ᠠᠯᠪᠠᠨ ᠵᠠᠷ ᠮᠡᠳᠡᠭᠳᠡᠯ
ᠨᠡᠶᠢᠲᠡᠯᠡᠭᠰᠡᠨ ᠴᠠᠭ᠄
2018-07-20
              2018 ᠣᠨ ᠳᠤ ᠮᠠᠨ ᠤ ᠰᠢᠶᠠᠨ 35 ᠭᠤᠣᠯᠳᠠᠯᠭ᠎ᠠ ᠲᠠᠢ               ᠲᠦᠷᠦᠯ ᠵᠦᠢᠯ ᠢ ᠲᠦᠯᠬᠢᠨ ᠠᠬᠢᠭᠤᠯᠬᠤ ᠪᠠᠷ ᠲᠦᠯᠦᠪᠯᠡᠪᠡ      ᠬᠤᠲᠠ ᠬᠦᠳᠡᠭᠡ ᠶᠢᠨ ᠬᠦᠭᠵᠢᠯᠲᠡ ᠶᠢ ᠨᠢᠭᠡᠳᠦᠯ ᠲᠠᠢ ᠲᠦᠯᠦᠪᠯᠡᠬᠦ ᠶᠢᠨ ᠲᠦᠯᠦᠭᠡ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠪᠤᠯᠤᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠨᠡᠶᠢᠭᠡᠮ ᠤᠨ ᠠᠷᠠᠳ ᠤᠨ ᠠᠮᠢᠳᠤᠷᠠᠯ ᠤᠨ ᠪᠠᠲᠤᠯᠤᠮᠵᠢ ᠶᠢᠨ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠬᠦᠯᠵᠦ᠂ ᠳᠡᠭᠡᠲᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠠᠴᠠ ᠳᠤᠷᠠᠳᠤᠭᠰᠠᠨ ᠵᠠᠰᠠᠭ ᠤᠨ ᠣᠷᠳᠤᠨ ᠤ ᠪᠡᠯᠡ ᠣᠷᠤᠯᠠᠭᠤᠯᠤᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠵᠣᠰᠤᠭᠠᠷ 2018 ᠣᠨ ᠳᠤ ᠰᠢᠩ ᠾᠧ ᠰᠢᠶᠠᠨ 35 ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠬᠦᠯᠬᠦ ᠪᠠᠷ ᠲᠦᠯᠦᠪᠯᠡᠵᠦ᠂ ᠡᠭᠦᠨ ᠤ ᠳᠣᠲᠤᠷ᠎ᠠ 14 ᠦᠷᠬᠦᠯᠵᠢᠯᠡᠨ ᠪᠦᠲᠦᠭᠡᠨ ᠪᠠᠶᠢᠭᠤᠯᠬᠤ ᠲᠦᠷᠦᠯ ᠵᠦᠢᠯ᠂ 21 ᠰᠢᠨ᠎ᠡ ᠪᠠᠷ ᠪᠦᠲᠦᠭᠡᠨ ᠪᠠᠶᠢᠭᠤᠯᠬᠤ ᠲᠦᠷᠦᠯ ᠵᠦᠢᠯ ᠪᠠᠶᠢᠵᠤ᠂ ᠨᠡᠶᠢᠲᠡ 207485 ᠲᠦᠮᠡᠨ ᠲᠦᠭᠦᠷᠢᠭ ᠤᠨ ᠪᠡᠯᠡ ᠤᠷᠤᠭᠤᠯᠤᠨ᠎ᠠ᠃ ᠡᠨᠡ ᠵᠢᠯ 131660 ᠲᠦᠮᠡᠨ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠬᠦᠯᠬᠦ ᠪᠠᠷ ᠲᠦᠯᠦᠪᠯᠡᠵᠡᠢ᠃ ᠨᠡᠨ ᠵᠢᠯ ᠤᠨ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠦᠨᠳᠦᠰᠦᠨ ᠵᠠᠷᠴᠢᠮ᠄ ᠨᠢᠭᠡᠳᠦᠭᠡᠷ ᠲᠤ ᠨᠢᠭᠡᠨᠲᠡ ᠲᠡᠮᠡᠴᠡᠨ ᠣᠯᠣᠭᠰᠠᠨ ᠳᠡᠭᠡᠲᠦ ᠱᠠᠲᠤᠨ ᠤ ᠪᠡᠯᠡ ᠣᠷᠤᠭᠤᠯᠤᠭᠰᠠᠨ ᠲᠦᠷᠦᠯ ᠵᠦᠢᠯ ᠢ ᠴᠢᠷᠮᠠᠶᠢᠨ ᠭᠦᠢᠴᠡᠳᠬᠡᠨ᠎ᠡ᠂ ᠬᠤᠶᠠᠳᠤᠭᠠᠷ ᠲᠤ ᠦᠩᠭᠡᠷᠡᠭᠰᠡᠨ ᠳᠤ ᠨᠢᠭᠡᠨᠲᠡ ᠠᠵᠢᠯᠯᠠᠵᠤ ᠡᠬᠢᠯᠡᠭᠰᠡᠨ ᠬᠡᠰᠡᠭ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠡᠬᠦᠯᠳᠡᠵᠢᠬᠦᠯᠬᠦ ᠶᠢ ᠭᠦᠢᠴᠡᠳᠬᠡᠨ᠎ᠡ᠂ ᠭᠤᠷᠪᠠᠳᠤᠭᠠᠷ ᠲᠤ ︽ᠡᠷᠭᠡᠪᠰᠢ ᠶᠢ ᠪᠠᠲᠤᠯᠠᠬᠤ᠂ ᠰᠠᠭᠤᠷᠢ ᠶᠢ ᠪᠠᠲᠤᠯᠠᠬᠤ᠂ ᠨᠡᠮᠡᠭᠳᠡᠯ ᠬᠡᠮᠵᠢᠶ᠎ᠡ ᠶᠢ ᠡᠷᠬᠢᠰᠢᠶᠡᠬᠦ︾ ᠪᠣᠯᠣᠨ ︽ᠴᠢᠳᠠᠯ ᠤᠨ ᠬᠢᠷᠢ ᠪᠠᠷ ᠠᠵᠢᠯᠯᠠᠵᠤ ᠂ ᠴᠢᠳᠠᠯ ᠤᠨ ᠴᠢᠨᠡᠭᠡ ᠪᠠᠷ ᠬᠢᠬᠦ︾ ᠱᠠᠭᠠᠷᠳᠠᠯᠭ᠎ᠠ ᠶᠣᠰᠤᠭᠠᠷ᠂ ᠱᠠᠭᠠᠷᠳᠠᠯᠭᠠᠲᠤ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠠᠴᠠ ᠭᠠᠳᠠᠨ᠎ᠠ ᠪᠡᠯᠡ ᠣᠷᠣᠭᠤᠯᠤᠯᠲᠠ ᠪᠠᠨ ᠨᠠᠶᠢᠳᠠᠪᠤᠷᠢᠵᠢᠭᠤᠯᠠᠭᠰᠠᠨ ᠦᠭᠡᠢ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠵᠢᠯ ᠢ ᠴᠦᠮ ᠡᠬᠢᠯᠡᠬᠦᠯᠬᠦ ᠦᠭᠡᠢ᠃
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3