ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 7 ᠳ᠋ᠤᠭᠠᠷ ᠰᠠᠷ᠎ᠠ ᠶᠢᠨ 31 ᠤ ᠡᠳᠦᠷ | ᠤᠨ ᠮᠡᠳᠡᠭᠡ᠄ | ᠡᠳ᠋ ᠤᠨ ᠵᠠᠰᠠᠭ ᠤᠨ ᠶᠠᠮᠤᠨ ᠠᠴᠠ 7 ᠳ᠋ᠤᠭᠠᠷ ᠰᠠᠷ᠎ᠠ ᠶᠢᠨ 30 ᠤ ᠡᠳᠦᠷ ᠰᠤᠷᠪᠤᠯᠵᠢᠯᠠᠭᠴᠢ ᠶᠢᠨ | ᠣᠶᠢᠯᠠᠭᠠᠭᠰᠠᠨ ᠢᠶᠠᠷ᠂ ᠡᠯ᠎ᠡ ᠭᠠᠵᠠᠷ ᠤᠨ ᠶᠠᠳᠠᠭᠤ ᠬᠦᠴᠢᠷᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ | ᠳᠡᠮᠵᠢᠬᠦ ᠶᠢᠨ ᠲᠥᠯᠥᠭᠡ᠂ ᠣᠶᠢᠷ᠎ᠠ ᠳᠤ ᠲᠥᠪ ᠤᠨ ᠡᠳ᠋ ᠤᠨ ᠵᠠᠰᠠᠭ ᠠᠴᠠ 2018 ᠣᠨ ᠤ ᠶᠠᠳᠠᠭᠤ ᠬᠦᠴᠢᠷᠲᠡᠢ | ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢ 467 ᠳ᠋ᠦᠩᠰᠢᠭᠤᠷ 7 ᠮᠢᠩᠭᠠᠨ ᠲᠦᠮᠡᠨ | ᠲᠥᠭᠦᠷᠢᠭ ᠪᠠᠭᠤᠯᠭᠠᠵᠤ᠂ ᠡᠭᠦᠨ ᠤ ᠳᠡᠭᠡᠷ᠎ᠡ ᠤᠷᠢᠳᠴᠢᠯᠠᠵᠤ ᠪᠠᠭᠤᠯᠭᠠᠭᠰᠠᠨ 928 ᠳ᠋ᠦᠩᠰᠢᠭᠤᠷ 6 ᠮᠢᠩᠭᠠᠨ | ᠲᠦᠮᠡᠨ ᠲᠥᠭᠦᠷᠢᠭ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠩᠭᠢ ᠶᠢᠨ ᠰᠠᠯᠠᠭ᠎ᠠ | ᠮᠥᠴᠢᠷ ᠤᠨ ᠲᠥᠰᠥᠪ ᠲᠤ ᠲᠣᠬᠢᠷᠠᠭᠤᠯᠤᠭᠰᠠᠨ 4 ᠳ᠋ᠦᠩᠰᠢᠭᠤᠷ 6 ᠮᠢᠩᠭᠠᠨ ᠲᠦᠮᠡᠨ ᠲᠥᠭᠦᠷᠢᠭ ᠢ ᠨᠡᠮᠡᠪᠡᠯ᠂ | 2018 ᠣᠨ ᠳᠤ ᠲᠥᠪ ᠤᠨ ᠡᠳ᠋ ᠤᠨ ᠵᠠᠰᠠᠭ ᠤᠨ ᠬᠢᠨ ᠶᠠᠳᠠᠭᠤ ᠬᠦᠴᠢᠷᠲᠡᠢ ᠣᠯᠠᠨ ᠲᠦᠮᠡᠨ ᠢ ᠠᠪᠤᠷᠠᠨ | ᠲᠤᠰᠠᠯᠠᠬᠤ ᠳᠤ ᠬᠡᠷᠡᠭᠯᠡᠬᠦ 1400 ᠳ᠋ᠦᠩᠰᠢᠭᠤᠷ 9 ᠮᠢᠩᠭᠠᠨ ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠨ | ᠪᠦᠬᠦᠨ ᠢ ᠪᠠᠭᠤᠯᠭᠠᠯ᠎ᠠ᠃ | ᠨᠠᠶᠢᠷᠠᠭᠤᠯᠤᠭᠴᠢ ᠬᠠᠰᠲᠠᠨ᠎ᠠ | |