ᠠᠯᠪᠠᠨ ᠵᠠᠷ ᠮᠡᠳᠡᠭᠳᠡᠯ
ᠨᠡᠶᠢᠲᠡᠯᠡᠭᠰᠡᠨ ᠴᠠᠭ᠄
2018-07-24
ᠰᠢᠩ ᠵᠠᠰᠠᠭ ᠠᠯᠪᠠᠨ ᠬᠠᠷᠢᠭᠤ ᠦᠰᠦᠭ ﹇2018﹈ 53 ᠳ᠋ᠤᠭᠠᠷ ᠳᠣᠭᠠᠲᠤ          2018 ᠣᠨ ᠤ  ᠰᠢᠩ  ᠾᠧ  ᠰᠢᠶᠠᠨ ᠎ ᠤ  ᠨᠢᠭᠡᠲᠦᠭᠡᠷ   ᠪᠦᠯᠦᠭ          ᠶᠠᠳᠠᠭᠤ   ᠎ ᠠᠴᠠ   ᠠᠩᠭᠢᠵᠢᠷᠠᠭᠤᠯᠵᠤ     ᠪᠤᠭᠤᠮᠲᠠ    ᠰᠢᠪᠲᠤᠯᠬᠤ          ᠲᠦᠷᠦᠯ ᠵᠦᠢᠯ ᠢ ᠶᠠᠪᠤᠭᠳᠠᠭᠤᠯᠬᠤ ᠲᠦᠯᠦᠪᠯᠡᠭᠡ ᠳᠤ ᠥᠭᠬᠦ  ᠬᠠᠷᠢᠭᠤ             ᠰᠢᠶᠠᠨ ᠤ ᠶᠠᠳᠠᠭᠤ ᠶᠢ ᠳᠡᠳᠬᠦᠬᠦ ᠠᠯᠪᠠᠨ ᠭᠡᠷ᠄      ᠲᠠᠨ ᠤ ᠠᠯᠪᠠᠨ ᠭᠡᠷ ᠤᠨ ᠮᠡᠳᠡᠬᠦᠯᠦᠭᠰᠡᠨ ︽2018 ᠣᠨ ᠤ ᠰᠢᠩ ᠾᠧ ᠰᠢᠶᠠᠨ ᠤ ᠨᠢᠭᠡᠲᠦᠭᠡᠷ ᠪᠦᠯᠦᠭ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠲᠦᠷᠦᠯ ᠵᠦᠢᠯ ᠢ ᠶᠠᠪᠤᠭᠳᠠᠭᠤᠯᠬᠤ ᠲᠦᠯᠦᠪᠯᠡᠭᠡ ᠳᠤ ᠵᠥᠪᠰᠢᠶᠡᠷᠡᠯ ᠠᠪᠬᠤ︾ ︵ᠰᠢᠩ ᠶᠠᠳᠠᠭᠤ ᠠᠯᠪᠠᠨ ᠲᠠᠷᠬᠠᠭᠠᠭᠰᠠᠨ  ﹇2018﹈ 92 ᠳ᠋ᠤᠭᠠᠷ ᠲᠣᠭᠠᠲᠤ︶᠎ ᠶᠢ ᠣᠯᠵᠤ ᠣᠶᠢᠯᠠᠭᠠᠯ᠎ᠠ᠃ ᠰᠢᠶᠠᠨ ᠤ ᠵᠠᠰᠠᠭ ᠤᠨ ᠣᠷᠳᠤᠨ ᠤ ᠰᠣᠳᠤᠯᠤᠯᠲᠠ ᠪᠠᠷ ᠳᠠᠮᠵᠢᠨ᠂ ᠲᠠᠨ ᠤ ᠮᠡᠳᠡᠭᠦᠯᠦᠭᠰᠡᠨ 2018 ᠣᠨ ᠤ ᠨᠢᠭᠡᠲᠦᠭᠡᠷ ᠪᠦᠯᠦᠭ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠤᠯᠲᠠ ᠳᠤ ᠪᠠᠷᠤᠭ 6995.5 ᠲᠦᠮᠡᠨ ᠲᠦᠭᠦᠷᠢᠭ ᠤᠨ ᠪᠡᠯᠡ ᠣᠷᠤᠭᠤᠯᠵᠤ ᠭᠡᠷᠡᠭᠵᠢᠭᠦᠯᠬᠦ 70 ᠲᠦᠷᠦᠯ ᠵᠦᠢᠯ ᠢ ᠵᠥᠪᠰᠢᠶᠡᠷᠡᠵᠦ᠂ ᠡᠭᠦᠨ ᠤ ᠲᠣᠲᠤᠷ᠎ᠠ 39 ᠠᠵᠤ ᠦᠢᠯᠡᠳᠪᠦᠷᠢ ᠶᠢᠨ ᠬᠦᠭᠵᠢᠯᠲᠡ ᠶᠢᠨ ᠲᠦᠷᠦᠯ ᠵᠦᠢᠯ᠂ 31 ᠨᠡᠶᠢᠲᠡ ᠶᠢᠨ ᠦᠢᠯᠡᠴᠢᠯᠡᠭᠡᠨ ᠤ ᠲᠦᠷᠦᠯ ᠵᠦᠢᠯ ᠪᠠᠶᠢᠨ᠎ᠠ᠃ ᠲᠠᠨ ᠤ ᠠᠯᠪᠠᠨ ᠭᠡᠷ ᠲᠦᠷᠦᠯ ᠵᠦᠢᠯ ᠶᠣᠰᠤᠭᠠᠷ ᠶᠠᠪᠣᠴᠠ ᠶᠢ ᠭᠡᠷᠡᠭᠵᠢᠭᠦᠯᠵᠦ᠂ ᠰᠢᠶᠠᠩ ᠪᠠᠯᠭᠠᠰᠤ ᠶᠢ ᠤᠳᠤᠷᠢᠳᠴᠤ ᠲᠦᠷᠦᠯ ᠵᠦᠢᠯ ᠢ ᠰᠠᠶᠢᠲᠤᠷ ᠭᠡᠷᠡᠭᠵᠢᠭᠦᠯᠵᠦ᠂ ᠡᠷᠲᠡ ᠨᠢᠭᠡᠨ ᠡᠲᠦᠷ ᠦᠷ᠎ᠡ ᠠᠰᠢᠭ ᠢᠶᠠᠨ ᠪᠠᠳᠠᠷᠠᠭᠤᠯᠵᠤ᠂ ᠶᠠᠳᠠᠭᠤ ᠬᠦᠴᠢᠷᠲᠠᠢ ᠡᠷᠦᠬᠡ ᠶᠢᠨ ᠣᠷᠤᠯᠭ᠎ᠠ ᠶᠢ ᠨᠡᠮᠡᠭᠳᠡᠭᠦᠯᠬᠦ ᠶᠢ ᠪᠠᠲᠤᠯᠠᠭᠠᠷᠠᠢ᠃      ᠣᠨᠴᠠ ᠬᠠᠷᠢᠭᠤ ᠥᠭᠪᠡ                  ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ                            2018 ᠣᠨ ᠤ 7 ᠰᠠᠷ᠎ᠠ ᠶᠢᠨ 24᠎ ᠤ ᠡᠳᠦᠷ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3