ᠲᠦᠷ ᠴᠠᠭ ᠤᠨ ᠵᠢᠯᠣᠭᠤᠴᠢ ᠶᠢᠨ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2018-07-31
     ︽ᠬᠢᠯᠢ ᠪᠠᠷ ᠲᠦᠷ ᠣᠷᠣᠬᠤ ᠮᠠᠰᠢᠨᠲᠦ ᠲᠡᠷᠭᠡ ᠪᠠ ᠵᠢᠯᠣᠭᠤᠴᠢ ᠶᠢᠨ ᠬᠠᠮᠢᠶᠠᠷᠤᠯᠲᠠ ᠶᠢᠨ ᠲᠣᠭᠲᠠᠭᠠᠯ︾ ︵ᠲᠣᠳᠤᠭᠠᠳᠤ ᠶᠢ ᠬᠠᠮᠠᠭᠠᠯᠠᠬᠤ ᠶᠠᠮᠤᠨ ᠤ 90 ᠳ᠋ᠤᠭᠡᠷ ᠲᠣᠭᠠᠲᠤ ᠵᠠᠷᠯᠢᠭ︶ ᠤᠨ ᠬᠤᠶᠠᠳᠤᠭᠠᠷ ᠵᠦᠢᠯ ᠢ ᠦᠨᠳᠦᠰᠦᠯᠡᠪᠡᠯ ᠲᠤᠰ ᠲᠣᠭᠲᠠᠭᠠᠯ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ ᠴᠠᠭ ᠣᠷᠣᠵᠤ ᠭᠤᠷᠪᠠᠨ ᠰᠠᠷ᠎ᠠ ᠶᠢ ᠳᠠᠪᠠᠭ᠋ᠤ ᠦᠭᠡᠢ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ ᠳᠤ ᠲᠣᠬᠢᠷᠠᠨ᠎ᠠ᠄      ︵ᠨᠢᠭᠡ︶ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠪᠦᠭᠡᠳ ᠬᠢᠯᠢ ᠪᠠᠷ ᠲᠦᠷ ᠣᠷᠣᠵᠤ ᠵᠣᠬᠢᠶᠠᠨ ᠪᠠᠶᠢᠭᠤᠯᠤᠯᠲᠠ ᠲᠠᠢ ᠵᠢᠭᠤᠯᠴᠢᠯᠠᠯ᠂ ᠤᠷᠤᠯᠳᠤᠭᠠᠨ ᠵᠢᠴᠢ ᠪᠤᠰᠤᠳ ᠬᠠᠷᠢᠯᠴᠠᠭᠠᠨ ᠤ ᠠᠵᠢᠯᠯᠠᠭ᠎ᠠ ᠳᠤ ᠣᠷᠣᠯᠴᠠᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔      ︵ᠬᠤᠶᠠᠷ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠵᠥᠪᠬᠡᠨ ᠬᠢᠯᠢ ᠶᠢᠨ ᠣᠷᠣᠨ ᠤ ᠵᠣᠬᠢᠬᠤ ᠬᠡᠪᠴᠢᠶᠡᠨ ᠳᠤᠲᠤᠷ᠎ᠠ ᠶᠠᠪᠤᠭᠤᠯᠬᠤ ᠭᠠᠳᠠᠭᠠᠳᠤ ᠶᠢᠨ ᠮᠠᠰᠢᠨᠲᠦ ᠲᠡᠷᠭᠡ ᠪᠠ ᠮᠠᠰᠢᠨᠲᠦ ᠲᠡᠷᠭᠡᠨ ᠤ ᠵᠢᠯᠣᠭᠤᠴᠢ︔      ︵ᠭᠤᠷᠪᠠ︶ ᠬᠢᠯᠢ ᠪᠠᠷ ᠲᠦᠷ ᠣᠷᠣᠭᠰᠠᠨ ᠤ ᠳᠠᠷᠠᠭ᠎ᠠ ᠳᠤᠮᠳᠠᠳᠤ ᠤᠯᠤᠰ ᠤᠨ ᠮᠠᠰᠢᠨᠲᠦ ᠲᠡᠷᠭᠡ ᠶᠢ ᠲᠦᠷᠢᠶᠡᠰᠦᠯᠡᠨ ᠵᠢᠯᠣᠭᠤᠳᠬᠤ ᠴᠢᠬᠤᠯᠠᠲᠠᠢ ᠭᠠᠳᠠᠭᠠᠳᠤ ᠶᠢᠨ ᠮᠠᠰᠢᠨᠲᠦ ᠲᠡᠷᠭᠡᠨ ᠤ ᠵᠢᠯᠣᠭᠤᠴᠢ︔ ᠳᠤᠮᠳᠠᠳᠤ ᠤᠯᠤᠰ ᠯᠤᠭ᠎ᠠ ᠬᠤᠶᠠᠷ ᠲᠠᠯ᠎ᠠ ᠪᠠᠷ ᠢᠶᠠᠨ ᠪᠤᠶᠤ ᠣᠯᠠᠨ ᠲᠠᠯ᠎ᠠ ᠶᠢᠨ ᠬᠢᠯᠢ ᠦᠩᠭᠡᠷᠡᠨ ᠲᠡᠭᠡᠭᠡᠪᠥᠷᠢ ᠬᠢᠬᠦ ᠵᠦᠪᠳᠡᠯᠴᠡᠭᠡᠷ ᠲᠣᠭᠲᠠᠭᠰᠠᠨ ᠪᠠᠶᠢᠪᠠᠯ᠂ ᠵᠦᠪᠳᠡᠯᠴᠡᠭᠡᠷ ᠤᠨ ᠶᠤᠰᠤᠭᠠᠷ ᠭᠦᠢᠴᠡᠳᠬᠡᠨ᠎ᠡ᠃ ᠤᠯᠤᠰ ᠪᠤᠶᠤ ᠵᠠᠰᠠᠭ ᠤᠨ ᠣᠷᠳᠣᠨ ᠤ ᠬᠤᠭᠤᠷᠤᠨᠳᠤ ᠮᠠᠰᠢᠨᠲᠦ ᠲᠡᠷᠭᠡᠨ ᠤ ᠫᠠᠶᠢᠰᠠ ᠪᠠ ᠵᠢᠯᠣᠭᠤᠴᠢ ᠶᠢᠨ ᠦᠨᠡᠮᠯᠡᠯ ᠢ ᠬᠠᠷᠢᠯᠴᠠᠨ ᠵᠥᠪᠰᠢᠶᠡᠷᠡᠬᠦ ᠵᠦᠪᠯᠡᠯᠴᠡᠭᠡᠷ ᠲᠠᠢ ᠪᠣᠯ ᠵᠦᠪᠯᠡᠯᠴᠡᠭᠡᠷ ᠤᠨ ᠶᠣᠰᠤᠭᠠᠷ ᠭᠦᠢᠴᠡᠳᠬᠡᠨ᠎ᠡ᠃
 
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3