ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠢᠶᠠᠨ ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2018-07-31
      ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ ︵ᠨᠢᠭᠡᠴᠡ ᠶᠢᠨ ᠨᠡᠷᠡᠶᠢᠳᠦᠯ︶ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂ ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ ᠨᠣᠮᠧᠷ ᠢ ᠬᠤᠪᠢᠷᠠᠭᠤᠯᠬᠤ᠃      ᠬᠤᠶᠠᠷ᠂ ᠲᠣᠰᠢᠶᠠᠬᠤ ᠮᠠᠲ᠋ᠧᠷᠢᠶᠠᠯ᠄      1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂ ᠭᠠᠷᠳᠠᠨ ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ︔ ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶      2. ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ ᠪᠦᠬᠦᠢ ᠭᠡᠷᠡᠴᠢ᠃      3. ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃      4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂ ︽ᠮᠠᠰᠢᠨ ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ ᠮᠠᠰᠢᠨ ᠲᠡᠷᠭᠡ᠄ ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄ ᠭᠠᠷ ᠤᠨ ᠢᠶᠠᠨ ᠦᠰᠦᠭ ᠵᠢᠷᠣᠨ᠎ᠠ︶      ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ      1. ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃      2. ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ ᠪᠢᠴᠢᠭ᠂ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃      3. ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃      4. ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃
 
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3