯᠳᠤᠭᠠᠴᠢᠨ ᠤᠷᠢᠵᠤ᠂ ᠪᠡᠯᠡ ᠤᠷᠤᠭᠤᠯᠤᠨ᠎ᠠ᠃ ᠬᠤᠳᠠᠯᠳᠤᠭᠠᠴᠢᠨ ᠢ ᠤᠷᠢᠵᠤ᠂ ᠲᠦᠷᠦᠯ ᠵᠦᠢᠯ ᠤᠯᠵᠤ᠂ ᠬᠦᠭᠵᠢᠯᠲᠡ ᠶᠢ ᠳᠡᠭᠡᠭᠰᠢᠯᠡᠭᠦᠯᠬᠦ ᠶᠢ ᠨᠢᠭᠡᠳᠦᠭᠡᠷ ᠠᠳᠬᠤᠬᠤ ᠪᠠᠶᠢᠷᠢᠨ ᠳᠤ ᠲᠠᠯᠪᠢᠵᠤ᠂ ᠤᠨ ᠤ ᠰᠢᠯᠭᠠᠨ ᠦᠨᠡᠯᠡᠬᠦ  ᠰᠢᠰᠲ᠋ᠧᠮᠵᠢ ᠳᠤ ᠵᠢᠭᠰᠠᠭᠠᠨ ᠤᠷᠤᠭᠤᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠦᠴᠢᠷ᠂ ᠬᠦᠭᠵᠢᠬᠦ ᠦᠵᠡᠯ ᠤᠬᠠᠮᠰᠠᠷ᠂ ᠬᠦᠭᠡᠭᠡᠵᠦ ᠬᠦᠢᠴᠡᠨ ᠳᠠᠪᠠᠨ ᠭᠠᠷᠬᠤ ᠦᠵᠡᠯ ᠤᠬᠠᠮᠰᠠᠷ᠂ ︽ᠬᠦᠯᠢᠶᠡᠵᠦ ᠲᠡᠪᠴᠢᠬᠦ ᠦᠭᠡᠢ᠂ ᠤᠳᠠᠭᠠᠰᠢᠷᠠᠭᠤᠯᠵᠤ ᠲᠦᠪᠳᠡᠬᠦ ᠦᠬᠡᠢ᠂ ᠰᠠᠭᠤᠵᠤ ᠲᠤᠭᠲᠠᠬᠤ ᠦᠭᠡᠢ︾ ᠪᠠᠴᠢᠮ ᠲᠦᠷᠦᠭᠳᠡᠯ ᠪᠠ ︽ᠪᠢ ᠠᠮᠵᠢᠯᠲᠠ ᠤᠯᠬᠤ ᠳᠤ ᠭᠠᠪᠢᠶ᠎ᠠ ᠲᠠᠢ ᠪᠠᠶᠢᠬᠤ ᠬᠡᠷᠡᠭ ᠦᠭᠡᠢ᠂ ᠭᠡᠪᠡᠴᠦ ᠠᠷᠠᠳ ᠲᠦᠮᠡᠨ ᠳᠡᠭᠡᠨ ᠵᠠᠪᠠᠯ ᠤᠰᠤᠯ ᠦᠭᠡᠢ ᠪᠠᠶᠢᠬᠤ ᠬᠡᠷᠡᠭᠲᠡᠢ︾ ᠭᠡᠰᠡᠨ ᠬᠠᠷᠢᠭᠤᠴᠠᠯᠭᠠᠲᠦ ᠰᠡᠳᠬᠢᠯᠭᠡ ᠶᠢ ᠪᠤᠢ ᠪᠤᠯᠭᠠᠵᠤ ᠂ ᠰᠠᠨᠠᠭᠠᠴᠠᠯᠭ᠎ᠠ ᠲᠠᠢ ᠳᠠᠭᠠᠷᠢᠵᠤ᠂ ᠦᠷᠭᠡᠨ ᠳᠡᠯᠭᠡᠷᠡᠩᠭᠦᠢ ᠬᠠᠷᠢᠯᠴᠠᠵᠤ᠂ ᠦᠪᠡᠷ ᠤᠨ ᠪᠡᠶ᠎ᠡ ᠪᠠᠷ ᠢᠶᠠᠨ ᠤᠷᠤᠯᠴᠠᠨ ᠵᠦᠪᠳᠡᠨ ᠬᠡᠯᠡᠯᠴᠡᠵᠦ᠂ ᠪᠡᠭᠡᠵᠢᠩ᠂ ᠲᠢᠶᠠᠨᠵᠢᠨ᠂ ᠾᠧᠪᠧᠢ᠂ ᠬᠦᠬᠡ ᠮᠦᠷᠡᠨ ᠤ ᠭᠤᠷᠪᠠᠯᠵᠢᠨ ᠬᠦᠭ ᠵᠡᠷᠭᠡ ᠬᠦᠭᠵᠢᠭᠰᠡᠨ ᠭᠠᠵᠠᠷ ᠤᠷᠤᠨ ᠲᠠᠢ ᠢᠳᠡᠪᠬᠢᠲᠠᠢ ᠠᠭᠤᠯᠵᠠᠨ ᠵᠤᠯᠭᠤᠵᠤ᠂ ᠠᠵᠤ ᠦᠢᠯᠡᠰ ᠤᠨ ᠰᠢᠯᠵᠢᠯᠲᠡ ᠶᠢᠨ ᠲᠤᠬᠢᠶᠠᠯ ᠢ ᠠᠳᠬᠤᠵᠤ᠂ ᠪᠠᠯ ᠴᠢᠯᠠᠭᠤ ᠶᠢᠨ ᠨᠡᠭᠦᠰᠦᠲᠦᠷᠦᠭᠴᠢ᠂ ᠴᠢᠭᠢᠭᠯᠢᠭ ᠰᠢᠷᠤᠢ ᠵᠡᠷᠭᠡ ᠤᠯᠠᠮᠵᠢᠯᠠᠯᠲᠦ ᠳᠠᠪᠠᠭᠤᠯᠢᠭ ᠠᠵᠤ ᠦᠢᠯᠡᠰ ᠢ ᠬᠦᠭᠵᠢᠬᠦᠯᠦᠨ ᠪᠤᠵᠠᠭᠠᠶᠢᠷᠠᠭᠤᠯᠵᠤ᠂ ᠭᠠᠯ᠂ ᠰᠠᠯᠬᠢ᠂ ᠭᠡᠷᠡᠯ᠂ ᠬᠡᠢ ᠵᠡᠷᠭᠡ ᠡᠨᠧᠷᠭᠢ ᠶᠢᠨ ᠠᠵᠤ ᠦᠢᠯᠡᠰ ᠢ ᠬᠦᠮᠦᠵᠢᠭᠦᠯᠦᠨ ᠬᠦᠭᠵᠢᠭᠦᠯᠵᠦ᠂ ᠵᠤᠭᠠᠴᠠᠯ ᠤᠨ ᠦᠢᠯᠡᠰ ᠢ ᠨᠡᠭᠡᠭᠡᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠰᠢᠭ ᠰᠢᠮ᠎ᠡ ᠢ ᠪᠤᠯᠪᠠᠰᠤᠷᠠᠭᠤᠯᠬᠤ ᠵᠡᠷᠭᠡ ᠠᠵᠤ ᠦᠢᠯᠡᠰ ᠢ ᠲᠦᠯᠬᠢᠨ ᠠᠬᠢᠭᠤᠯᠤᠨ᠎ᠠ᠃ ᠬᠤᠳᠠᠯᠳᠤᠭᠠᠴᠢᠨ ᠤᠷᠢᠬᠤ ᠳᠤᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠤᠳᠠᠯᠳᠤᠭᠠᠴᠢᠨ ᠤ ᠡᠬᠢ ᠰᠤᠷᠪᠤᠯᠵᠢ ᠶᠢ ᠨᠢᠭᠡᠳᠬᠡᠨ᠂ ᠬᠤᠶᠠᠷ ᠬᠦᠷᠢᠶᠡᠯᠡᠩ ᠲᠤᠭᠤᠷᠢᠭ ᠤᠨ ᠲᠠᠪᠴᠠᠩ ᠤᠨ ᠬᠡᠷᠡᠭᠴᠡᠭᠡ ᠶᠢ ᠬᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠪᠦᠬᠦ ᠬᠦᠴᠦ ᠪᠠᠷ ᠢᠶᠠᠨ ᠠᠳᠬᠤᠨ᠎ᠠ᠃ ᠤᠯᠤᠰ ᠤᠨ ᠪᠠ ᠤᠷᠤᠨ᠂ ᠬᠤᠲᠠ ᠶᠢᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠴᠠᠭ ᠢᠮᠠᠭᠲᠠ ᠠᠵᠢᠭᠯᠠᠵᠤ᠂ ᠴᠡᠭᠯᠡᠭᠦᠯᠦᠭᠰᠡᠨ ᠴᠢᠨᠠᠷᠲᠠᠢ ᠨᠦᠬᠡᠴᠡᠯᠡᠬᠦ ᠪᠠ ᠨᠢᠭᠡ ᠪᠦᠯᠦᠭ ᠪᠡᠯᠡ ᠤᠷᠤᠭᠤᠯᠤᠯᠲᠠ ᠶᠢᠨ ᠲᠤᠭ᠎ᠠ ᠬᠡᠮᠵᠢᠶ᠎ᠡ ᠶᠡᠭᠡ᠂ ᠳᠠᠶᠢᠴᠢᠯᠠᠬᠤ ᠬᠦᠴᠦᠨ ᠴᠢᠩᠭ᠎ᠠ᠂ ᠲᠤᠮᠤ ᠲᠦᠷᠦᠯ ᠵᠦᠢᠯ ᠢ ᠤᠯᠬᠤ ᠪᠠᠷ ᠴᠢᠷᠮᠠᠶᠢᠨ᠎ᠠ᠃      ᠭᠤᠤᠯᠳᠠᠯᠠᠭ᠎ᠠ ᠲᠠᠢ ᠲᠦᠷᠦᠯ ᠵᠦᠢᠯ ᠢ ᠬᠦᠴᠦ ᠪᠠᠨ ᠲᠦᠪᠯᠡᠷᠡᠭᠦᠯᠦᠨ ᠠᠬᠢᠭᠤᠯᠤᠨ᠎ᠠ᠃ ᠰᠢᠶᠠᠨ ᠤ ᠤᠳᠤᠷᠢᠳᠤᠯᠭ᠎ᠠ ᠶᠢᠨ ᠲᠦᠷᠦᠯ ᠵᠦᠢᠯ ᠢ ᠳᠠᠭᠠᠭᠠᠴᠢᠯᠠᠭᠰᠠᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ︽ᠰᠢᠭᠤᠳ ᠨᠡᠪᠲᠡᠷᠡᠯᠭᠡ︾ ᠶᠢ ᠲᠡᠭᠦᠯᠳᠡᠷᠵᠢᠭᠦᠯᠵᠦ᠂ ︽ᠳᠠᠷᠤᠶᠢᠬᠠᠨ ᠬᠦᠢᠴᠡᠳᠬᠡᠬᠦ︾᠂ ︽ᠨᠢᠭᠡ ᠤᠳᠠᠭ᠎ᠠ ᠳᠡᠭᠡᠷ᠎ᠡ ᠲᠤᠭᠲᠠᠭᠠᠬᠤ︾ ᠵᠡᠷᠭᠡ ᠬᠢᠬᠦ ᠠᠷᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠡᠯᠡ ᠤᠷᠤᠭᠤᠯᠤᠯᠲᠠ ᠶᠢᠨ ᠰᠦᠬᠡᠷᠭᠦ ᠨᠠᠷᠢᠨ ᠳᠠᠩᠰᠠ ᠶᠢ ᠪᠠᠶᠢᠭᠤᠯᠵᠤ᠂ ᠠᠮᠠᠯᠠᠯᠲᠠ ᠶᠢᠨ ᠳᠦᠷᠢᠮ ᠤᠨ ᠬᠢᠨᠠᠨ ᠵᠦᠪᠰᠢᠶᠡᠷᠡᠯᠲᠡ ᠦᠬᠡᠢ ᠬᠠᠮᠢᠶᠠᠷᠤᠯᠲᠠ ᠶᠢ ᠬᠡᠷᠡᠭᠯᠡᠨ᠎ᠡ᠃ ᠲᠦᠷᠦᠯ ᠵᠦᠢᠯ ᠤᠨ ᠤᠷᠢᠳᠤᠬᠢ ᠬᠤᠭᠤᠴᠠᠭᠠᠨ ᠤ ᠠᠵᠢᠯ ᠢ ᠪᠠᠲᠤᠲᠠᠢ ᠬᠢᠵᠦ᠂ ᠲᠦᠷᠦᠯ ᠵᠦᠢᠯ ᠤᠨ  ᠨᠤᠲᠤᠭᠰᠢᠬᠤ ᠡᠷᠭᠢᠯᠲᠡ ᠶᠢᠨ ᠬᠤᠭᠤᠴᠠᠭ᠎ᠠ ᠶᠢ ᠪᠤᠭᠤᠨᠢᠰᠬᠠᠵᠤ᠂ ᠤᠨᠴᠠᠯᠢᠭᠲᠤ ᠲᠠᠷᠢᠮᠠᠯ ᠲᠡᠵᠢᠭᠡᠪᠦᠷᠢ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠢ ᠪᠤᠯᠪᠠᠰᠤᠷᠠᠭᠤᠯᠬᠤ᠂ ᠯᠢᠲ ᠢᠶᠤᠨ ᠤ ᠳ᠋ᠢᠶᠠᠨ ᡂᠢ ᠵᠡᠷᠭᠡ ᠰᠠᠨᠠᠭᠠᠴᠢᠯᠠᠭ᠎ᠠ ᠲᠠᠢ ᠲᠦᠷᠦᠯ ᠵᠦᠢᠯ ᠤᠳ ᠢ ᠡᠷᠲᠡ ᠭᠡᠷ᠎ᠡ ᠲᠤᠭᠲᠠᠵᠤ᠂ ᠡᠷᠲᠡ ᠪᠠᠶᠢᠭᠤᠯᠤᠭᠳᠠᠨ ᠦᠢᠯᠡᠳᠪᠦᠷᠢᠯᠡᠵᠦ ᠡᠬᠢᠯᠡᠬᠦ ᠶᠢ ᠬᠦᠴᠦᠲᠠᠢ ᠠᠬᠢᠭᠤᠯᠤᠨ᠎ᠠ᠃      ᠡᠯᠧᠮᠧᠨ᠋ᠲ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠴᠢᠩᠭᠠᠷᠠᠭᠤᠯᠤᠨ᠎ᠠ᠃ ᠤᠰᠤ ᠴᠠᠬᠢᠯᠭᠠᠨ ᠤ ᠪᠠᠲᠤᠯᠠᠭ᠎ᠠ ᠶᠢ ᠴᠢᠩᠭᠠᠳᠬᠠᠵᠦ᠂ ᠴᠢ ᠵᠢᠶᠠ ᠶᠢᠩ ᠤᠰᠤᠨ ᠴᠦᠬᠦᠷᠦᠮ᠂ ᠴᠧᠩ ᠭᠤᠸᠠᠨ ᠪᠠᠯᠭᠠᠰᠤ ᠶᠢᠨ ᠤᠰᠤ ᠨᠦᠬᠡᠴᠡᠯᠡᠬᠦ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ ᠴᠠᠬᠢᠯᠭᠠᠨ ᠲᠤᠤᠷ ᠤᠨ ᠪᠦᠲᠦᠴᠡ ᠶᠢ ᠰᠢᠯᠢᠳᠡᠭᠵᠢᠭᠦᠯᠵᠦ᠂ ᠴᠠᠬᠢᠯᠭᠠᠨ ᠤ ᠰᠢᠨ᠎ᠡ ᠡᠬᠢ ᠰᠤᠷᠪᠤᠯᠵᠢ ᠶᠢᠨ ᠴᠢᠭ ᠢ ᠪᠦᠲᠦᠭᠡᠨ ᠪᠠᠶᠢᠭᠤᠯᠵᠦ᠂ ᠲᠦᠷᠦᠯ ᠵᠦᠢᠯ ᠤᠨ ᠪᠠᠶᠢᠭᠤᠯᠤᠯᠲᠠ ᠳᠤ ᠬᠡᠷᠡᠭᠯᠡᠬᠦ ᠤᠰᠤ ᠴᠠᠬᠢᠯᠭᠠᠨ ᠤ ᠬᠡᠷᠡᠭᠴᠡᠭᠡ ᠶᠢ ᠬᠠᠩᠭᠠᠨ᠎ᠠ᠃ ᠭᠠᠵᠠᠷ ᠰᠢᠷᠤᠢ ᠬᠡᠷᠡᠭᠯᠡᠬᠦ ᠪᠠᠲᠦᠯᠠᠪᠦᠷᠢ ᠶᠢ ᠴᠢᠩᠭᠠᠳᠬᠠᠵᠤ᠂ ᠭᠠᠵᠠᠷ ᠰᠢᠷᠤᠢ ᠶᠢᠨ ᠡᠬᠢ ᠰᠤᠷᠪᠤᠯᠵᠢ ᠶᠢ ᠠᠮᠢᠳᠤᠯᠢᠭ ᠪᠤᠯᠭᠠᠨ᠂ ᠭᠠᠵᠠᠷ ᠰᠢᠷᠤᠢ ᠶᠢᠨ ᠡᠬᠢ ᠰᠤᠷᠪᠤᠯᠵᠢ ᠶᠢ ᠰᠢᠯᠢᠳᠡᠭᠵᠢᠭᠦᠯᠦᠨ ᠬᠠᠩᠭᠠᠨ᠎ᠠ᠃ ᠪᠡᠯᠡ ᠤᠷᠤᠭᠤᠯᠤᠯᠲᠠ ᠶᠢᠨ ᠬᠦᠴᠦᠯᠡᠴᠡ ᠶᠢᠨ ᠬᠡᠮᠵᠢᠶ᠎ᠡ ᠪᠠ ᠭᠠᠶᠢᠯᠢ ᠳᠠᠲᠠᠪᠦᠷᠢ ᠶᠢᠨ ᠦᠷ᠎ᠡ ᠠᠰᠢᠭ ᠢ ᠦᠨᠳᠦᠰᠦᠯᠡᠨ᠂ ᠭᠠᠵᠠᠷ ᠰᠢᠷᠤᠢ ᠶᠢᠨ ᠠᠰᠢᠭᠯᠠᠯᠲᠠ ᠶᠢ ᠰᠢᠯᠭᠠᠨ ᠬᠢᠨᠠᠵᠤ ᠦᠨᠡᠯᠡᠬᠦ ᠵᠠᠷᠴᠢᠮ ᠢ ᠴᠢᠩᠭᠠᠳᠬᠠᠵᠤ᠂ ᠭᠠᠵᠠᠷ ᠰᠢᠷᠤᠢ ᠶᠢᠨ ᠡᠬᠢ ᠪᠠᠶᠠᠯᠢᠭ ᠢ ᠠᠰᠢᠭᠯᠠᠵᠤ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠡᠯᠡ ᠮᠦᠩᠭᠦᠨ ᠤ ᠪᠠᠲᠦᠯᠠᠪᠦᠷᠢ ᠶᠢ ᠴᠢᠩᠭᠠᠳᠬᠠᠵᠦ᠂ ᠵᠠᠰᠠᠭ ᠤᠨ ᠤᠷᠳᠤᠨ ᠤ ᠰᠢᠨᠵᠢ ᠲᠠᠢ ᠪᠡᠯᠡ ᠮᠦᠩᠭᠦ ᠤᠷᠤᠭᠤᠯᠬᠤ ᠪᠠᠲᠤᠯᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠠᠵᠤ ᠠᠬᠤᠶᠢᠯᠠᠯ ᠤᠨ ᠪᠡᠯᠡ ᠮᠦᠩᠭᠦ ᠤᠷᠤᠭᠤᠯᠬᠤ ᠪᠠᠲᠤᠯᠠᠭ᠎ᠠ ᠶᠢᠨ ᠵᠠᠮ ᠢ ᠦᠷᠭᠡᠳᠬᠡᠵᠤ᠂ ᠠᠵᠤ ᠠᠬᠤᠶᠢᠯᠠᠯ ᠤᠨ ᠪᠡᠯᠡ ᠮᠦᠩᠭᠦ ᠤᠷᠤᠭᠤᠯᠬᠤ ᠭᠦᠴᠢᠷᠲᠠᠢ ᠠᠰᠠᠭᠤᠳᠠᠯ ᠢ ᠰᠢᠢᠳᠪᠦᠷᠢᠯᠡᠨ᠎ᠡ᠃ ᠤᠯᠤᠰ ᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠳᠤ ᠬᠠᠨᠳᠤᠭᠰᠠᠨ I PO ᠳᠡᠮᠵᠢᠬᠦ ᠲᠦᠷᠦ ᠶᠢᠨ ᠪᠤᠳᠤᠯᠭ᠎ᠠ ᠶᠢ ᠬᠦᠢᠴᠡᠳ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠷᠦᠩᠭᠡ ᠶᠢᠨ ᠵᠠᠬ᠎ᠠ ᠳᠡᠯᠭᠡᠭᠦᠷ ᠢ ᠠᠰᠢᠭᠯᠠᠵᠤ᠂ ᠰᠢᠭᠤᠳ ᠪᠡᠯᠡ ᠮᠦᠩᠭᠦ ᠤᠷᠤᠭᠤᠯᠬᠤ ᠶᠢ ᠳᠡᠮᠵᠢᠨ᠎ᠡ᠃ P P P ᠲᠦᠷᠦᠯ ᠵᠦᠢᠯ ᠢ ᠲᠡᠮᠡᠴᠡᠨ ᠤᠯᠬᠤ ᠪᠠᠷ ᠴᠢᠷᠮᠠᠶᠢᠵᠤ᠂ ᠠᠷᠠᠳ ᠤᠨ ᠳᠤᠮᠳᠠᠬᠢ ᠬᠦᠷᠦᠩᠭᠡ ᠤᠷᠤᠭᠤᠯᠬᠤ ᠵᠠᠮ ᠢ ᠦᠷᠭᠡᠳᠬᠡᠨ᠎ᠡ᠃      ᠠᠴᠢᠶᠠᠯᠠᠬᠤ ᠴᠢᠳᠠᠪᠦᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠠᠭᠠᠨᠴᠠᠪ ᠤᠨ ᠶᠡᠷᠦᠩᠭᠡᠢ ᠡᠳ᠋ ᠪᠠᠷᠠᠭ᠎ᠠ ᠭᠦᠢᠯᠭᠡᠭᠡᠨ ᠤ ᠬᠦᠷᠢᠶᠡᠯᠡᠩ ᠲᠤᠭᠤᠷᠢᠭ ᠪᠠ ᠰᠢᠩ ᠸᠠᠩ ᠵᠢᠶᠣᠣ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠲᠠᠪᠴᠠᠩ ᠤᠨ ᠲᠤᠰᠴᠤ ᠠᠪᠬᠤ ᠪᠠ ᠳᠠᠶᠢᠴᠢᠯᠠᠬᠤ ᠦᠢᠯᠡᠳᠦᠯ ᠢ ᠨᠢᠭᠡᠳᠦᠭᠦᠯᠦᠨ ᠪᠠᠳᠠᠷᠠᠭᠤᠯᠵᠤ᠂ ᠪᠡᠭᠡᠵᠢᠩ᠂ ᠲᠢᠶᠠᠨᠵᠢᠨ᠂ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠲᠠᠢ ᠵᠠᠯᠭᠠᠨ ᠲᠣᠰᠴᠤ ᠠᠪᠤᠨ᠎ᠠ᠃ ᠤᠷᠤᠨ ᠪᠠᠶᠢᠷᠢ ᠶᠢ ᠰᠤᠯᠢᠪᠴᠢᠭᠤᠯᠤᠨ ᠬᠦᠭᠵᠢᠭᠦᠯᠬᠦ᠂ ᠴᠤᠭᠯᠠᠷᠠᠭᠤᠯᠤᠨ ᠬᠦᠭᠵᠢᠭᠦᠯᠬᠦ᠂ ᠡᠷᠭᠢᠯᠳᠦᠭᠦᠯᠦᠨ ᠬᠦᠭᠵᠢᠭᠦᠯᠬᠦ ᠶᠢ ᠪᠠᠷᠢᠮᠲᠠᠯᠠᠵᠤ᠂ ᠬᠦᠷᠢᠶᠡᠯᠡᠩ ᠲᠤᠭᠤᠷᠢᠭ ᠢ ᠮᠠᠨᠳᠤᠭᠤᠯᠬᠤ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠲᠤᠷᠠᠯ ᠢ ᠨᠢᠭᠲᠠᠷᠠᠭᠤᠯᠵᠤ᠂ ᠪᠡᠭᠡᠵᠢᠩ ᠦᠪᠦᠷ ᠮᠤᠩᠭᠤᠯ ᠤᠨ ᠠᠵᠤ ᠦᠢᠯᠡᠰ ᠤᠨ ᠬᠦᠷᠢᠶᠡᠯᠡᠩ ᠢ ᠲᠦᠯᠦᠪᠵᠢᠭᠦᠯᠦᠨ ᠪᠠᠶᠢᠭᠤᠯᠤᠨ᠎ᠠ᠃ ᠰᠢᠨ᠎ᠡ ᠪᠠᠷ ᠤᠷᠤᠵᠤ ᠢᠷᠡᠬᠦ ᠠᠵᠤ ᠠᠬᠤᠶᠢᠯᠠᠯ ᠢ ᠬᠦᠷᠢᠶᠡᠯᠡᠩ ᠲᠤᠭᠤᠷᠢᠭ ᠲᠤ ᠤᠷᠤᠵᠤ ᠰᠠᠭᠤᠷᠢᠰᠢᠬᠤ ᠶᠢ ᠬᠦᠲᠦᠯᠦᠨ ᠵᠢᠯᠤᠭᠤᠳᠤᠨ᠎ᠠ᠃ ︽ᠬᠠᠮᠢᠶᠠᠷᠤᠯᠲᠠ ᠶᠢᠨ ᠵᠦᠪᠯᠡᠯ + ᠠᠵᠤ ᠠᠬᠤᠢ︾ ᠤᠨ ᠵᠠᠭᠪᠤᠷ ᠢ ᠢᠳᠡᠪᠬᠢᠲᠠᠢ ᠠᠬᠢᠭᠤᠯᠵᠤ᠂ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠯᠤᠨ ᠠᠵᠢᠯ ᠤᠨ ᠳᠤᠭᠳᠠᠯᠴᠠᠭ᠎ᠠ ᠶᠢ ᠰᠢᠯᠤᠭᠤᠳᠬᠠᠵᠤ᠂ ᠬᠦᠷᠢᠶᠡᠯᠡᠩ ᠲᠤᠭᠤᠷᠢᠭ ᠤᠨ ᠡᠵᠡᠭᠨᠡᠨ ᠬᠠᠮᠢᠶᠠᠷᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠴᠢᠶᠠᠯᠠᠬᠤ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃      ︵ᠳᠦᠷᠪᠡ︶ ᠲᠠᠪᠤᠨ ᠬᠤᠲᠠ ᠶᠢ ᠬᠠᠮᠲᠦ ᠳᠤᠨᠢ ᠴᠤᠭᠴᠠᠯᠠᠬᠤ ᠶᠢ ᠭᠦᠨᠵᠡᠬᠡᠢ ᠦᠷᠨᠢᠭᠦᠯᠵᠦ᠂ ᠬᠤᠲᠠ ᠶᠢᠨ ᠬᠦᠭᠵᠢᠯᠲᠡ ᠶᠢᠨ ᠴᠢᠳᠠᠪᠦᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠲᠦᠯᠦᠪᠵᠢᠭᠦᠯᠭᠡ ᠪᠠᠷ ᠬᠦᠲᠦᠯᠬᠦ ᠶᠢ ᠪᠠᠷᠢᠮᠲᠠᠯᠠᠨ᠎ᠠ᠃ ᠬᠦᠮᠦᠨ ᠢᠶᠠᠷ ᠦᠨᠳᠦᠰᠦ ᠪᠤᠯᠭᠠᠨ᠂ ᠠᠵᠤ ᠦᠢᠯᠡᠰ᠂ ᠬᠤᠲᠠ ᠬᠠᠷᠢᠯᠴᠠᠨ ᠬᠦᠳᠡᠯᠦᠯᠴᠡᠵᠦ᠂ ᠬᠤᠲᠠ ᠬᠦᠳᠡᠭᠡ ᠠᠭᠤᠰᠤᠯᠴᠠᠬᠤ ᠪᠠᠷ ᠵᠤᠭᠰᠤᠯᠲᠠ ᠪᠤᠯᠭᠠᠨ᠂ ᠲᠦᠯᠦᠪᠵᠢᠭᠦᠯᠭᠡ ᠶᠢᠨ ᠲᠤᠯᠤᠭᠠᠶᠢᠯᠠᠬᠤ ᠦᠢᠯᠡᠳᠦᠯ ᠪᠤᠯᠤᠨ ᠵᠠᠮᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠲᠦᠪ ᠬᠤᠲᠠ ᠲᠤᠭᠤᠷᠢᠭ᠂ ᠤᠨᠴᠠᠯᠢᠭᠲᠤ ᠪᠠᠯᠭᠠᠰᠤ ᠪᠠᠷ ᠪᠦᠷᠢᠯᠳᠦᠴᠡ ᠪᠤᠯᠭᠠᠭᠰᠠᠨ᠂ ᠤᠳᠤᠬᠢᠴᠢᠯᠠᠭᠰᠠᠨ ᠬᠤᠲᠠ ᠪᠠᠯᠭᠠᠰᠤᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠬᠤᠲᠠ ᠪᠠᠯᠭᠠᠰᠤ ᠶᠢᠨ ᠶᠡᠷᠦᠩᠭᠡᠢ ᠲᠦᠯᠦᠪᠵᠢᠭᠦᠯᠭᠡ ᠪᠠ ᠭᠠᠵᠠᠷ ᠰᠢᠷᠤᠢ ᠶᠢᠨ ᠠᠰᠢᠭᠯᠠᠯᠲᠠ ᠶᠢᠨ ᠶᠡᠷᠦᠩᠭᠡᠢ ᠲᠦᠯᠦᠪᠵᠢᠭᠦᠯᠭᠡ ᠵᠡᠷᠭᠡ ︽ᠤᠯᠠᠨ ᠲᠦᠯᠦᠪᠵᠢᠭᠦᠯᠭᠡ ᠶᠢ ᠨᠢᠭᠡ ᠪᠤᠯᠭᠠᠬᠤ︾ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠢᠭᠡᠳᠦᠯᠲᠠᠢ ᠲᠦᠯᠦᠪᠵᠢᠭᠦᠯᠭᠡ ᠶᠢᠨ ᠡᠬᠡ ᠳᠡᠪᠲᠡᠷ ᠪᠠ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠴᠢᠷᠮᠠᠶᠢᠨ ᠪᠦᠷᠢᠯᠳᠦᠭᠦᠯᠦᠨ᠎ᠡ᠃ ᠲᠦᠯᠦᠪᠵᠢᠭᠦᠯᠭᠡ ᠶᠢᠨ ᠬᠠᠳᠠᠨ ᠴᠢᠨᠠᠷ ᠲᠠᠢ ᠭᠢᠵᠠᠭᠠᠷᠯᠠᠯ ᠢ ᠴᠢᠩᠭᠠᠳᠬᠠᠵᠤ᠂ ᠢᠷᠠᠭᠤ ᠰᠠᠶᠢᠬᠠᠨ ᠵᠢᠷᠤᠭ ᠲᠦᠰᠦᠪ ᠤᠨ ᠪᠡᠶᠡᠯᠡᠭᠳᠡᠬᠦ ᠶᠢ ᠦᠨᠡᠨᠬᠦ ᠪᠠᠲᠤᠯᠠᠨ᠎ᠠ᠃      ᠬᠤᠲᠠ ᠪᠠᠯᠭᠠᠰᠤ ᠶᠢᠨ ᠴᠢᠳᠠᠪᠤᠷᠢ ᠶᠢ ᠲᠡᠭᠦᠯᠳᠡᠷᠵᠢᠭᠦᠯᠦᠨ᠎ᠡ᠃ ᠬᠠᠭᠤᠴᠢᠨ ᠬᠤᠲᠠ ᠶᠢᠨ ᠦᠭᠡᠷᠡᠴᠢᠯᠡᠯᠲᠡ ᠬᠢᠭᠡᠳ ᠰᠢᠨ᠎ᠡ ᠬᠤᠲᠠ ᠶᠢᠨ ᠪᠠᠶᠢᠭᠤᠯᠤᠯᠲᠠ᠂ ᠰᠠᠭᠤᠷᠢ ᠲᠦᠬᠦᠭᠡᠷᠦᠮᠵᠢ ᠬᠢᠭᠡᠳ ᠤᠯᠠᠨ ᠨᠡᠶᠢᠲᠡ ᠶᠢᠨ ᠦᠢᠯᠡᠴᠢᠯᠡᠭᠡ ᠂ ᠭᠠᠵᠠᠷ ᠳᠤᠤᠷᠠᠬᠢ ᠪᠠᠶᠢᠭᠤᠯᠤᠯᠲᠠ ᠬᠢᠭᠡᠳ ᠭᠠᠵᠠᠷ ᠳᠡᠭᠡᠷᠡᠬᠢ ᠪᠠᠶᠢᠭᠤᠯᠤᠯᠲᠠ ᠶᠢ ᠨᠢᠭᠡᠳᠦᠯᠲᠠᠢ ᠲᠦᠯᠦᠪᠯᠡᠨ ᠰᠠᠶᠢᠲᠤᠷ ᠠᠳᠬᠤᠵᠤ᠂ ᠬᠤᠲᠠ ᠪᠠᠯᠭᠠᠰᠤᠵᠢᠭᠰᠠᠨ ᠨᠤᠷᠮ᠎ᠠ ᠶᠢ 49% ᠬᠦᠷᠭᠡᠬᠦ ᠪᠠᠷ ᠴᠢᠷᠮᠠᠶᠢᠨ᠎ᠠ᠃ ᠦᠨᠳᠦᠷ ᠬᠤᠷᠳᠤᠴᠠᠲᠦ ᠲᠡᠮᠦᠷ ᠵᠠᠮ ᠤᠨ ᠦᠷᠲᠡᠭᠡ ᠲᠤᠭᠤᠷᠢᠭ ᠤᠨ ᠢᠵᠢ ᠪᠦᠷᠢᠳᠦᠯ᠂ ᠠᠷᠠᠳ ᠤᠨ ᠴᠡᠴᠡᠷᠯᠢᠭ᠂ ᠬᠠᠭᠤᠴᠢᠨ ᠬᠤᠲᠠ ᠶᠢᠨ ᠤᠰᠤᠨ ᠤ ᠡᠬᠢ ᠭᠠᠵᠠᠷ ᠬᠢᠭᠡᠳ ᠭᠤᠤᠷᠰᠤ ᠲᠤᠤᠷ ᠤᠨ ᠦᠭᠡᠷᠡᠴᠢᠯᠡᠯᠲᠡ᠂ ᠭᠠᠯ ᠰᠡᠷᠭᠡᠶᠢᠯᠡᠬᠦ ᠪᠠ ᠬᠤᠲᠠ ᠪᠠᠯᠭᠠᠰᠤ ᠶᠢᠨ ᠵᠠᠮ ᠭᠤᠳᠤᠮᠵᠢ ᠵᠡᠷᠭᠡ ᠬᠤᠲᠠ ᠵᠠᠰᠠᠭ ᠤᠨ ᠰᠠᠭᠤᠷᠢ ᠲᠦᠬᠦᠭᠡᠷᠦᠮᠵᠢ ᠶᠢ ᠪᠠᠶᠢᠭᠤᠯᠬᠤ ᠲᠦᠷᠦᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠠᠷᠠᠳ ᠲᠤ ᠠᠰᠢᠭᠲᠠᠢ᠂ ᠠᠮᠲᠠᠲᠦ ᠢᠳᠡᠭᠡᠨ ᠤ ᠬᠤᠳᠠᠯᠳᠤᠭ᠎ᠠ ᠴᠤᠭᠯᠠᠷᠠᠭᠰᠠᠨ ᠶᠡᠷᠦᠩᠭᠡᠢ ᠴᠤᠭᠴᠠ᠂ ᠰᠢᠨ ᠷᠦᠨ ᠭᠡᠷ ᠤᠨ ᠬᠡᠷᠡᠭᠰᠡᠯ ᠤᠨ ᠮᠠᠲ᠋ᠧᠷᠢᠶᠠᠯ ᠵᠡᠷᠭᠡ ᠴᠢᠬᠤᠯᠠ ᠢᠨᠵᠧᠨᠧᠷᠢᠩ ᠤᠨ ᠪᠠᠶᠢᠭᠤᠯᠤᠯᠲᠠ ᠶᠢ ᠢᠳᠡᠪᠬᠢᠲᠠᠢ ᠠᠬᠢᠭᠤᠯᠤᠨ᠎ᠠ᠃ ᠬᠤᠲᠠ ᠲᠤᠭᠤᠷᠢᠭ ᠤᠨ ᠲᠤᠲᠠᠭᠤ ᠲᠤᠷᠭᠤᠨ ᠵᠠᠮ ᠢ ᠨᠡᠪᠲᠡᠷᠡᠭᠦᠯᠵᠦ᠂ ᠵᠠᠮ ᠨᠡᠪᠲᠡᠷᠡᠭᠦᠯᠭᠡ ᠶᠢᠨ ᠬᠠᠷᠢᠯᠴᠠᠨ ᠬᠤᠯᠪᠤᠯᠳᠤᠨ᠂ ᠬᠠᠷᠢᠯᠴᠠᠨ ᠨᠡᠪᠲᠡᠷᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠷᠬᠡ ᠭᠡᠷ ᠲᠤᠭᠤᠷᠢᠭ ᠤᠨ ᠦᠭᠡᠷᠡᠴᠢᠯᠡᠯᠲᠡ ᠶᠢᠨ ᠠᠯᠬᠤᠮ ᠢ ᠲᠦᠷᠭᠡᠳᠬᠡᠵᠦ᠂ ᠮᠠ ᠴᠢᠶᠤᠥ ᠵᠡᠭᠡᠯᠢ᠂ ᠬᠤᠲᠠ ᠶᠢᠨ ᠪᠠᠷᠠᠭᠤᠨ ᠵᠡᠭᠡᠯᠢ᠂ ᠰᠢᠩ ᠯᠦᠩ ᠵᠡᠭᠦᠨ ᠵᠡᠭᠡᠯᠢ ᠶᠢᠨ 2500 ᠪᠦᠷᠭᠡ ᠭᠡᠷ ᠲᠠᠢ ᠡᠷᠦᠬᠡ ᠶᠢ ᠦᠭᠡᠷᠡᠴᠢᠯᠡᠬᠦ ᠶᠢ ᠪᠡᠶᠡᠯᠡᠭᠦᠯᠵᠦ᠂ ᠪᠧᠢ ᠭᠤᠸᠠᠨ᠂ ᠹᠦ᠋ ᠷᠦᠢ ᠵᠡᠭᠡᠯᠢ᠂ ᠢᠦᠢ ᠼᠠᠢ ᠵᠡᠭᠡᠯᠢ᠂ ᠰᠠᠶᠢᠨ ᠤᠰᠤ ᠵᠠᠮ ᠤᠨ 7 ᠪᠦᠷᠬᠡ ᠭᠡᠷ ᠲᠤᠭᠤᠷᠢᠭ ᠤᠨ ᠵᠠᠮ᠂ ᠭᠤᠤᠷᠰᠤ ᠲᠤᠤᠷ ᠵᠡᠷᠭᠡ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠯ ᠢ ᠲᠡᠭᠦᠯᠳᠡᠷᠵᠢᠭᠦᠯᠵᠦ᠂ ᠬᠠᠭᠤᠴᠢᠨ ᠬᠤᠲᠠ ᠶᠢᠨ ᠪᠦᠷᠬᠡ ᠭᠡᠷ ᠲᠤᠭᠤᠷᠢᠭ ᠢ ᠦᠭᠡᠷᠡᠴᠢᠯᠡᠨ᠂ ᠠᠰᠠᠷ ᠲᠤ ᠨᠡᠭᠦᠬᠦ ᠲᠦᠷᠦᠯ ᠵᠦᠢᠯ ᠢ ᠡᠬᠢᠯᠡᠨ ᠪᠠᠶᠢᠭᠤᠯᠬᠤ ᠶᠢ ᠠᠬᠢᠭᠤᠯᠤᠨ᠎ᠠ᠃ ᠴᠡᠴᠡᠷᠯᠢᠭ ᠢ ᠠᠷᠠᠴᠢᠯᠠᠨ ᠬᠠᠮᠠᠭᠠᠯᠠᠬᠤ ᠪᠠ ᠬᠤᠸᠠᠩ ᠬᠤᠸᠠ ᠯᠢᠶᠠᠩ ᠴᠡᠴᠡᠷᠯᠢᠭ᠂ ᠬᠤᠲᠠ ᠲᠤᠭᠤᠷᠢᠭ ᠤᠨ ᠵᠠᠮ ᠵᠡᠷᠭᠡ ᠶᠢᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠰᠢᠨ᠎ᠡ ᠬᠠᠭᠤᠴᠢᠨ ᠬᠤᠲᠠ ᠲᠤᠭᠤᠷᠢᠭ ᠤᠨ ᠨᠡᠶᠢᠲᠡ ᠶᠢᠨ ᠵᠤᠷᠯᠤᠩ ᠤᠨ ᠦᠭᠡᠷᠡᠴᠢᠯᠡᠯᠲᠡ ᠶᠢ ᠪᠡᠶᠡᠯᠡᠭᠦᠯᠵᠦ᠂ ᠡᠷᠳᠡᠨᠢ ᠪᠠᠯᠭᠠᠰᠤ ᠶᠢᠨ ᠠᠮᠢᠳᠤᠷᠠᠯ ᠤᠨ ᠬᠤᠭ ᠨᠤᠪᠰᠢ ᠶᠢ ᠬᠤᠤᠷᠳᠤᠯ ᠦᠬᠡᠢ ᠪᠤᠯᠭᠠᠵᠤ ᠰᠢᠢᠳᠪᠦᠷᠢᠯᠡᠬᠦ ᠦᠢᠯᠡᠳᠪᠦᠷᠢ ᠶᠢ ᠠᠵᠢᠯᠯᠠᠭᠠᠨ ᠳᠠᠭᠠᠨ ᠤᠷᠤᠬᠤ ᠶᠢ ᠪᠠᠲᠤᠯᠠᠨ᠎ᠠ᠃ ᠰᠢᠯᠵᠢᠮᠡᠯ ᠬᠤᠯᠪᠤᠭ᠎ᠠ᠂ ᠷᠠᠳᠢᠦ᠋ ᠲᠧᠯᠸᠢᠰ ᠪᠠ ᠢᠨᠲᠤᠷ ᠰᠦᠯᠵᠢᠶ᠎ᠡ ︽ᠭᠤᠷᠪᠠᠨ ᠲᠤᠤᠷ︾ ᠢ ᠨᠡᠶᠢᠯᠡᠭᠦᠯᠦᠨ᠎ᠡ᠃ ᠳ᠋ᠢᠶᠠᠨ ᠽᠢ᠂ ᠡᠷᠳᠡᠨᠢ᠂ ᠵᠠᠩ ᠭᠤᠣ᠂ ᠶᠡᠭᠡ ᠬᠦᠷᠢᠶ᠎ᠡ᠂ ᠰᠠᠶᠢᠨ ᠤᠰᠤ ᠵᠡᠷᠭᠡ ᠴᠤᠭᠯᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠠᠢ ᠲᠦᠯᠬᠢᠨ ᠠᠬᠢᠭᠤᠯᠤᠨ᠎ᠠ᠃      ᠬᠠᠮᠢᠶᠠᠷᠤᠯᠲᠠ ᠶᠢᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠷᠭᠡᠨ ᠲᠡᠭᠦᠯᠳᠡᠷᠵᠢᠭᠦᠯᠵᠦ᠂ ᠬᠤᠲᠠ ᠶᠢᠨ ᠦᠩᠭᠡ ᠲᠦᠷᠬᠦ ᠶᠢᠨ ᠶᠡᠷᠦᠩᠭᠡᠶᠢᠯᠡᠨ ᠵᠠᠰᠠᠨ ᠴᠡᠴᠡᠭᠯᠡᠯᠲᠡ ᠶᠢ ᠦᠷᠭᠦᠯᠵᠢᠯᠡᠨ ᠠᠬᠢᠭᠤᠯᠵᠤ᠂ ᠡᠯ᠎ᠡ ᠲᠦᠷᠦᠯ ᠤᠨ ᠳᠦᠷᠢᠮ ᠲᠤᠭᠲᠠᠭᠠᠯ ᠢ ᠵᠦᠷᠢᠴᠡᠭᠰᠡᠨ ᠪᠠᠷᠢᠯᠭ᠎ᠠ ᠶᠢᠨ ᠦᠢᠯᠡ ᠠᠵᠢᠯᠯᠠᠭ᠎ᠠ ᠳᠤ ᠬᠦᠨᠳᠦ ᠴᠤᠬᠢᠯᠲᠠ ᠦᠭᠭᠦᠨ᠎ᠡ᠃ ᠠᠲᠠᠯ ᠠᠬᠤᠢ ᠦᠢᠯᠡᠴᠢᠯᠡᠭᠡᠨ ᠤ ᠵᠠᠬ᠎ᠠ ᠳᠡᠯᠭᠡᠭᠦᠷᠴᠢᠯᠡᠬᠦ ᠲᠤᠭᠲᠠᠴᠠ ᠶᠢ ᠰᠠᠶᠢᠵᠢᠷᠠᠭᠤᠯᠤᠨ᠂ ᠦᠢᠯᠡᠴᠢᠯᠡᠭᠡᠨ ᠤ ᠴᠢᠨᠠᠷ ᠴᠢᠨᠰᠠᠭ᠎ᠠ ᠪᠤᠯᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠂ ︽ᠬᠤᠲᠠ ᠶᠢᠨ ᠬᠤᠤᠰ ᠰᠡᠯᠪᠢᠨ ᠵᠠᠰᠠᠯᠲᠠ︾ ᠶᠢᠨ ᠠᠵᠢᠯ ᠢ ᠡᠬᠢᠯᠡᠭᠦᠯᠵᠦ᠂ ᠨᠤᠭᠤᠭᠠᠷᠠᠭᠤᠯᠤᠯᠲᠠ ᠶᠢ ᠨᠡᠮᠡᠭᠳᠡᠭᠦᠯᠬᠦ᠂ ᠭᠡᠭᠡᠷᠡᠭᠦᠯᠦᠯᠲᠡ ᠶᠢ ᠦᠭᠡᠷᠡᠴᠢᠯᠡᠬᠦ ᠪᠠ ᠤᠰᠤᠨ ᠰᠢᠰᠲ᠋ᠧᠮ᠂ ᠨᠤᠭᠤᠭᠠᠷᠠᠭᠤᠯᠤᠯᠲᠠ ᠶᠢᠨ ᠭᠠᠵᠠᠷ ᠢ ᠰᠡᠯᠪᠢᠨ ᠵᠠᠰᠠᠬᠤ ᠠᠵᠢᠯ ᠢ ᠦᠷᠨᠢᠭᠦᠯᠦᠨ᠎ᠡ᠃ ᠲᠤᠭᠠᠵᠢᠭᠤᠯᠬᠤ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠲᠤᠳᠤᠭᠠᠲᠦ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠶᠢᠨ ᠡᠬᠢ ᠰᠤᠷᠪᠤᠯᠵᠢ ᠶᠢ ᠨᠢᠭᠡᠳᠬᠡᠵᠦ᠂ ᠮᠡᠳᠡᠭᠡ ᠵᠡᠩᠭᠢ ᠶᠢ ᠬᠠᠮᠲᠤᠪᠡᠷ ᠡᠳ᠋ᠯᠡᠬᠦ ᠶᠢ ᠲᠦᠯᠬᠢᠨ ᠠᠬᠢᠭᠤᠯᠵᠤ᠂ ᠤᠶᠤᠨ ᠪᠢᠯᠢᠭᠲᠦ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ︽ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠤᠨ ᠬᠤᠰᠢᠭᠤ ᠰᠢᠶᠠᠨ︾ ︽ᠦᠪᠡᠷᠲᠡᠭᠡᠨ ᠵᠠᠰᠠᠬᠤ ᠤᠷᠤᠨ ᠤ ᠴᠡᠴᠡᠷᠯᠢᠭᠲᠦ ᠰᠢᠶᠠᠨ ᠤ ᠬᠤᠲᠠ︾ ᠶᠢ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ︽ᠦᠪᠡᠷᠲᠡᠭᠡᠨ ᠵᠠᠰᠠᠬᠤ ᠤᠷᠤᠨ ᠤ ᠢᠳᠡᠭᠡᠨ ᠤᠮᠳᠠᠭᠠᠨ ᠤ ᠠᠮᠤᠷ ᠲᠦᠪᠰᠢᠨ ᠬᠤᠲᠠ︾ ᠢᠶᠠᠷ ᠰᠢᠯᠭᠠᠨ ᠲᠤᠭᠲᠠᠬᠤ ᠶᠢ ᠪᠠᠲᠤᠯᠠᠵᠤ᠂ ︽ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠰᠢᠶᠠᠨ ᠤ ᠬᠤᠲᠠ︾᠂ ︽ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠵᠢᠱᠢᠶᠡᠴᠢ ᠬᠤᠲᠠ︾ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠠᠷᠢᠭᠤᠨ ᠴᠡᠪᠡᠷᠴᠢ᠂ ᠡᠮᠬᠢ ᠳᠢᠭᠯᠢᠮᠲᠦ᠂ ᠡᠶ᠎ᠡ ᠵᠤᠬᠢᠴᠠᠩᠭᠤᠢ ᠪᠤᠯᠪᠠᠰᠤᠨ ᠬᠤᠲᠠ ᠶᠢᠨ ᠤᠷᠴᠢᠨ ᠲᠤᠭᠤᠷᠢᠨ ᠢ ᠪᠦᠲᠦᠭᠡᠨ ᠪᠠᠶᠢᠭᠤᠯᠤᠶ᠎ᠠ᠃      ︵ᠲᠠᠪᠤ︶ ᠠᠮᠢ ᠠᠬᠤᠢ ᠶᠢᠨ ᠬᠠᠮᠠᠭᠠᠯᠠᠯᠲᠠ ᠶᠢ ᠡᠷᠡᠰ ᠪᠠᠷᠢᠮᠲᠠᠯᠠᠵᠤ᠂ ᠬᠤᠲᠠ ᠬᠦᠳᠡᠭᠡᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠴᠢᠷᠮᠠᠶᠢᠨ ᠰᠠᠶᠢᠵᠢᠷᠠᠭᠤᠯᠤᠨ᠎ᠠ      ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠶᠢᠨ ᠪᠤᠬᠢᠷᠳᠤᠯ ᠢ ᠰᠡᠷᠭᠡᠶᠢᠯᠡᠬᠦ ᠲᠦᠯᠦᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠶᠡᠷᠦᠩᠬᠡᠢ ᠴᠡᠭᠴᠡᠯᠡᠨ ᠵᠠᠰᠠᠯᠲᠠ ᠪᠠ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠳᠬᠠᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠤᠯᠢ ᠴᠠᠭᠠᠵᠠ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠡ᠃ ᠭᠤᠣᠯ ᠤᠨ ᠳᠠᠷᠤᠭ᠎ᠠ᠂ ᠮᠦᠷᠡᠨ ᠤ ᠳᠠᠷᠤᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠭᠤᠣᠯ ᠨᠠᠭᠤᠷ ᠢ ᠬᠠᠤᠯᠢ ᠶᠤᠰᠤᠭᠠᠷ ᠬᠠᠮᠢᠶᠠᠷᠴᠤ ᠬᠠᠮᠠᠭᠠᠯᠠᠬᠤ ᠦᠪᠴᠢ ᠪᠦᠷᠬᠦᠭᠦᠯᠲᠡ ᠶᠢ ᠪᠡᠶᠡᠯᠡᠭᠦᠯᠦᠨ᠎ᠡ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ ᠶᠢᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠵᠦ᠂ ᠵᠠᠰᠠᠯᠲᠠ ᠶᠢᠨ ᠠᠷᠭ᠎ᠠ ᠪᠠᠷᠢᠯ ᠢ ᠲᠦᠷᠦᠯ ᠬᠤᠪᠢᠶᠠᠨ ᠲᠣᠭᠲᠠᠭᠠᠨ ᠬᠡᠷᠡᠭᠵᠢᠭᠦᠯᠦᠨ᠎ᠡ ᠃ ᠬᠦᠷᠦᠰᠦ ᠰᠢᠷᠤᠢ ᠶᠢᠨ ᠪᠤᠬᠢᠷᠳᠤᠯ ᠤᠨ ᠲᠤᠬᠠᠢ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠵᠦ᠂ ᠬᠦᠷᠦᠰᠦ ᠰᠢᠷᠤᠢ ᠶᠢᠨ ᠪᠤᠬᠢᠷᠳᠤᠯ ᠤᠨ ᠡᠵᠡᠮᠳᠡᠨ ᠬᠠᠮᠢᠶᠠᠷᠤᠯᠲᠠ ᠪᠠ ᠰᠡᠷᠭᠦᠭᠡᠨ ᠵᠠᠰᠠᠯᠲᠠ ᠶᠢ ᠴᠢᠩᠭᠠᠳᠬᠠᠨ᠎ᠠ᠃ ᠬᠤᠲᠠ ᠪᠠ ᠠᠵᠤ ᠦᠢᠯᠡᠳᠪᠦᠷᠢ ᠶᠢᠨ ᠪᠤᠬᠢᠷᠳᠤᠯ ᠤᠰᠤ ᠰᠢᠢᠳᠪᠦᠷᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠭᠦᠢᠴᠡᠳᠭᠡᠬᠦ ᠪᠠ ᠪᠤᠬᠢᠷᠳᠤᠯ ᠤᠰᠤ ᠰᠢᠢᠳᠪᠦᠷᠢᠯᠡᠬᠦ ᠦᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠤᠬᠤ ᠶᠢ ᠪᠠᠲᠤᠯᠠᠨ᠎ᠠ᠃ ᠣᠷᠴᠢᠨ ᠲᠣᠭᠤᠷᠢᠨ ᠤ ᠬᠠᠮᠠᠭᠠᠯᠯᠠᠲᠠ ᠶᠢᠨ ᠲᠦᠷᠦ ᠶᠢᠨ ᠪᠣᠳᠤᠯᠭ᠎ᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠦᠵᠡᠯ ᠤᠬᠠᠮᠰᠡᠷ ᠢ ᠴᠢᠷᠮᠠᠶᠢᠨ ᠳᠡᠭᠡᠭᠰᠢᠯᠡᠭᠦᠯᠦᠨ᠎ᠡ᠃      ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠲᠦᠯᠬᠢᠨ ᠠᠬᠢᠭᠤᠯᠤᠨ᠎ᠠ᠃ᠬᠦᠬᠡᠮᠳᠦᠭ ᠨᠣᠭᠤᠭᠠᠨ ᠠᠭᠤᠯᠠ ᠤᠰᠤ ᠪᠤᠯ ᠳᠠᠷᠤᠢ ᠠᠯᠲᠠ ᠮᠦᠩᠭᠦᠨ ᠠᠭᠤᠯᠠ ᠮᠦᠨ︾ ᠭᠡᠬᠦ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ ᠡᠷᠴᠢᠮ ᠢ ᠦᠷᠬᠦᠯᠵᠢᠯᠡᠨ ᠴᠢᠩᠭᠠᠳᠬᠠᠨ᠎ᠠ᠃ ᠡᠨᠡ ᠵᠢᠯ ᠳᠤ ᠤᠯᠤᠰ ᠤᠨ ᠭᠤᠣᠯᠳᠠᠯᠭᠠᠲᠤ ᠠᠮᠢ ᠠᠬᠤᠢ ᠶᠢᠨ ᠢᠨᠵᠧᠨᠧᠷᠢᠩ 2 ᠲᠦᠮᠡᠨ ᠮᠦ᠂ ᠬᠤᠪᠬᠠᠢ ᠠᠭᠤᠯᠠ ᠶᠢᠨ ᠨᠤᠭᠤᠭᠠᠷᠠᠭᠤᠯᠤᠯᠲᠠ 3 ᠮᠢᠩᠭᠠᠨ ᠮᠦ ᠪᠠ ᠠᠵᠤ ᠠᠬᠤᠶᠢᠲᠤ ᠤᠢ ᠶᠢᠨ ᠪᠦᠲᠦᠭᠡᠨ ᠪᠠᠶᠢᠭᠤᠯᠤᠯᠲᠠ 1.3 ᠲᠦᠮᠡᠨ ᠮᠦ ᠵᠡᠷᠭᠡ ᠡᠭᠦᠷᠭᠡ ᠶᠢ ᠭᠦᠢᠴᠡᠳᠭᠡᠨ᠎ᠡ᠃ ᠲᠦᠷᠭᠡᠨ ᠭᠠᠯᠲᠤ ᠲᠡᠷᠭᠡ᠂ G7 ᠳᠡᠭᠡᠳᠦ ᠬᠤᠷᠳᠤᠴᠠᠲᠤ ᠵᠠᠮ ᠤᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠢᠳᠡᠪᠬᠢᠲᠡᠢ ᠲᠦᠯᠬᠢᠨ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠬᠦᠯᠵᠢᠯᠡᠨ ᠪᠠᠬᠢᠵᠢᠭᠦᠯᠵᠦ᠂ ᠡᠪᠡᠰᠦ ᠮᠣᠳᠤᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠣᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 24.17%, ᠡᠪᠡᠰᠦ ᠮᠤᠳᠤᠨ ᠤ ᠪᠦᠷᠬᠦᠴᠡ ᠶᠢᠨ ᠨᠤᠷᠮ᠎ᠠ ᠶᠢ 53.2% ᠲᠤ ᠬᠦᠷᠭᠡᠬᠦ ᠪᠠᠷ ᠪᠠᠲᠤᠯᠠᠨ᠎ᠠ᠃      ᠪᠤᠬᠢᠷᠳᠤᠯ ᠦᠭᠡᠢ ᠬᠦᠭᠵᠢᠯᠲᠡ ᠶᠢᠨ ᠠᠷᠭ᠎ᠠ ᠮᠠᠶ᠋ᠢᠭ ᠢ ᠪᠤᠢ ᠪᠤᠯᠭᠠᠶ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠦ ᠰᠠᠬᠢᠵᠤ᠂ ᠤᠯᠤᠰ ᠤᠨ ᠭᠠᠵᠠᠷ ᠰᠢᠷᠤᠢ ᠶᠢᠨ ᠭᠤᠤᠯ ᠴᠤᠭᠴᠠ ᠶᠢᠨ ᠴᠢᠳᠠᠪᠬᠢ ᠶᠢᠨ ᠤᠷᠤᠨ ᠤ ᠲᠦᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠡᠯ᠎ᠡ ᠬᠠᠮᠠᠭᠠᠯᠠᠯᠲᠠ ᠶᠢᠨ ᠤᠷᠤᠨ ᠤ ᠵᠠᠭᠠᠭ ᠱᠤᠭᠤᠮ ᠢ ᠲᠤᠳᠤᠷᠬᠠᠶᠢᠯᠠᠵᠤ᠂ ᠴᠢᠩᠭ᠎ᠠ ᠬᠢᠨᠠᠨ ᠬᠠᠮᠢᠶᠠᠷᠤᠯᠲᠠ ᠶᠢᠨ ᠪᠠᠶᠢᠩᠭᠤᠵᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠭᠡᠭᠡᠨ ᠬᠦᠭᠵᠢᠯᠲᠡ ᠶᠢᠨ ᠬᠦᠴᠦᠯᠡᠴᠡ ᠶᠢ ᠴᠢᠩᠭ᠎ᠠ ᠡᠵᠡᠮᠳᠡᠵᠦ᠂ ᠬᠠᠶᠠᠭᠳᠠᠮᠠᠯ ᠬᠡᠢ᠂ ᠡᠨᠧᠷᠭᠢ ᠶᠢ ᠬᠤᠷᠤᠭᠳᠠᠭᠤᠯᠬᠤ᠂ ᠤᠰᠤᠨ ᠤ ᠡᠬᠢ ᠪᠠᠶᠠᠯᠢᠭ ᠢ ᠬᠤᠷᠤᠭᠳᠠᠭᠤᠯᠬᠤ᠂  ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠭᠠᠵᠠᠷ ᠵᠡᠷᠭᠡ ᠶᠢᠨ ᠶᠡᠷᠦᠩᠭᠡᠢ ᠬᠡᠮᠵᠢᠶ᠎ᠡ ᠪᠠ ᠬᠦᠴᠦᠯᠡᠴᠡ ᠶᠢᠨ ︽ᠬᠤᠤᠰ ᠡᠵᠡᠮᠰᠢᠯ︾ ᠢ ᠬᠡᠷᠡᠭᠵᠢᠭᠦᠯᠵᠦ᠂ ᠠᠮᠢ ᠠᠬᠤᠢ ᠳᠤ ︽ᠬᠤᠭᠤᠰᠤᠨ ᠵᠠᠢ︾ ᠦᠯᠡᠳᠡᠭᠡᠵᠤ᠂ ᠡᠬᠡ ᠪᠠᠶᠢᠭᠠᠯᠢ ᠳᠤ ᠠᠷᠪᠢᠨ ︽ᠨᠤᠭᠤᠭᠠᠨ ᠢ ᠲᠠᠷᠢᠨ᠎ᠠ︾᠃ ᠪᠦᠬᠦ ᠠᠷᠠᠳ ᠢᠶᠠᠷ ᠢᠶᠠᠨ ᠡᠨᠧᠷᠭᠢ ᠠᠷᠪᠢᠯᠠᠬᠤ ᠲᠦᠯᠦᠪᠯᠡᠭᠡ ᠶᠢ ᠬᠡᠷᠡᠭᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠰᠤᠷᠭᠠᠨ ᠬᠦᠮᠦᠵᠢᠯ ᠢ ᠴᠢᠩᠭᠠᠳᠬᠠᠵᠤ᠂ ᠪᠤᠬᠢᠷᠳᠤᠯ ᠦᠭᠡᠢ ᠬᠡᠷᠡᠭᠯᠡᠭᠡ᠂ ᠪᠤᠬᠢᠷᠳᠤᠯ ᠦᠭᠡᠢ ᠠᠮᠢᠳᠤᠷᠠᠯ  ᠢ ᠴᠠᠭ ᠤᠨ ᠤᠷᠤᠰᠬᠠᠯ ᠢᠶᠠᠨ ᠪᠤᠯᠭᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠪᠠᠨ ᠬᠠᠮᠠᠭᠠᠯᠠᠬᠤ ᠶᠢ ᠳᠠᠳᠬᠠᠯ ᠢᠶᠠᠨ ᠪᠤᠯᠭᠠᠶ᠎ᠠ᠃      ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯᠳᠠᠭᠤ ᠡᠯ ᠳ᠋ᠣᠣ ᠾᠧ᠂ ᠶᠢᠨ ᠽᠢ ᠾᠧ ᠭᠤᠤᠯ ᠤᠨ ᠭᠤᠤᠯ ᠵᠠᠮ ᠤᠨ ᠶᠡᠷᠦᠩᠭᠡᠢ ᠵᠠᠰᠠᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠵᠠᠮ ᠬᠠᠷᠢᠴᠠᠭᠠᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠭᠤᠤᠯᠳᠠᠭᠤ ᠮᠤᠵᠢ ᠶᠢᠨ ᠵᠠᠮ 223 ᠱᠠᠩᠳᠦ ᠠᠴᠠ ᠰᠢᠩ ᠾᠧ ᠬᠦᠷᠬᠦ ᠦᠨᠳᠦᠷ ᠳᠡᠰ ᠤᠨ ᠵᠠᠰᠠᠮᠠᠯ ᠵᠠᠮ ᠤᠨ ᠭᠡᠰᠡᠭ ᠪᠠ ᠴᠧᠩ ᠭᠤᠸᠠᠨ ᠪᠠᠯᠭᠠᠰᠤᠨ — ᠶᠧᠦ ᠶᠢ ᠤᠰᠤᠨ ᠴᠦᠬᠦᠷᠦᠮ —110 ᠤᠯᠤᠰ ᠤᠨ ᠵᠠᠮ ᠬᠦᠷᠬᠦ ᠵᠤᠭᠠᠴᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 51 ᠪᠠᠶᠢᠭᠠᠯᠢᠯᠢᠭ ᠲᠤᠰᠬᠤᠨ ᠤ ᠵᠠᠰᠠᠮᠠᠯ ᠵᠠᠮ ᠢ ᠴᠦᠮ 100KM ᠠᠴᠠ ᠳᠡᠭᠡᠭᠰᠢ ᠬᠠᠲᠠᠭᠤᠷᠠᠭᠤᠯᠬᠤ ᠪᠠᠷ ᠬᠦᠴᠦᠯᠡᠨ ᠴᠢᠷᠮᠠᠶᠢᠨ᠎ᠠ᠃ ᠭᠠᠵᠠᠷ ᠰᠢᠷᠤᠢ 5000 ᠮᠦ ᠴᠡᠭᠴᠡᠯᠡᠵᠦ᠂ ᠲᠠᠷᠢᠶᠠᠯᠠᠬᠤ ᠭᠠᠵᠠᠷ ᠢ 8200 ᠮᠦ ᠨᠦᠬᠦᠪᠦᠷᠢᠯᠡᠨ᠎ᠡ᠃ ᠪᠦᠯᠬᠦᠮᠳᠡᠯ ᠰᠢᠶᠠᠩ - ᠹᠡᠩ ᠽᠢ ᠭᠤᠤ 110 ᠺᠢᠯᠤᠸᠤᠯᠲ ᠬᠤᠪᠢᠰᠬᠤᠷ ᠤᠨ ᠦᠷᠲᠡᠭᠡ ᠶᠢ ᠰᠢᠨ᠎ᠡ ᠪᠠᠷ ᠪᠠᠶᠢᠭᠤᠯᠤᠨ᠎ᠠ᠃      ︵ᠵᠢᠷᠭᠤᠭ᠎ᠠ︶ ᠨᠡᠶᠢᠭᠡᠮ ᠤᠨ ᠠᠷᠠᠳ ᠤᠨ ᠠᠮᠢᠳᠤᠷᠠᠯ ᠢ ᠨᠡᠩ ᠴᠢᠬᠤᠯᠴᠢᠯᠠᠨ ᠦᠵᠡᠵᠦ᠂ ᠠᠷᠠᠳ ᠲᠦᠮᠡᠨ ᠤ ᠵᠤᠯ ᠵᠢᠷᠭᠠᠯᠲᠦ ᠠᠮᠢᠳᠤᠷᠠᠯ ᠢ ᠤᠯᠠᠮ ᠰᠠᠶᠢᠵᠢᠷᠠᠭᠤᠯᠬᠤ ᠪᠠᠷ ᠬᠦᠴᠦᠯᠡᠶ᠎ᠡ᠃      ᠦᠢᠯᠡᠰ ᠪᠤᠰᠬᠠᠵᠤ᠂ ᠠᠵᠢᠯ ᠤᠯᠭᠤᠬᠤ ᠬᠢᠷᠢ ᠲᠦᠪᠰᠢᠨ ᠢ ᠳᠡᠭᠡᠭᠰᠢᠯᠡᠭᠦᠯᠦᠶ᠎ᠡ᠃ ᠢᠳᠡᠪᠬᠢᠲᠠᠢ ᠪᠠᠷ ᠠᠵᠢᠯ ᠤᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠡᠭᠡ ᠳᠡᠭᠡᠲᠤ ᠰᠤᠷᠭᠠᠭᠤᠯᠢ ᠶᠢᠨ ᠤᠶᠤᠲᠠᠳ᠂ ᠠᠵᠢᠯ ᠤᠯᠬᠤ ᠳᠤ ᠬᠦᠴᠢᠷᠲᠠᠢ ᠭᠡᠷ ᠪᠦᠯᠢ᠂ ᠬᠤᠲᠠ ᠬᠦᠳᠡᠭᠡᠨ ᠤ ᠶᠠᠳᠠᠭᠤ ᠬᠦᠮᠦᠰ᠂ ᠴᠡᠷᠢᠭ ᠠᠴᠠ ᠪᠠᠨ ᠬᠠᠯᠠᠭᠳᠠᠭᠰᠠᠳ᠂ ᠨᠤᠲᠤᠭ ᠲᠠᠭᠠᠨ ᠪᠤᠴᠠᠭᠰᠠᠨ ᠬᠦᠯᠦᠰᠦᠨ ᠲᠠᠷᠢᠶᠠᠴᠢᠳ᠂ ᠲᠤᠰᠬᠤᠨ ᠤ ᠨᠡᠭᠦᠳᠡᠯ ᠠᠷᠠᠳ ᠵᠡᠷᠭᠡ ᠭᠤᠤᠯ ᠴᠤᠭᠴᠠ ᠶᠢᠨ ᠦᠢᠯᠡᠰ ᠪᠤᠰᠬᠠᠵᠤ᠂ ᠠᠵᠢᠯ ᠤᠯᠭᠤᠬᠤ ᠶᠢ ᠨᠢᠭᠡᠳᠦᠯᠲᠠᠢ ᠲᠦᠯᠬᠢᠨ ᠠᠬᠢᠭᠤᠯᠤᠨ᠎ᠠ᠃ ᠦᠢᠯᠡᠰ ᠪᠤᠰᠬᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠨ ᠢᠶᠠᠷ ᠢᠶᠠᠨ  ᠡᠭᠦᠳᠬᠦ᠂ ᠤᠯᠠᠨ ᠢᠶᠠᠷ ᠢᠶᠠᠨ ᠳᠠᠭᠠᠭᠠᠴᠢᠯᠠᠬᠤ  ᠂ ᠤᠯᠠᠨ ᠢᠶᠠᠷ ᠢᠶᠠᠨ ᠳᠡᠮᠵᠢᠬᠦ  ᠂ ᠤᠯᠠᠨ ᠢᠶᠠᠷ ᠢᠶᠠᠨ ᠬᠤᠷᠠᠮᠳᠤᠭᠤᠯᠬᠤ ᠵᠡᠷᠭᠡ ᠰᠢᠨ᠎ᠡ ᠳᠦᠷᠰᠦ ᠪᠠᠶᠢᠳᠠᠯ ᠤᠨ ᠵᠠᠭᠪᠤᠷ ᠢ ᠬᠦᠮᠦᠵᠢᠭᠦᠯᠦᠨ ᠬᠦᠭᠵᠢᠭᠦᠯᠵᠦ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ  ᠳᠠᠶᠢᠴᠢᠯᠠᠨ ᠳᠠᠭᠠᠭᠠᠬᠤ ᠶᠢ ᠪᠡᠶᠡᠯᠡᠭᠦᠯᠦᠨ᠎ᠡ᠃ ᠪᠦᠬᠦ ᠵᠢᠯ ᠳᠤ ᠬᠤᠲᠠ ᠪᠠᠯᠭᠠᠰᠤᠨ ᠤ ᠰᠢᠨ᠎ᠡ ᠨᠡᠮᠡᠭᠳᠡᠭᠰᠡᠨ ᠠᠵᠢᠯ ᠤᠯᠤᠭᠰᠠᠳ 1100 ᠬᠦᠮᠦᠨ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠡᠭ᠌ᠰᠠᠳ ᠤᠨ ᠨᠤᠷᠮ᠎ᠠ ᠪᠠ ᠲᠡᠮᠳᠡᠭᠯᠡᠭᠰᠡᠨ ᠠᠵᠢᠯ ᠠᠯᠳᠠᠭᠰᠠᠳ ᠤᠨ ᠨᠤᠷᠮ᠎ᠠ ᠲᠤᠰ ᠪᠦᠷᠢ 5% ᠪᠠ 4.1% ᠲᠤᠳᠤᠷ᠎ᠠ ᠪᠠᠶᠢᠬᠤ ᠶᠢ ᠡᠵᠡᠮᠳᠦᠨ᠎ᠡ᠃ ᠬᠦᠳᠡᠭᠡ ᠲᠤᠰᠬᠤᠨ ᠤ ᠦᠯᠡᠳᠡᠪᠦᠷᠢ ᠬᠦᠳᠡᠯᠮᠦᠷᠢ ᠬᠦᠴᠦᠨ ᠢ ᠰᠢᠯᠵᠢᠭᠦᠯᠵᠦ 3.8 ᠲᠦᠮᠡᠨ ᠬᠦᠮᠦᠨ ᠳᠤ ᠠᠵᠢᠯ ᠣᠯᠭᠤᠨ᠎ᠠ᠃ ᠪᠠᠷᠢᠯᠭ᠎ᠠ ᠶᠢᠨ ᠮᠦᠩᠭᠦ ᠵᠤᠭᠤᠰ ᠪᠤᠯᠤᠨ ᠬᠦᠯᠦᠰᠦᠨ ᠠᠵᠢᠯᠴᠢᠨ ᠤ ᠴᠢᠯᠢᠩ ᠬᠦᠯᠦᠰᠦ ᠶᠢ ᠲᠤᠲᠠᠭᠳᠠᠭᠤᠯᠬᠤ ᠦᠢᠯᠡ ᠠᠵᠢᠯᠯᠠᠭ᠎ᠠ ᠶᠢ ᠵᠠᠰᠠᠨ ᠵᠦᠭᠰᠢᠷᠡᠭᠦᠯᠬᠦ ᠡᠷᠴᠢᠮ ᠢᠶᠠᠨ ᠴᠢᠩᠭᠠᠳᠬᠠᠵᠤ᠂ ᠡᠶ᠎ᠡ ᠵᠤᠬᠢᠴᠠᠯᠲᠦ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃      ᠨᠡᠶᠢᠭᠡᠮ ᠤᠨ ᠪᠠᠲᠤᠯᠠᠪᠤᠷᠢ ᠶᠢᠨ  ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠵᠢᠭᠦᠯᠬᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠢᠯᠲᠠᠨ᠂ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠤᠯᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠷᠬᠦᠴᠡ ᠶᠢᠨ ᠬᠡᠪᠴᠢᠶ᠎ᠡ ᠶᠢ ᠦᠷᠭᠡᠳᠬᠡᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠢᠷ᠎ᠠ ᠬᠠᠪᠢ ᠳᠠᠭᠠᠨ ᠳᠠᠭᠠᠳᠬᠠᠯ ᠳᠤ ᠤᠷᠤᠯᠴᠠᠬᠤ ᠪᠠ ᠨᠢᠯᠬ᠎ᠠ ᠬᠡᠤᠬᠡᠳ ᠦᠨ᠎ᠡ ᠲᠦᠯᠦᠪᠦᠷᠢ ᠦᠭᠡᠢ ᠪᠠᠷ ᠳᠠᠭᠠᠳᠬᠠᠯ ᠳᠤ ᠤᠷᠤᠯᠴᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤᠨ ᠤ ᠨᠡᠶᠢᠭᠡᠮ ᠤᠨ ᠲᠤᠰᠠᠯᠠᠯᠲᠠ ᠪᠠ ᠨᠡᠶᠢᠭᠡᠮ ᠤᠨ ᠠᠰᠠᠷᠠᠮᠵᠢ ᠶᠢᠨ  ᠰᠢᠰᠲ᠋ᠧᠮ ᠢ ᠲᠡᠭᠦᠯᠳᠡᠷᠵᠢᠭᠦᠯᠵᠦ᠂ ᠡᠬᠢ ᠰᠤᠷᠪᠤᠯᠵᠢ ᠶᠢ ᠬᠠᠮᠲᠤᠪᠡᠷ ᠡᠳ᠋ᠯᠡᠬᠦ ᠶᠢ ᠢᠳᠡᠪᠬᠢᠲᠠᠢ ᠶᠠᠪᠤᠭᠳᠠᠭᠤᠯᠵᠤ᠂ ᠨᠡᠶᠢᠭᠡᠮ ᠤᠨ ᠠᠪᠤᠷᠠᠯ ᠲᠤᠰᠠᠯᠠᠯᠲᠠ ᠬᠦᠷᠳᠡᠭᠰᠡᠳ ᠢ ᠮᠠᠭᠠᠳᠯᠠᠨ ᠲᠤᠭᠲᠠᠭᠠᠬᠤ ᠤᠨᠤᠪᠴᠢ ᠶᠢᠨ ᠬᠡᠮᠵᠢᠶ᠎ᠡ ᠪᠤᠯᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠡᠷᠦᠬᠡ ᠪᠠᠷ ᠨᠢᠭᠡᠴᠢᠯᠡᠭᠰᠡᠨ ᠳᠠᠭᠠᠳᠬᠠᠯ ᠬᠡᠷᠡᠭᠵᠢᠭᠦᠯᠦᠯᠲᠡ ᠶᠢᠨ ᠳᠦᠷᠢᠮᠵᠢᠯ ᠬᠠᠮᠢᠶᠠᠷᠤᠯᠲᠠ ᠶᠢ ᠴᠢᠩᠭᠠᠳᠬᠠᠨ᠎ᠠ᠃ ᠦᠨᠦᠴᠢᠨ ᠬᠡᠤᠬᠡᠳ᠂ ᠬᠦᠴᠢᠷᠳᠡᠯᠲᠠᠢ ᠤᠷᠤᠨ ᠤ ᠪᠠᠭᠠᠴᠤᠤᠯ᠂ ᠤᠨᠴᠠᠭᠠᠢ ᠬᠦᠴᠢᠷᠳᠡᠯ ᠲᠠᠢ ᠠᠰᠠᠷᠠᠮᠵᠢ ᠶᠢᠨ ᠬᠦᠮᠦᠰ᠂ ᠵᠡᠮᠳᠡᠭ ᠬᠦᠮᠦᠨ ᠵᠡᠷᠭᠡ ᠪᠦᠯᠦᠭ ᠬᠦᠮᠦᠰ ᠪᠤᠯᠤᠨ ᠦᠨᠳᠦᠷ ᠨᠠᠰᠤᠲᠠᠳ᠂ ᠳᠡᠳᠬᠦᠪᠦᠷᠢ ᠬᠠᠷᠠᠭᠠᠯᠵᠠᠯ ᠬᠦᠷᠳᠡᠭᠰᠡᠳ ᠤᠨ ᠨᠦᠬᠦᠪᠦᠷᠢ ᠶᠢᠨ ᠪᠠᠷᠢᠮᠵᠢᠶ᠎ᠠ ᠶᠢ ᠢᠳᠡᠪᠬᠢᠲᠠᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠠᠨᠳᠢᠪ ᠲᠤᠰᠠᠯᠠᠮᠵᠢ ᠶᠢᠨ ᠠᠵᠢᠯ ᠢ ᠳᠡᠮᠵᠢᠨ ᠲᠦᠷᠢᠮᠵᠢᠭᠦᠯᠦᠨ᠎ᠡ᠃ ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠤᠰᠢᠭᠤᠯᠭ᠎ᠠ ᠶᠢᠨ ᠤᠷᠤᠨ ᠤ ᠪᠦᠳᠦᠭᠡᠨ ᠪᠠᠶᠢᠭᠤᠯᠤᠯᠲᠠ ᠶᠢᠨ  ᠲᠦᠷᠦᠯ ᠵᠦᠢᠯ ᠢ ᠰᠠᠶᠢᠲᠤᠷ ᠬᠡᠷᠡᠭᠵᠢᠭᠦᠯᠦᠨ᠎ᠡ᠃      ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠪᠡᠶ᠎ᠡ ᠲᠠᠮᠢᠷ ᠤᠨ ᠦᠢᠯᠡᠰ ᠢ ᠬᠦᠭᠵᠢᠭᠦᠯᠦᠨ᠎ᠡ᠃ ᠰᠤᠷᠭᠠᠨ ᠬᠦᠮᠦᠵᠢᠯ ᠤᠨ ︽ᠭᠤᠷᠪᠠᠨ ᠲᠦᠷᠦᠯ︾ ᠤᠨ ᠦᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠭᠦᠯᠵᠦ᠂ ᠪᠠᠭᠰᠢ ᠶᠢᠨ ᠮᠤᠷᠠᠯ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠠᠷᠠᠳ ᠲᠦᠮᠡᠨ ᠳᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠤ᠂ ᠱᠦ ᠭᠤᠸᠠᠩ ᠪᠠᠭ᠎ᠠ ᠰᠤᠷᠭᠠᠭᠤᠯᠢ ᠪᠤᠯᠤᠨ ᠵᠢᠩ ᠮᠧᠩ᠂ ᠢᠦᠢ ᠶᠢᠩ ᠬᠤᠶᠠᠷ ᠬᠡᠤᠬᠡᠳ ᠤᠨ ᠴᠡᠴᠡᠷᠯᠢᠭ᠂ ᠰᠢᠨ᠎ᠡ ᠲᠤᠭᠤᠷᠢᠭ ᠤᠨ ᠪᠠᠭ᠎ᠠ ᠰᠤᠷᠭᠠᠭᠤᠯᠢ ᠶᠢᠨ ᠶᠡᠷᠦᠩᠭᠡᠢ ᠠᠰᠠᠷ ᠵᠡᠷᠭᠡ ᠪᠠᠶᠢᠭᠤᠯᠤᠭᠳᠠᠨ ᠠᠰᠢᠭᠯᠠᠯᠲᠠ ᠳᠤ ᠤᠷᠤᠬᠤ ᠶᠢ ᠪᠠᠲᠤᠯᠠᠶ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠯᠵᠦ ᠬᠦᠭᠵᠢᠭᠦᠯᠬᠦ ᠦᠷ᠎ᠡ ᠪᠦᠲᠦᠭᠡᠯ ᠢ ᠪᠠᠲᠤᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠪᠦᠬᠦ ᠬᠦᠴᠦ ᠪᠡ ᠢᠶᠠᠨ ᠳᠡᠮᠵᠢᠵᠦ᠂ ᠳᠡᠭᠡᠲᠦ ᠲᠤᠮᠳᠠᠳᠦ ᠶᠢᠨ ᠰᠤᠷᠭᠠᠨ ᠬᠦᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠦᠬᠡᠮᠡᠯᠵᠢᠯᠲᠡ ᠶᠢ ᠲᠦᠷᠭᠡᠳᠬᠡᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠡᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠨ ᠳᠦᠷᠢᠮᠵᠢᠭᠦᠯᠵᠦ᠂ ᠬᠦᠭᠵᠢᠭᠦᠯᠦᠨ ᠲᠦᠷᠭᠡᠳᠬᠡᠨ᠎ᠡ᠃ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠴᠢᠳᠡᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠯᠲᠡ ᠳᠤ ᠤᠷᠤᠭᠤᠯᠬᠤ ᠠᠬᠢᠴᠠ ᠪᠠᠨ ᠲᠦᠷᠭᠡᠳᠬᠡᠵᠦ᠂ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠡᠶ᠎ᠡ ᠲᠠᠮᠢᠷ ᠤᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠷᠠᠭᠤᠯᠵᠤ᠂ ᠰᠤᠷᠭᠠᠭᠤᠯᠢ ᠶᠢᠨ ᠬᠦᠯ ᠪᠦᠮᠪᠦᠭᠡ ᠶᠢᠨ ᠠᠵᠢᠯᠯᠠᠭ᠎ᠠ ᠶᠢ ᠰᠠᠶᠢᠲᠤᠷ ᠶᠠᠪᠤᠭᠳᠠᠭᠤᠯᠵᠤ᠂ ᠪᠦᠬᠦ ᠠᠷᠠᠳ ᠤᠨ ᠪᠡᠶ᠎ᠡ ᠪᠤᠯᠪᠠᠰᠤᠷᠠᠯ ᠤᠨ ᠬᠢᠷᠢ ᠲᠦᠪᠰᠢᠨ ᠢ ᠴᠢᠨᠠᠭᠰᠢᠲᠠ ᠳᠡᠭᠡᠭᠰᠢᠯᠡᠭᠦᠯᠦᠨ᠎ᠡ᠃      ︽ᠡᠷᠡᠭᠦᠯ ᠡᠩᠬᠡ ᠰᠢᠩ ᠾᠧ︾ ᠪᠠᠨ ᠢᠳᠡᠪᠬᠢᠲᠠᠢ ᠴᠤᠭᠴᠠᠯᠠᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠵᠡᠷᠭᠡ ᠶᠢ ᠵᠤᠬᠢᠰᠲᠠᠢ ᠬᠤᠯᠪᠤᠨ ᠶᠠᠪᠤᠭᠳᠠᠭᠤᠯᠵᠤ᠂ ᠪᠡᠭᠡᠵᠢᠩ ᠤᠨ ᠨᠡᠷᠡᠲᠦ ᠡᠮᠨᠡᠯᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠢᠷᠭᠡᠳ ᠲᠤ ᠭᠡᠷ ᠤᠨ ᠡᠭᠦᠳᠡᠨ ᠳᠤ ᠪᠠᠨ ᠰᠢᠯᠢᠳᠡᠭ ᠡᠮᠨᠡᠯᠭᠡ ᠶᠢᠨ ᠦᠢᠯᠡᠴᠢᠯᠡᠭᠡ ᠶᠢ ᠡᠳᠡᠯᠡᠭᠦᠯᠦᠨ᠎ᠡ᠃ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠨ ᠠᠬᠢᠭᠤᠯᠵᠤ᠂ ᠮᠤᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠡᠮᠨᠡᠯᠭᠡ ᠶᠢᠨ ᠬᠤᠷᠢᠶᠠᠨ ᠤ ᠲᠤᠲᠤᠷ᠎ᠠ ᠡᠪᠡᠳᠴᠢᠨ ᠤ ᠰᠠᠯᠠᠭᠠᠨ ᠤ ᠶᠡᠭᠡ ᠠᠰᠠᠷ᠂ ᠡᠪᠡᠳᠴᠢᠨ ᠲᠠᠬᠤᠯ ᠢ ᠰᠡᠷᠭᠡᠶᠢᠯᠡᠨ ᠬᠤᠷᠢᠭᠯᠠᠬᠤ ᠲᠦᠪ ᠤᠨ ᠲᠤᠷᠰᠢᠯᠲᠠ ᠶᠢᠨ ᠠᠰᠠᠷ᠂ ᠦ᠋ ᠢ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠬᠤᠲᠠ ᠬᠦᠳᠡᠭᠡ ᠶᠢᠨ ᠡᠷᠡᠬᠦᠯ ᠬᠠᠮᠠᠭᠠᠯᠠᠯ ᠤᠨ ᠶᠡᠷᠦᠩᠭᠡᠢ ᠪᠠᠭᠢᠯᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠪᠡᠶᠡᠯᠡᠭᠦᠯᠦᠨ᠎ᠡ᠃ ᠰᠢᠶᠠᠨ ᠤ ᠡᠮᠴᠢ ᠶᠢᠨ ᠬᠤᠷᠢᠶ᠎ᠠ ︽ᠬᠤᠶᠠᠷ ᠬᠦᠬᠡ ᠳᠡᠰ ᠤᠨ ᠡᠮᠨᠡᠯᠭᠡ︾ ᠤᠨ ᠬᠢᠨᠠᠨ ᠰᠢᠯᠭᠠᠯᠲᠠ ᠶᠢ ᠦᠩᠭᠡᠷᠡᠭᠡᠬᠦ ᠪᠠᠷ ᠬᠦᠴᠦᠯᠡᠨ ᠴᠢᠷᠮᠠᠶᠢᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠨᠦᠬᠦᠴᠡᠯ ᠢ ᠰᠠᠶᠢᠵᠢᠷᠠᠭᠤᠯᠬᠤ ᠪᠠᠷ ᠬᠦᠴᠦᠯᠡᠨ᠎ᠡ᠃ ᠤᠳᠠᠭᠠᠨ ᠴᠢᠨᠠᠷᠲᠠᠢ ᠡᠪᠡᠳᠴᠢᠨ ᠢ ᠶᠡᠷᠦᠩᠭᠡᠶᠢᠯᠡᠨ ᠬᠤᠷᠢᠭᠯᠠᠨ ᠰᠡᠷᠭᠡᠶᠢᠯᠡᠬᠦ ᠵᠢᠱᠢᠶᠡᠴᠢ ᠲᠤᠭᠤᠷᠢᠭ ᠢ ᠢᠳᠡᠪᠬᠢᠲᠠᠢ ᠴᠤᠭᠴᠠᠯᠠᠨ᠂ ᠨᠢᠭᠡ ᠦᠨᠳᠦᠷ ᠪᠠᠷᠢᠮᠵᠢᠶᠠᠲᠦ ᠡᠷᠡᠭᠦᠯ ᠡᠩᠬᠡ  ᠪᠠᠷ ᠭᠤᠤᠯ ᠰᠡᠳᠦᠪ ᠪᠤᠯᠭᠠᠭᠰᠠᠨ ᠴᠡᠴᠡᠷᠯᠢᠭ ᠢ ᠡᠭᠦᠳᠦᠨ ᠪᠠᠶᠢᠭᠤᠯᠤᠨ᠎ᠠ᠃ ︽ᠵᠢᠵᠢᠭ ᠡᠮ ᠤᠨ ᠬᠠᠶᠢᠷᠴᠠᠭ︾ ᠢᠨᠵᠧᠨᠧᠷᠢᠩ ᠢ ᠢᠳᠡᠪᠬᠢᠲᠠᠢ ᠶᠠᠪᠤᠭᠳᠠᠭᠤᠯᠵᠤ᠂ ᠬᠢᠯᠢ ᠬᠢᠵᠠᠭᠠᠷ ᠤᠨ ᠭᠠᠴᠠᠭ᠎ᠠ ᠲᠤᠰᠬᠤᠨ ᠳᠤ ᠡᠮᠴᠢ ᠦᠭᠡᠢ ᠪᠠᠶᠢᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠨ᠎ᠡ᠃ ᠡᠮ ᠤᠨ ᠵᠦᠢᠯ ᠢᠳᠡᠭᠡᠨ ᠤ ᠵᠦᠢᠯ ᠤᠨ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠷᠠᠭᠤᠯᠵᠤ᠂ ᠠᠷᠠᠳ ᠲᠦᠮᠡᠨ ᠤ ᠢᠳᠡᠭᠡᠨ ᠤᠮᠳᠠᠭᠠᠨ᠂ ᠬᠡᠷᠡᠭᠯᠡᠬᠦ ᠡᠮ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠡᠷᠡᠭᠦᠯ ᠴᠢᠬᠢᠷᠠᠭ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠤᠬᠠᠭᠤᠯᠤᠨ ᠰᠤᠷᠲᠠᠯᠴᠢᠯᠠᠵᠤ᠂ ᠬᠦᠨᠳᠦ ᠡᠪᠡᠳᠴᠢᠨ ᠲᠠᠬᠤᠯ ᠢ ᠰᠡᠷᠭᠡᠶᠢᠯᠡᠨ ᠡᠵᠡᠮᠳᠠᠨ᠎ᠡ᠃ ᠲᠦᠯᠦᠪᠯᠡᠭᠡᠲᠦ ᠦᠷᠡᠵᠢᠯ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠠᠯᠬᠤᠮ ᠳᠠᠷᠠᠭᠠᠯᠠᠨ ᠲᠡᠭᠦᠯᠳᠡᠷᠵᠢᠭᠦᠯᠵᠦ᠂ ᠰᠢᠯᠢᠳᠡᠭ ᠦᠢᠯᠡᠴᠢᠯᠡᠭᠡᠨ ᠤ ᠬᠢᠷᠢ ᠪᠦᠲᠦᠮᠵᠢ ᠶᠢ ᠳᠡᠭᠡᠭᠰᠢᠯᠡᠭᠦᠯᠦᠨ᠎ᠡ᠃      ᠰᠤᠶᠤᠯ ᠷᠠᠳᠢᠦ᠋ ᠨᠡᠪᠲᠡᠷᠡᠭᠦᠯᠭᠡ ᠶᠢᠨ ᠦᠢᠯᠡᠰ ᠢ ᠬᠦᠭᠵᠢᠭᠦᠯᠦᠶ᠎ᠡ᠃ ᠨᠡᠶᠢᠭᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠡᠷᠬᠡᠲᠦ ᠠᠷᠠᠳ ᠤᠨ ᠦᠵᠡᠯ ᠰᠠᠨᠠᠭ᠎ᠠ ᠶᠤᠰᠤ ᠮᠤᠷᠠᠯ ᠤᠨ ᠬᠦᠮᠦᠵᠢᠯ ᠢ ᠭᠦᠨᠵᠡᠭᠡᠢ ᠦᠷᠨᠢᠭᠦᠯᠵᠦ᠂ ᠪᠦᠬᠦ ᠠᠷᠠᠳ ᠤᠨ ᠪᠤᠯᠪᠠᠰᠤᠨ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠤᠮ ᠤᠨ ᠰᠠᠩ᠂ ᠰᠤᠶᠤᠯ ᠤᠨ ᠤᠷᠳᠤᠨ᠂ ᠮᠦᠽᠧᠢ ᠶᠢᠨ ᠤᠷᠳᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠶᠤᠯ ᠤᠨ ᠠᠵᠤ ᠦᠢᠯᠡᠰ ᠤᠨ ᠬᠦᠭᠵᠢᠯᠲᠡ ᠶᠢ ᠢᠳᠡᠪᠬᠢᠲᠠᠢ ᠵᠤᠷᠢᠭᠵᠢᠭᠤᠯᠤᠨ᠎ᠠ᠃ ᠴᠢᠨ ᠤ ᠤᠷᠲᠤ ᠴᠠᠭᠠᠨ ᠬᠡᠷᠡᠮ᠂ ᠮᠢᠩ ᠤᠨ ᠤᠷᠲᠤ ᠴᠠᠭᠠᠨ ᠬᠡᠷᠡᠮ ᠵᠡᠷᠭᠡ ᠲᠡᠥᠬᠡ ᠶᠢᠨ ᠦᠯᠡᠳᠡᠭᠳᠡᠯ ᠪᠠ ᠰᠤᠶᠤᠯ ᠤᠨ ᠦᠪ ᠬᠦᠷᠦᠩᠭᠡ ᠶᠢᠨ ᠬᠠᠮᠠᠭᠠᠯᠠᠯᠲᠠ ᠠᠰᠢᠭᠯᠠᠯᠲᠠ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠎ᠠ᠃ ᠷᠠᠳᠢᠦ᠋ ᠤᠳᠤᠨ ᠲᠧᠯᠸᠢᠰ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠳᠠᠬᠢ ᠷᠠᠳᠢᠦ᠋ ᠲᠧᠯᠸᠢᠰ ᠤᠨ ᠲᠤᠬᠢᠶᠠᠨ ᠤ ᠪᠦᠷᠬᠦᠴᠡ ᠨᠤᠷᠮ᠎ᠠ ᠶᠢ 100% ᠬᠦᠷᠭᠡᠬᠦ ᠪᠠᠷ ᠪᠠᠲᠤᠯᠠᠨ᠎ᠠ᠃ ᠤᠯᠠᠭᠠᠨᠮᠦᠴᠢᠷ ᠤᠨ ᠦᠢᠯᠡᠰ ᠤᠨ ᠬᠦᠭᠵᠢᠯᠲᠡ ᠶᠢ ᠢᠳᠡᠪᠬᠢᠲᠠᠢ ᠳᠡᠮᠵᠢᠵᠦ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠤᠨ ᠡᠭᠦᠳᠦᠨ ᠪᠦᠲᠦᠭᠡᠯᠲᠡ ᠶᠢ ᠴᠢᠩᠭᠠᠳᠬᠠᠨ᠎ᠠ᠂ ᠰᠢᠶᠠᠨ᠂ ᠰᠢᠶᠠᠩ᠂ ᠲᠤᠰᠬᠤᠨ ᠤ ᠰᠤᠶᠤᠯ ᠤᠨ ᠠᠵᠢᠯᠯᠠᠭᠠᠨ ᠤ ᠪᠠᠬᠢᠯᠡᠯᠲᠡ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠠᠷᠠᠳ ᠲᠦᠮᠡᠨᠴᠢ ᠴᠢᠨᠠᠷ ᠲᠠᠢ ᠰᠤᠶᠤᠯ ᠤᠨ ᠠᠵᠢᠯᠯᠠᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠤᠨ ᠬᠦᠭᠵᠢᠭᠡᠨ᠎ᠡ᠃ ᠳᠠᠩᠰᠠ ᠡᠪᠬᠡᠮᠡᠯ ᠲᠡᠥᠬᠡ ᠰᠤᠳᠤᠷ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠦᠨᠡᠨᠬᠦ ︵ᠲᠡᠥᠬᠡ ᠪᠠᠨ ᠬᠠᠳᠠᠭᠠᠯᠠᠵᠤ᠂ ᠵᠠᠰᠠᠭ ᠢ ᠳᠡᠮᠵᠢᠬᠦ︶ ᠦᠢᠯᠡᠳᠦᠯ ᠢᠶᠠᠨ ᠪᠠᠳᠠᠷᠠᠭᠤᠯᠤᠨ᠎ᠠ᠃      ᠠᠶᠤᠯ ᠲᠦᠭᠰᠢᠭᠦᠷᠢ ᠶᠢ ᠰᠡᠷᠭᠡᠶᠢᠯᠡᠵᠦ ᠠᠷᠢᠯᠭᠠᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠮᠦᠩᠭᠦᠨ ᠭᠦᠢᠯᠭᠡᠭᠡᠨ ᠤ ᠭᠡᠨᠡᠨ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠤᠬᠢᠰ ᠦᠭᠡᠢ ᠵᠢᠭᠡᠯᠡᠯᠭᠡ ᠬᠤᠷᠠᠮᠳᠤᠭᠤᠯᠬᠤ ᠵᠡᠷᠭᠡ ᠠᠵᠢᠯᠯᠠᠭ᠎ᠠ ᠳᠤ ᠬᠦᠨᠳᠦ ᠴᠤᠬᠢᠯᠲᠠ ᠦᠭᠭᠦᠨ᠎ᠡ᠃ ᠲᠤᠤᠷ ᠰᠦᠯᠵᠢᠶ᠎ᠡ ᠪᠠᠷ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠰᠢᠰᠲ᠋ᠧᠮ ᠤᠨ ᠴᠢᠨᠠᠷ ᠲᠠᠢ ᠭᠠᠵᠠᠷ ᠤᠷᠤᠨ ᠤ  ᠴᠢᠨᠠᠷ ᠲᠠᠢ ᠭᠡᠨᠡᠨ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ ᠵᠠᠰᠠᠭ ᠤᠨ ᠤᠷᠳᠤᠨ ᠠᠴᠠ ᠪᠡᠯᠡ ᠤᠷᠤᠭᠤᠯᠵᠤ ᠦᠷᠢ ᠰᠢᠷᠢ ᠤᠰᠠᠳᠬᠠᠬᠤ  ᠲᠦᠰᠦᠯ ᠢ ᠳᠦᠷᠢᠮᠵᠢᠭᠦᠯᠦᠨ ᠨᠠᠶᠢᠳᠠᠪᠦᠷᠢᠵᠢᠭᠤᠯᠵᠤ᠂ ᠡᠳ᠋ ᠤᠨ ᠵᠠᠰᠠᠭ ᠤᠨ ᠲᠦᠰᠦᠪ ᠤᠨ ᠬᠢᠵᠠᠭᠠᠷᠯᠠᠯ ᠢ ᠴᠢᠩᠭᠠᠳᠬᠠᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠤᠷᠤᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠤᠬᠢᠷᠠᠭᠤᠯᠵᠤ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠦᠢᠯ ᠪᠠ ᠤᠯᠠᠨ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠴᠢᠩᠭ᠎ᠠ ᠳᠦᠷᠢᠮᠵᠢᠭᠦᠯᠵᠦ᠂ ᠵᠠᠰᠠᠭ ᠤᠨ ᠤᠷᠳᠤᠨ ᠤ ᠦᠷᠢ ᠰᠢᠷᠢ ᠶᠢᠨ ᠨᠡᠮᠡᠭᠳᠡᠯ ᠢ ᠴᠢᠩᠭ᠎ᠠ ᠬᠤᠷᠢᠭᠯᠠᠨ᠎ᠠ᠃ ᠵᠠᠰᠠᠭ ᠤᠨ ᠤᠷᠳᠤᠨ ᠤ ᠦᠷᠢ ᠰᠢᠷᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠤᠷᠤᠯᠭ᠎ᠠ ᠪᠠᠨ ᠨᠡᠮᠡᠭᠳᠡᠭᠦᠯᠵᠦ᠂ ᠵᠠᠷᠤᠯᠭ᠎ᠠ ᠪᠠᠨ ᠪᠠᠭᠠᠰᠬᠠᠨ᠂ ᠭᠠᠶᠢᠯᠢ ᠶᠢᠨ ᠢᠷᠡᠯᠲᠡ ᠪᠠᠨ ᠲᠤᠬᠢᠷᠠᠭᠤᠯᠵᠤ᠂ ᠬᠦᠷᠦᠩᠭᠡ ᠪᠠᠨ ᠠᠮᠢᠳᠤᠯᠢᠭ ᠬᠡᠷᠡᠭᠯᠡᠨ᠂ ᠲᠤᠰ ᠤᠨ ᠤ ᠦᠷᠢ ᠰᠢᠷᠢ ᠶᠢ ᠠᠷᠢᠯᠭᠠᠨ ᠤᠰᠠᠳᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ ᠭᠤᠤᠯᠳᠠᠯᠠᠭ᠎ᠠ ᠲᠠᠢ ᠱᠠᠯᠠᠪᠳᠠᠨ ᠪᠠᠶᠢᠴᠠᠭᠠᠬᠤ ᠪᠠ ᠬᠢᠨᠠᠨ ᠪᠤᠳᠤᠬᠤ ᠶᠢ ᠴᠢᠩᠭᠠᠳᠬᠠᠵᠤ᠂ ᠬᠠᠤᠯᠢ ᠲᠦᠷᠢᠮ ᠢ ᠵᠦᠷᠢᠴᠡᠵᠦ᠂ ᠦᠷᠢ ᠲᠠᠯᠪᠢᠭᠰᠠᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃      ︽ᠡᠩᠬᠡ ᠲᠠᠶᠢᠪᠤᠩ ᠰᠢᠩ ᠾᠧ︾ ᠶᠢ ᠴᠤᠭᠴᠠᠯᠠᠨ ᠪᠠᠶᠢᠭᠤᠯᠬᠤ ᠪᠠᠨ ᠭᠦᠨᠵᠡᠭᠡᠶᠢᠷᠡᠭᠦᠯᠦᠶ᠎ᠡ᠃ ᠨᠡᠶᠢᠭᠡᠮ ᠤᠨ ᠶᠡᠷᠦᠩᠬᠡᠢ ᠵᠠᠰᠠᠯᠲᠠ ᠶᠢ ᠴᠢᠩᠭᠠᠳᠬᠠᠵᠤ᠂ ᠰᠢᠨᠵᠢᠯᠡᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠵᠦ᠂ ᠱᠤᠴᠢᠯᠠᠭᠰᠠᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠡᠵᠡᠮᠳᠡᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠦᠷᠨᠢᠭᠦᠯᠵᠦ᠂ ᠡᠯ᠎ᠡ ᠲᠦᠷᠦᠯ ᠤᠨ ᠶᠠᠯᠠᠲᠦ ᠠᠵᠢᠯᠯᠠᠭ᠎ᠠ ᠳᠤ ᠴᠤᠬᠢᠯᠲᠠ ᠦᠭᠬᠦ ᠡᠷᠴᠢᠮ ᠢᠶᠠᠨ ᠴᠢᠨᠠᠭᠰᠢᠲᠠ ᠴᠢᠩᠭᠠᠳᠬᠠᠨ᠎ᠠ᠃ ᠬᠠᠷ᠎ᠠ ᠪᠦᠯᠦᠭᠯᠡᠯ ᠢ ᠠᠷᠢᠯᠭᠠᠨ᠂ ᠬᠤᠤᠷ ᠰᠠᠨᠠᠭ᠎ᠠ ᠡᠪᠦᠷᠯᠡᠭᠰᠡᠳ ᠢ ᠤᠰᠠᠳᠬᠠᠬᠤ ᠲᠤᠰᠬᠠᠢ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠦ᠂ ᠠᠷᠠᠳ ᠲᠦᠮᠡᠨ ᠤ ᠠᠮᠤᠷ ᠲᠦᠪᠰᠢᠨ  ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠰᠦᠯᠵᠢᠶ᠎ᠡ ᠪᠠ ᠰᠦᠯᠵᠢᠶᠡᠨ ᠤ ᠠᠵᠢᠯᠲᠠᠨ ᠤ ᠦᠢᠯᠡᠳᠦᠯ ᠢ ᠪᠠᠲᠠᠷᠠᠭᠤᠯᠵᠤ᠂ ᠵᠡᠬᠢᠲᠠᠯ ᠰᠤᠷᠪᠤᠯᠵᠢᠯᠠᠭ᠎ᠠ ᠶᠢᠨ ᠠᠵᠢᠯ ᠢ ᠦᠭᠡᠷᠡᠴᠢᠯᠡᠨ ᠰᠠᠶᠢᠵᠢᠠᠭᠤᠯᠵᠤ ᠂ ᠵᠦᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠵᠤᠬᠢᠴᠠᠭᠤᠯᠤᠨ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠳᠬᠠᠵᠤ᠂ ᠠᠷᠠᠳ ᠢᠷᠭᠡᠳ ᠤᠨ ᠬᠠᠤᠯᠢ ᠶᠤᠰᠤᠭᠠᠷ᠂ ᠵᠦᠢ ᠵᠤᠬᠢᠰᠲᠠᠢ ᠵᠠᠷᠭᠤ ᠲᠤᠭᠠᠴᠠᠬᠤ ᠶᠢ ᠵᠢᠯᠤᠭᠤᠳᠴᠤ᠂ ᠵᠡᠬᠢᠲᠠᠯ ᠰᠤᠷᠪᠤᠯᠵᠢᠯᠠᠭ᠎ᠠ ᠶᠢᠨ ᠳᠤᠪᠣᠶᠢᠮ᠎ᠠ ᠠᠰᠠᠭᠤᠳᠠᠯ ᠢ ᠵᠤᠬᠢᠰᠲᠠᠢ ᠰᠢᠢᠳᠪᠦᠷᠢᠯᠡᠨ᠎ᠡ᠃ ︽ᠳᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠭᠦᠯᠬᠦ ᠠᠵᠢᠯ ᠢ ᠭᠦᠨᠵᠡᠭᠡᠢ ᠦᠷᠨᠢᠭᠦᠯᠵᠦ᠂ ᠬᠠᠤᠯᠢ ᠪᠠᠷ ᠰᠢᠶᠠᠨ ᠢᠶᠠᠨ ᠵᠠᠰᠠᠬᠤ ᠠᠬᠢᠴᠠ ᠶᠢ ᠲᠦᠯᠬᠢᠨ ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠯᠡᠨ᠂ ᠤᠯᠠᠭᠠᠨ ᠱᠤᠭᠤᠮ ᠤᠨ ᠤᠬᠠᠮᠰᠠᠷ ᠢ ᠪᠠᠲᠦ ᠪᠤᠢ ᠪᠤᠯᠭᠠᠵᠤ᠂ ᠨᠠᠮ ᠵᠠᠰᠠᠭ ᠬᠠᠮᠲᠦ ᠳᠠᠭᠠᠨ ᠬᠠᠷᠢᠭᠤᠴᠠᠬᠤ᠂ ᠨᠢᠭᠡ ᠪᠠᠶᠢᠷᠢ ᠶᠢᠨ ᠬᠤᠤᠰ ᠬᠠᠷᠢᠭᠤᠴᠠᠯᠭ᠎ᠠ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠂ ᠴᠤᠭ ᠠᠳᠬᠤᠵᠤ ᠬᠠᠮᠲᠤ ᠳᠤᠨᠢ ᠬᠠᠮᠢᠶᠠᠷᠬᠤ ᠶᠢ ᠪᠠᠷᠢᠮᠲᠠᠯᠠᠵᠤ᠂ ᠰᠦᠬᠡᠷᠬᠦ ᠨᠠᠷᠢᠨ ᠳᠠᠩᠰᠠ ᠪᠠᠷ ᠬᠠᠷᠢᠭᠤᠴᠠᠯᠭ᠎ᠠ ᠶᠢᠨ ᠭᠤᠤᠯ ᠴᠤᠭᠴᠠ ᠶᠢ ᠡᠷᠬᠢᠭᠦᠯᠦᠨ ᠲᠤᠯᠭᠠᠵᠤ᠂ ᠠᠶᠤᠯᠭᠦᠢ ᠶᠢᠨ ᠤᠬᠠᠮᠰᠠᠷ ᠢ ᠴᠢᠩᠭᠠᠳᠬᠠᠨ᠎ᠠ᠃ ᠶᠡᠭᠡ ᠵᠢᠭᠰᠠᠭᠠᠨ ᠪᠠᠶᠢᠴᠠᠭᠠᠯᠲᠠ ᠵᠡᠷᠭᠡ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠲᠤᠮᠤ ᠠᠶᠤᠯᠭᠦᠢ ᠶᠢᠨ ᠭᠡᠨᠡᠳᠡᠯ ᠭᠠᠷᠬᠤ ᠶᠢ ᠲᠠᠰᠤ ᠬᠤᠷᠢᠭᠯᠠᠨ᠎ᠠ᠃ ᠭᠡᠨᠡᠳᠲᠡ ᠢᠯᠡᠷᠡᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ  ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠮ ᠤᠨ ᠦᠨᠳᠦᠰᠦᠨ ᠱᠠᠰᠢᠨ ᠰᠤᠷᠲᠠᠬᠤᠨ ᠤ ᠲᠦᠷᠦ ᠪᠤᠳᠤᠯᠭ᠎ᠠ ᠶᠢ ᠲᠤᠤᠱᠯᠠᠭᠤᠯᠵᠤ ᠨᠠᠶᠢᠳᠠᠪᠤᠷᠢᠵᠢᠭᠤᠯᠤᠨ᠂ ᠵᠡᠪᠰᠡᠭᠲᠦ ᠴᠡᠷᠢᠭ᠂ ᠬᠤᠶᠠᠷ ᠢ ᠬᠦᠷᠢᠶᠡᠯᠡᠬᠦ ᠪᠤᠯᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠬᠢᠨᠠᠮᠠᠭᠠᠢ ᠬᠢᠬᠦ ᠬᠡᠷᠡᠭᠲᠡᠢ᠃      ︵ᠳᠤᠯᠤᠭ᠎ᠠ︶ ᠦᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠦᠳᠡᠯᠭᠡᠭᠴᠢ ᠬᠦᠴᠦᠨ ᠠᠮᠢᠵᠢᠷᠠᠯ ᠤᠨ ᠬᠦᠴᠦᠨ ᠢ ᠴᠢᠷᠮᠠᠶᠢᠨ ᠬᠦᠭᠵᠢᠭᠡᠨ᠎ᠡ᠃      ᠭᠤᠤᠯᠳᠠᠯᠠᠭᠠᠲᠦ ᠬᠦᠷᠢᠶ᠎ᠡ ᠴᠠᠷᠠᠭ᠎ᠠ ᠳᠠᠬᠢ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠭᠤᠷᠪᠠ ᠶᠢ ᠬᠠᠰᠤᠵᠤ᠂ ᠨᠢᠭᠡ ᠶᠢ ᠪᠠᠭᠤᠷᠠᠭᠤᠯᠤᠨ᠂ ᠨᠢᠭᠡ ᠶᠢ ᠨᠦᠬᠦᠬᠦ︾ ᠲᠠᠪᠤᠨ ᠶᠡᠭᠡ ᠡᠭᠦᠷᠭᠡ ᠶᠢ ᠴᠢᠨᠠᠭᠰᠢᠲᠠ ᠨᠠᠶᠢᠳᠡᠪᠤᠷᠢᠵᠢᠭᠤᠯᠵᠤ᠂ ᠲᠠᠷᠢᠶᠠᠯᠠᠬᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠵᠠᠰᠠᠭ ᠢ ᠴᠤᠮᠠᠳᠬᠠᠵᠤ ᠡᠷᠬᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠵᠠᠰᠠᠭ ᠤᠨ ᠤᠷᠳᠤᠨ ᠤ ᠡᠷᠬᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠤ ᠤᠷᠤᠭᠤᠯᠬᠤ ᠶᠢ ᠵᠦᠪᠰᠢᠶᠡᠷᠡᠬᠦ ᠰᠦᠬᠡᠷᠬᠦ ᠲᠠᠯ᠎ᠠ ᠶᠢᠨ ᠨᠠᠷᠢᠨ ᠳᠡᠩᠰᠠ ᠶᠢᠨ ᠳᠦᠷᠢᠮ ᠢ ᠬᠡᠷᠡᠭᠵᠢᠭᠦᠯᠵᠦ᠂ ︽ᠦᠨᠡᠮᠡᠯ ᠭᠡᠷᠡᠴᠢ ᠶᠢ ᠰᠠᠯᠭᠠᠬᠤ︾ ᠪᠠ ︽ᠤᠯᠠᠨ ᠦᠨᠡᠮᠯᠡᠯ ᠢ ᠨᠢᠭᠡ ᠪᠤᠯᠭᠠᠬᠤ᠂ ᠨᠢᠭᠡ ᠰᠡᠭᠦᠳᠡᠷ ᠨᠢᠭᠡ ᠨᠤᠮᠤᠷ︾ ᠬᠤᠳᠠᠯᠳᠤᠭᠠᠨ ᠤ ᠶᠠᠪᠤᠳᠠᠯ ᠤᠨ ᠳᠦᠷᠢᠮ ᠢ ᠨᠢᠭᠡᠳᠦᠯᠲᠠᠢ ᠠᠬᠢᠭᠤᠯᠵᠤ᠂ ᠰᠦᠢᠳᠬᠡᠯ ᠬᠤᠷᠢᠶᠠᠬᠤ ᠭᠠᠷᠴᠠᠭ ᠤᠨ ᠨᠠᠷᠢᠨ ᠳᠠᠩᠰᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠤᠭᠳᠠᠭᠰᠠᠨ ᠰᠦᠢᠳᠬᠡᠯ ᠬᠤᠷᠢᠶᠠᠯᠲᠠ ᠶᠢ ᠴᠡᠪᠡᠷᠯᠡᠨ ᠳᠦᠷᠢᠮᠵᠢᠭᠦᠯᠵᠦ᠂ ᠪᠤᠳᠠᠲᠦ ᠴᠤᠭᠴᠠᠲᠤ ᠠᠵᠤ ᠠᠬᠤᠢ ᠶᠢᠨ ᠳᠠᠷᠤᠭᠠᠰᠤ ᠶᠢ ᠬᠦᠩᠭᠡᠯᠡᠨ᠎ᠡ᠃ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠦᠷᠢᠮᠵᠢᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠢ ᠲᠤᠬᠢᠷᠠᠭᠤᠯᠵᠤ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ ᠦᠮᠴᠢᠯᠡᠯᠲᠦ ᠤᠢ ᠶᠢᠨ ᠲᠠᠯᠠᠪᠠᠢ ᠶᠢᠨ ᠦᠭᠡᠷᠡᠴᠢᠯᠡᠯᠲᠡ᠂ ᠲᠠᠷᠢᠶᠠᠯᠠᠬᠤ ᠤᠷᠤᠨ ᠤ ᠲᠠᠷᠢᠶᠠᠨ ᠳᠤ ᠬᠡᠷᠡᠭᠯᠡᠬᠦ ᠤᠰᠤᠨ ᠤ ᠦᠨ᠎ᠡ ᠶᠢᠨ ᠦᠭᠡᠷᠡᠴᠢᠯᠡᠯᠲᠡ ᠶᠢ ᠠᠬᠢᠭᠤᠯᠵᠦ᠂ ᠲᠠᠷᠢᠶᠠᠯᠠᠬᠤ ᠤᠷᠤᠨ ᠤ ᠭᠡᠷ ᠭᠠᠵᠠᠷ ᠨᠢᠭᠡ ᠴᠤᠭᠴᠠᠯᠠᠭᠰᠠᠨ ᠲᠤᠭᠲᠠᠮᠠᠯ ᠬᠦᠷᠦᠩᠭᠡ ᠶᠢᠨ ᠭᠡᠷᠡᠴᠢ ᠲᠡᠮᠳᠡᠭ ᠲᠡᠮᠳᠡᠭᠯᠡᠨ ᠲᠠᠷᠬᠠᠭᠠᠬᠤ ᠠᠵᠢᠯ ᠢ ᠬᠦᠢᠴᠡᠳᠬᠡᠨ᠎ᠡ᠃ ᠴᠢᠳᠠᠪᠤᠷᠢᠲᠠᠨ ᠤ ᠬᠦᠭᠵᠢᠯᠲᠡ ᠶᠢᠨ ᠪᠠᠶᠢᠭᠤᠯᠤᠯ ᠤᠨ ᠦᠭᠡᠷᠡᠴᠯᠯᠡᠯᠲᠡ ᠶᠢ ᠭᠦᠨᠵᠡᠭᠡᠶᠢᠷᠡᠭᠦᠯᠦᠨ᠂ ᠴᠢᠳᠠᠪᠤᠷᠢᠲᠠᠨ ᠤ ᠦᠢᠯᠡᠴᠢᠯᠡᠭᠡᠨ ᠤ ᠳᠤᠭᠲᠠᠯᠴᠠᠭ᠎ᠠ ᠶᠢ ᠤᠯᠠᠮ ᠲᠡᠭᠦᠯᠳᠡᠷᠵᠢᠭᠦᠯᠦᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠵᠡᠷᠭᠡ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ ᠰᠠᠶᠢᠲᠤᠷ ᠬᠢᠨ᠎ᠡ᠃      ᠨᠡᠩ ᠦᠨᠳᠦᠷ ᠬᠢᠷᠢ ᠲᠦᠪᠰᠢᠨ ᠲᠠᠢ ᠨᠡᠭᠡᠭᠡᠯᠲᠡ ᠲᠠᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠤᠯᠤᠰ ᠠᠴᠠ ᠬᠡᠷᠡᠭᠵᠢᠭᠦᠯᠦᠭᠰᠡᠨ ᠪᠡᠭᠡᠵᠢᠩ ᠲᠢᠶᠠᠨᠵᠢᠨ ᠾᠧᠪᠧᠢ ᠶᠢᠨ ᠬᠠᠮᠲᠦ ᠶᠢᠨ ᠬᠦᠭᠵᠢᠯᠲᠡ᠂ ︽ᠨᠢᠭᠡ ᠪᠦᠰᠡ ᠨᠢᠭᠡ ᠵᠠᠮ︾ ᠪᠤᠯᠤᠨ ︽ᠳᠤᠮᠳᠠᠳᠦ ᠤᠷᠤᠰ ᠮᠤᠩᠭᠤᠯ ᠤᠨ ᠠᠵᠤ ᠠᠬᠤᠢ ᠶᠢᠨ ᠬᠤᠩᠭᠢᠯ︾ ᠵᠡᠷᠭᠡ ᠲᠤᠮᠤ ᠶᠡᠭᠡ ᠠᠵᠠ ᠲᠤᠬᠢᠶᠠᠯ ᠢ ᠴᠢᠩᠭ᠎ᠠ ᠠᠳᠬᠤᠵᠤ᠂ ︽ᠤᠯᠠᠭᠠᠨᠴᠠᠪ᠂ ᠳ᠋ᠠ ᠲᠦᠩ᠂ ᠴᠢᠭᠤᠯᠭᠠᠲᠦ ᠬᠠᠭᠠᠯᠭ᠎ᠠ︾ ᠶᠢᠨ ᠬᠦᠷᠢᠶ᠎ᠡ ᠴᠠᠷᠠᠭ᠎ᠠ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠰᠢᠭᠯᠡᠨ᠂ ᠨᠡᠭᠡᠭᠡᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠦᠷᠭᠡᠳᠬᠡᠵᠦ᠂ ᠡᠯ᠎ᠡ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠭᠦᠨᠵᠡᠭᠡᠢ ᠶᠠᠪᠤᠭᠳᠠᠭᠤᠯᠵᠤ᠂ ᠶᠡᠬᠡᠪᠡᠷ ᠨᠡᠭᠡᠭᠡᠵᠤ᠂ ᠶᠡᠬᠡᠪᠡᠷ ᠬᠤᠳᠠᠯᠳᠤᠭᠠᠴᠢᠨ ᠤᠷᠢᠬᠤ ᠪᠠᠶᠢᠳᠠᠯ ᠢ ᠴᠢᠷᠮᠠᠶᠢᠨ ᠪᠦᠲᠦᠭᠡᠵᠦ᠂ ᠮᠠᠨ ᠤ ᠰᠢᠶᠠᠨ ᠢᠶᠠᠨ ᠨᠢᠭᠡᠨ ᠨᠡᠷ᠎ᠡ ᠨᠢᠲᠡᠷ ᠲᠡᠭᠡᠨ ᠲᠡᠩᠴᠡᠭᠰᠡᠨ ᠪᠡᠯᠡ ᠤᠷᠤᠭᠤᠯᠬᠤ ᠬᠤᠲᠤᠭᠤᠷ᠂ ᠦᠢᠯᠡᠰ ᠬᠦᠭᠵᠢᠬᠦ ᠭᠠᠵᠠᠷ᠂ ᠨᠡᠭᠡᠭᠡᠨ ᠠᠰᠢᠭᠯᠠᠬᠤ ᠭᠠᠵᠠᠷ ᠪᠤᠯᠠᠭᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠶ᠎ᠠ᠃ ︽ᠠᠷᠠᠯᠵᠢᠶᠠᠨ ᠤ ᠤᠷᠴᠢᠨ ᠲᠤᠭᠤᠷᠢᠨ ᠪᠤᠯ ᠳᠠᠷᠤᠢ ᠦᠷᠢᠰᠦᠯᠳᠦᠬᠦ ᠬᠦᠴᠦᠨ ᠮᠦᠨ᠂ ᠰᠠᠨᠠᠭᠠᠴᠢᠯᠠᠭ᠎ᠠ ᠲᠠᠢ ᠦᠢᠯᠡᠴᠢᠯᠡᠭᠡ ᠨᠢ ᠦᠢᠯᠡᠳᠪᠦᠷᠢᠯᠡᠯ ᠤᠨ ᠬᠦᠴᠦᠨ ᠪᠤᠯᠵᠤ ᠬᠤᠪᠢᠷᠠᠵᠤ ᠲᠡᠶᠢᠯᠦᠨ᠎ᠡ︾ ᠭᠡᠰᠡᠨ ᠦᠵᠡᠯᠲᠡ ᠶᠢ ᠪᠠᠲᠦ ᠪᠤᠢ ᠪᠤᠯᠭᠠᠵᠤ᠂ ︽ᠬᠦᠭᠵᠢᠯᠲᠡ ᠶᠢᠨ ᠤᠷᠴᠢᠨ ᠲᠤᠭᠤᠷᠢᠨ ᠢ ᠰᠢᠯᠢᠳᠡᠭᠵᠢᠭᠦᠯᠬᠦ ᠵᠢᠯ︾ ᠭᠡᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠨᠡᠩ ᠦᠨᠳᠦᠷ ᠦᠷ᠎ᠡ ᠠᠰᠢᠭᠲᠤ ᠳᠦᠭᠦᠮ ᠲᠦᠳᠡ ᠬᠠᠲᠠᠭᠤ ᠤᠷᠴᠢᠨ ᠲᠤᠭᠤᠷᠢᠨ ᠪᠤᠯᠤᠨ ᠵᠦᠭᠡᠯᠡᠨ ᠤᠷᠴᠢᠨ ᠲᠤᠭᠤᠷᠢᠨ ᠢ ᠬᠦᠴᠦᠯᠡᠨ ᠡᠭᠦᠳᠴᠦ᠂ ᠨᠡᠩ ᠤᠯᠠᠨ ᠬᠤᠳᠠᠯᠳᠤᠭᠠᠴᠢᠳ ᠢ ᠬᠦᠷᠢᠶᠡᠯᠡᠩ ᠲᠤᠭᠤᠷᠢᠭ ᠲᠠᠭᠠᠨ ᠲᠠᠲᠠᠨ᠎ᠠ᠃ ᠨᠢᠭᠡ ᠵᠢᠯ ᠲᠤᠲᠤᠷ᠎ᠠ ᠬᠠᠮᠤᠭ ᠪᠠᠭ᠎ᠠ ᠳᠠᠭᠠᠨ 10 ᠲᠤᠮᠤ ᠲᠦᠷᠦᠯ ᠵᠦᠢᠯ ᠢ ᠲᠠᠲᠠᠨ ᠤᠷᠤᠭᠤᠯᠵᠤ᠂ ᠡᠭᠦᠨ ᠤ ᠲᠤᠲᠤᠷ᠎ᠠ ᠳ᠋ᠦᠩᠰᠢᠭᠤᠷ ᠲᠦᠭᠦᠷᠢᠭ ᠢ ᠳᠠᠪᠠᠭᠰᠠᠨ ᠲᠦᠷᠦᠯ ᠵᠦᠢᠯ ᠭᠤᠷᠪᠠ ᠪᠠᠶᠢᠬᠤ ᠬᠡᠷᠡᠭᠲᠡᠢ᠃      ︵ᠨᠠᠢᠮᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃      ᠰᠢᠨ᠎ᠡ ᠴᠠᠭ ᠦᠶ᠎ᠡ ᠳᠤ ᠰᠢᠨ᠎ᠡ ᠠᠭᠤᠷ ᠠᠮᠢᠰᠬᠤᠯ ᠲᠠᠢ ᠪᠠᠶᠢᠬᠤ ᠮᠦᠷᠲᠡᠭᠡᠨ ᠨᠡᠩ ᠴᠤ ᠰᠢᠨ᠎ᠡ ᠦᠢᠯᠡ ᠠᠵᠢᠯᠯᠠᠭ᠎ᠠ ᠲᠠᠢ ᠪᠠᠶᠢᠬᠤ ᠬᠡᠷᠡᠭᠲᠡᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮᠲᠦ ᠨᠡᠶᠢᠭᠡᠮ ᠤᠨ ᠦᠵᠡᠯᠲᠡ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠴᠤᠭ ᠵᠠᠯᠢ ᠪᠠᠳᠠᠷᠠᠩᠭᠤᠢ ᠡᠭᠦᠷᠢᠳᠡ ᠠᠷᠠᠳ ᠲᠦᠮᠡᠨ ᠤ ᠰᠢᠳᠤᠷᠭᠤ ᠵᠠᠷᠤᠴᠠ ᠪᠤᠯᠵᠤ᠂ ᠦᠨᠡᠨ ᠪᠤᠳᠠᠲᠠᠢ ᠦᠷ᠎ᠡ ᠪᠦᠲᠦᠮᠵᠢ ᠪᠠᠷ ᠢᠶᠠᠨ ᠦᠷᠭᠡᠨ ᠤᠯᠠᠨ ᠳᠤ ᠬᠠᠨᠤᠮᠵᠢᠲᠠᠢ ᠬᠠᠷᠢᠭᠤᠯᠲᠠ ᠶᠢ ᠦᠭᠬᠦ ᠬᠡᠷᠡᠭᠲᠡᠢ᠃ ᠨᠢᠭᠡ ᠳᠤ᠂ ᠲᠦᠪ ᠴᠢᠩᠭ᠎ᠠ ᠪᠠᠷ ᠲᠦᠷᠦ ᠵᠠᠰᠠᠨ᠎ᠠ᠃ ︽ᠳᠦᠷᠪᠡᠨ ᠤᠬᠠᠮᠰᠠᠷ︾ ᠢ ᠪᠠᠲᠦ ᠪᠤᠢ ᠪᠤᠯᠭᠠᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠵᠦᠢ ᠶᠢ ᠴᠢᠩᠭ᠎ᠠ ᠵᠢᠷᠤᠮᠯᠠᠨ᠂ ᠦᠵᠡᠯ ᠰᠠᠨᠠᠭ᠎ᠠ᠂ ᠤᠯᠤᠰ ᠲᠦᠷᠦ᠂ ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠲᠦᠯᠲᠠᠢ ᠪᠠᠶᠢᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠨᠠᠮ ᠤᠨ ᠪᠠᠶᠢᠭᠤᠯᠤᠯᠲᠠ ᠶᠢᠨ ᠭᠤᠤᠯ ᠴᠤᠭᠴᠠᠲᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ᠂ ᠨᠠᠮ ᠤᠨ ᠤᠳᠤᠷᠢᠳᠬᠤ ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠤᠳᠤᠷᠢᠳᠬᠤ ᠳᠤᠭ᠋ᠯᠠᠩ ᠤᠨ ᠠᠵᠢᠯᠯᠠᠬᠤ ᠠᠷᠭ᠎ᠠ ᠪᠠᠷᠢᠯ ᠢᠶᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ  ᠨᠠᠮ ᠢ ᠴᠢᠩᠭ᠎ᠠ ᠴᠢᠭᠴᠡᠯᠡᠬᠦ ᠡᠯ᠎ᠡ ᠵᠦᠢᠯ ᠤᠨ ᠲᠤᠭᠲᠠᠭᠠᠯ ᠢ ᠵᠠᠰᠠᠭ ᠤᠨ ᠤᠷᠳᠤᠨ ᠤ ᠠᠵᠢᠯ ᠤᠨ ᠡᠯ᠎ᠡ ᠬᠦᠷᠢᠶ᠎ᠡ ᠬᠡᠪᠴᠢᠶ᠎ᠡ ᠪᠤᠯᠤᠨ ᠪᠦᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠬᠠᠤᠯᠢ ᠶᠤᠰᠤᠭᠠᠷ ᠵᠠᠰᠠᠭ ᠶᠠᠪᠤᠭᠤᠯᠤᠨ᠎ᠠ᠃ ᠵᠠᠰᠠᠭ ᠤᠨ ᠤᠷᠳᠤᠨ ᠤ ᠠᠵᠢᠯ ᠢᠶᠠᠨ ᠬᠠᠥᠯᠢᠵᠢᠯ ᠤᠨ ᠵᠠᠮ ᠳᠤ ᠤᠷᠤᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠᠴᠢᠯᠠᠭᠰᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠶᠠᠪᠤᠴᠠ ᠶᠤᠰᠤᠭᠠᠷ ᠰᠢᠢᠳᠪᠦᠷᠢᠲᠦ ᠪᠤᠳᠤᠯᠭ᠎ᠠ ᠭᠠᠷᠭᠠᠵᠤ᠂ ᠶᠤᠰᠤ ᠵᠦᠢ ᠶᠢ ᠴᠢᠩᠭ᠎ᠠ ᠵᠢᠷᠤᠮᠯᠠᠵᠤ ᠤᠴᠢᠷ ᠶᠠᠪᠤᠳᠠᠯ ᠢ ᠬᠢᠨ᠎ᠡ᠃ ︽ᠦᠨᠳᠦᠰᠦᠨ ᠬᠠᠤᠯᠢ︾ ᠶᠢᠨ ᠰᠤᠷᠤᠯᠴᠠᠯᠭ᠎ᠠ ᠤᠬᠠᠭᠤᠯᠭ᠎ᠠ ᠶᠢ ᠨᠠᠷᠢᠨ ᠬᠢᠨᠠᠮᠠᠭᠠᠢ ᠦᠷᠨᠢᠭᠦᠯᠵᠦ᠂ ᠬᠠᠤᠯᠢ ᠶᠢ ᠬᠦᠨᠳᠦᠳᠬᠡᠵᠦ᠂ ᠬᠠᠤᠯᠢ ᠶᠢ ᠵᠢᠷᠤᠮᠯᠠᠨ᠂ ᠬᠠᠤᠯᠢ ᠶᠢ ᠪᠢᠰᠢᠷᠡᠨ ᠵᠢᠷᠦᠬᠡᠰᠢᠶᠡᠬᠦ ᠨᠡᠶᠢᠭᠡᠮ ᠨᠡᠶᠢᠲᠡ ᠶᠢᠨ ᠠᠭᠤᠷ ᠠᠮᠢᠰᠬᠤᠯ ᠢ ᠪᠤᠢ ᠪᠤᠯᠭᠠᠨ᠎ᠠ᠃ ᠬᠠᠤᠯᠢ ᠴᠠᠭᠠᠵᠠ ᠶᠢᠨ ᠵᠦᠪᠯᠡᠭᠴᠢ᠂ ᠠᠵᠤ ᠠᠬᠤᠢ ᠶᠢᠨ ᠵᠦᠪᠯᠡᠭᠴᠢ ᠶᠢᠨ ᠳᠦᠷᠢᠮ ᠢ ᠢᠳᠡᠪᠬᠢᠲᠠᠢ ᠳᠡᠯᠭᠡᠷᠡᠭᠦᠯᠵᠦ᠂ ᠲᠤᠮᠤ ᠴᠢᠬᠤᠯᠠ ᠤᠴᠢᠷ ᠶᠠᠪᠤᠳᠠᠯ ᠤᠨ ᠬᠠᠤᠯᠢ ᠶᠤᠰᠤᠨ ᠤ ᠴᠢᠨᠠᠷ ᠪᠦᠬᠦᠢ ᠦᠪᠴᠢ ᠪᠦᠷᠬᠦᠯᠲᠠ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ︽ᠠᠷᠠᠳ ᠤᠨ ᠶᠠᠪᠤᠳᠠᠯ ᠤᠨ ᠨᠦᠬᠦᠪᠦᠷᠢ ᠶᠢ ᠢᠯᠡ ᠨᠡᠶᠢᠲᠡᠯᠡᠬᠦ ᠲᠠᠪᠴᠠᠩ︾ ᠤᠨ ᠴᠢᠳᠠᠪᠬᠢ ᠶᠢ ᠲᠡᠭᠦᠯᠳᠡᠷᠵᠢᠭᠦᠯᠵᠦ᠂ ᠤᠬᠠᠮᠰᠠᠷ ᠠᠴᠠ ᠪᠠᠨ ᠨᠡᠶᠢᠭᠡᠮ ᠨᠡᠶᠢᠲᠡ ᠶᠢᠨ ᠬᠢᠨᠠᠯᠲᠠ ᠶᠢ ᠬᠦᠯᠢᠶᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠨᠠᠷᠢᠨ ᠬᠢᠨᠠᠮᠠᠭᠠᠢ ᠬᠦᠢᠴᠡᠳᠬᠡᠨ᠎ᠡ᠃ ᠭᠤᠷᠪᠠ ᠳᠤ᠂ ᠦᠨᠳᠦᠷ ᠦᠷ᠎ᠡ ᠠᠰᠢᠭ ᠲᠠᠢ ᠪᠠᠷ ᠵᠠᠰᠠᠭ ᠶᠠᠪᠤᠭᠤᠯᠤᠨ᠎ᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠬᠡᠯ ᠤᠨ ᠪᠠᠶᠢᠭᠤᠯᠤᠯᠲᠠ ᠪᠠᠷ ᠪᠦᠬᠦ ᠨᠡᠶᠢᠭᠡᠮ ᠤᠨ ᠦᠨᠡᠨᠴᠢ ᠢᠲᠡᠬᠡᠮᠵᠢᠲᠠᠢ ᠪᠠᠶᠢᠬᠤ ᠶᠢ ᠳᠠᠶᠢᠴᠢᠯᠠᠵᠤ᠂ ᠠᠷᠠᠳ ᠢᠷᠭᠡᠳ ᠪᠠ ᠪᠡᠯᠡ ᠤᠷᠤᠭᠤᠯᠤᠭᠴᠢ ᠳᠤ ᠠᠮᠤᠷ ᠲᠦᠪᠰᠢᠨ ᠤ ᠲᠦᠷᠦᠭᠳᠡᠯ ᠲᠠᠢ᠂ ᠢᠳᠡᠭᠡᠬᠦ ᠰᠡᠳᠬᠢᠯᠭᠡ ᠲᠠᠢ ᠪᠤᠯᠭᠠᠨ᠎ᠠ᠃ ᠵᠤᠷᠢᠭᠲᠠᠢ ᠡᠭᠦᠷᠭᠡᠯᠡᠬᠦ ᠤᠬᠠᠮᠰᠠᠷ ᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠠᠵᠢᠯ ᠤᠨ ᠠᠮᠢᠨ ᠰᠤᠳᠠᠰᠤ ᠪᠤᠯᠭᠠᠵᠤ᠂ ᠦᠨᠡᠨ ᠢ ᠲᠡᠷᠢᠭᠦᠨ ᠳᠤ ᠲᠠᠯᠪᠢᠵᠤ᠂ ᠠᠵᠢᠯ ᠢ ᠴᠢᠬᠤᠯᠠᠴᠢᠯᠠᠵᠤ᠂ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠵᠦᠪ ᠴᠢᠭᠯᠡᠯ ᠢᠶᠠᠷ ᠤᠷᠮᠠᠰᠢᠭᠤᠯᠬᠤ ᠪᠠ ᠠᠯᠳᠠᠭ᠎ᠠ ᠶᠢ ᠠᠭᠤᠴᠢᠯᠠᠬᠤ ᠵᠠᠯᠠᠷᠠᠭᠤᠯᠬᠤ ᠲᠤᠭᠲᠠᠴᠠ ᠶᠢ ᠴᠢᠨᠠᠭᠰᠢᠲᠠ ᠲᠡᠭᠦᠯᠳᠡᠷᠵᠢᠭᠦᠯᠵᠦ᠂ ᠡᠭᠦᠷᠭᠡᠯᠡᠭᠴᠢ ᠶᠢ ᠪᠡᠶ᠎ᠡ ᠬᠦᠩᠭᠡᠨ ᠢᠶᠠᠷ ᠪᠠᠶᠢᠯᠳᠤᠭᠠᠨ ᠳᠤ ᠤᠷᠤᠯᠴᠠᠭᠤᠯᠵᠤ᠂ ᠪᠤᠲᠠᠲᠠᠢ ᠠᠵᠢᠯᠯᠠᠭᠴᠢ ᠶᠢᠨ ᠭᠠᠷᠮᠠᠭᠠᠢ ᠴᠢᠳᠠᠪᠤᠷᠢ ᠶᠢ ᠢᠯᠡᠷᠡᠭᠦᠯᠦᠨ᠎ᠡ᠃ ᠲᠦᠷᠪᠡ ᠳᠤ᠂ ᠠᠷᠢᠭᠤᠨ ᠴᠢᠭᠴᠢ ᠪᠠᠷ ᠵᠠᠰᠠᠭ ᠤᠨ ᠠᠵᠢᠯ ᠢ ᠬᠢᠨ᠎ᠡ᠃ ︽ᠬᠤᠶᠠᠷ ᠢ ᠰᠤᠷᠴᠤ᠂ ᠨᠢᠭᠡ ᠶᠢ ᠲᠡᠩᠴᠡᠭᠦᠯᠬᠦ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠲᠠ᠂ ᠳᠦᠷᠢᠮᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠬᠤ︾ ᠭᠤᠤᠯ ᠰᠡᠳᠦᠪᠲᠦ ᠬᠦᠮᠦᠵᠢᠯ ᠢ ᠭᠦᠨᠵᠡᠭᠡᠢ ᠦᠷᠨᠢᠭᠦᠯᠦᠨ᠎ᠡ᠃ ᠲᠦᠪ ᠤᠨ ᠰᠢᠨ᠎ᠡ  ᠨᠠᠢᠮᠠᠨ ᠵᠤᠷᠪᠤᠰ ᠲᠤᠭᠲᠠᠭᠠᠯ ᠤᠨ ︽ᠬᠡᠷᠡᠭᠵᠢᠭᠦᠯᠬᠦ ᠨᠠᠷᠢᠨ ᠳᠦᠷᠢᠮ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠤᠴᠠᠯᠲᠠ ᠦᠭᠡᠢ ︽ᠳᠦᠷᠪᠡᠨ ᠰᠤᠷᠲᠠᠯ︾ ᠢ ᠵᠠᠯᠠᠷᠠᠭᠤᠯᠤᠨ᠎ᠠ᠃ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠬᠤᠷᠢᠶ᠎ᠠ ᠶᠢᠨ ᠠᠵᠢᠯ ᠢ ᠪᠦᠬᠦ ᠴᠢᠳᠠᠯ ᠢᠶᠠᠷ ᠢᠶᠠᠨ ᠳᠡᠮᠵᠢᠵᠦ᠂ ᠲᠤᠭᠤᠷᠢᠨ ᠦᠵᠡᠵᠦ ᠪᠠᠶᠢᠴᠠᠭᠠᠭᠰᠠᠨ ᠬᠠᠷᠢᠭᠤ ᠲᠤᠰᠬᠠᠯ ᠤᠨ ᠠᠰᠠᠭᠤᠳᠠᠯ ᠤᠳ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠲᠤᠳᠬᠠᠵᠤ᠂ ᠭᠤᠤᠯ ᠬᠦᠷᠢᠶ᠎ᠡ ᠬᠡᠪᠴᠢᠶᠡᠨ ᠳᠠᠬᠢ ᠴᠢᠭᠡᠴᠢ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠬᠤ ᠶᠢ ᠴᠢᠩᠭᠠᠳᠬᠠᠵᠤ᠂ ᠠᠷᠠᠳ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠦᠪ ᠪᠤᠰᠤ ᠰᠤᠷᠲᠠᠯ ᠢ ᠡᠷᠡᠰ ᠵᠠᠯᠠᠷᠠᠭᠤᠯᠵᠤ᠂ ᠢᠯᠵᠢᠷᠡᠮᠡᠯ ᠠᠵᠢᠯᠯᠠᠭ᠎ᠠ ᠪᠠ ᠦᠵᠡᠭᠳᠡᠯ ᠲᠠᠢ ᠡᠷᠡᠰ ᠲᠡᠮᠡᠴᠡᠯ ᠬᠢᠨ᠎ᠡ᠃ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤᠤᠷ᠎ᠠ᠂ ᠪᠦᠬᠦ ᠰᠢᠶᠠᠨ ᠤ ᠡᠯ᠎ᠡ ᠦᠨᠳᠦᠰᠦᠲᠡᠨ ᠤᠯᠠᠨ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠨ᠂ ᠰᠢᠷᠭᠠᠭᠤ ᠬᠠᠲᠠᠭᠤᠵᠢᠯᠲᠠᠢ ᠮᠡᠷᠡᠶᠢᠨ ᠴᠢᠷᠮᠠᠶᠢᠵᠤ᠂ ᠦᠵᠡᠰᠭᠦᠯᠡᠩᠲᠦ ᠰᠠᠶᠢᠬᠠᠨ ᠪᠠᠶᠠᠨ ᠴᠢᠨᠡᠭᠡᠯᠢᠭ ᠵᠤᠯ ᠵᠢᠷᠭᠠᠯᠲᠦ ᠰᠢᠩ ᠾᠧ ᠶᠢ ᠪᠠᠶᠢᠭᠤᠯᠬᠤ ᠶᠢᠨ ᠲᠦᠯᠦᠭᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠬᠤ ᠶᠢᠨ ᠲᠦᠯᠦᠭᠡ ᠲᠡᠮᠡᠴᠡᠶ᠎ᠡ︕
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3