︽ᠪᠥᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ︾ ᠪᠣᠯ | ᠤᠯᠤᠰ ᠢᠶᠠᠷ ᠵᠦᠪᠰᠢᠶᠡᠷᠡᠭᠦᠯᠦᠭᠡᠳ ᠳᠤᠮᠳᠠᠲᠤ ᠤᠯᠤᠰ ᠤᠨ ᠵᠠᠮᠳᠡᠭᠴᠦᠳ ᠤᠨ ᠬᠤᠯᠪᠣᠭ᠎ᠠ ᠠᠴᠠ ᠨᠢᠭᠡᠳᠦᠯᠲᠡᠢ | ᠵᠣᠬᠢᠶᠠᠨ ᠣᠯᠭᠤᠭᠰᠠᠨ ᠵᠡᠮᠳᠡᠭ ᠬᠦᠮᠦᠨ ᠤ ᠳᠤᠰᠬᠠᠢ ᠬᠡᠷᠡᠭᠯᠡᠬᠦ ᠦᠨᠡᠮᠯᠡᠯ ᠪᠣᠯᠣᠨ᠎ᠠ᠂ ᠲᠡᠭᠦᠨ ᠤ ᠦᠢᠯᠡᠳᠦᠯ ᠨᠢ | ᠭᠤᠣᠯᠳᠠᠭᠤ᠄ | ︵1︶ ᠵᠡᠮᠳᠡᠭ ᠵᠢᠴᠢ ᠵᠡᠮᠳᠡᠭ ᠤᠨ ᠲᠦᠷᠦᠯ ᠢᠯᠭᠠᠯ᠂ ᠳᠡᠰ ᠢ ᠭᠡᠷᠡᠴᠢᠯᠡᠬᠦ ᠭᠡᠷᠡᠴᠢ ᠪᠠᠷᠢᠮᠲᠠ︔ | ︵2︶ ᠤᠯᠤᠰ ᠪᠠ ᠣᠷᠣᠨ ᠨᠣᠳᠤᠭ ᠤᠨ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠬᠢᠭᠡᠳ ᠳᠡᠳᠭᠦᠨ ᠲᠤᠰᠠᠯᠠᠬᠤ ᠲᠣᠭᠲᠠᠭᠠᠯ ᠢ ᠬᠦᠷᠲᠡᠵᠦ᠂ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠬᠤ ᠦᠨᠳᠥᠰᠥᠯᠡᠯ︔ | ︵3︶ ᠠᠵᠢᠯ ᠤᠨ ᠲᠦᠯᠦᠪᠯᠡᠭᠡ ᠲᠣᠭᠲᠠᠭᠠᠵᠤ᠂ ᠵᠡᠮᠳᠡᠭᠴᠦᠳ ᠤᠨ ᠦᠢᠯᠡᠰ ᠢ ᠬᠦᠭᠵᠢᠭᠦᠯᠬᠦ ᠶᠢᠨ ᠰᠠᠭᠤᠷᠢ | ᠪᠣᠯᠬᠤ ᠵᠡᠷᠭᠡ ᠲᠠᠯ᠎ᠠ ᠪᠠᠷ ᠢᠯᠡᠷᠡᠨ᠎ᠡ᠃ | ᠪᠦᠭᠦᠲᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠡᠮᠳᠡᠭ ᠬᠦᠮᠦᠨ ᠤ ᠦᠨᠡᠮᠯᠡᠯ ᠤᠨ | ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠄ ︽ᠳᠤᠮᠳᠠᠳᠤ ᠤᠯᠤᠰ ᠤᠨ ᠵᠡᠮᠳᠡᠭ ᠬᠦᠮᠦᠨ ᠤ | ᠬᠡᠷᠡᠭᠯᠡᠭᠡᠨ ᠢ ᠬᠢᠨᠠᠨ ᠲᠣᠭᠲᠠᠭᠠᠬᠤ ᠪᠠᠷᠢᠮᠵᠢᠶ᠎ᠠ︾ ᠳᠤ ᠨᠡᠶᠢᠴᠡᠭᠰᠡᠨ ᠬᠠᠷᠠᠭ᠎ᠠ᠂ ᠰᠣᠨᠣᠷ᠂ ᠦᠭᠡ ᠬᠡᠯᠡ᠂ ᠤᠶᠤᠨ᠂ | ᠮᠥᠴᠢ᠂ ᠤᠶᠤᠨ ᠮᠡᠳᠡᠷᠡᠯ ᠵᠡᠷᠭᠡ ᠨᠢ ᠵᠡᠮᠳᠡᠭ ᠬᠦᠮᠥᠨ ᠳᠤ ᠴᠦᠮ ᠵᠡᠮᠳᠡᠭ ᠬᠦᠮᠦᠨ ᠤ ᠦᠨᠡᠮᠯᠡᠯ ᠣᠯᠭᠤᠬᠤ | ᠬᠡᠷᠡᠭᠲᠡᠢ᠃ ᠪᠡᠶ᠎ᠡ ᠨᠢ ᠵᠡᠮᠳᠡᠭ ᠪᠣᠯᠪᠠᠴᠦ ᠲᠣᠭᠲᠠᠭᠠᠭᠰᠠᠨ ᠪᠠᠷᠢᠮᠵᠢᠶ᠎ᠠ ᠳᠤ ᠬᠠᠷᠬᠠᠨ ᠬᠦᠷᠥᠭᠡᠳᠥᠢ ᠪᠠᠶᠢᠭᠰᠠᠳ ᠲᠤ | ᠵᠡᠮᠳᠡᠭ ᠬᠦᠮᠦᠨ ᠤ ᠦᠨᠡᠮᠯᠡᠯ ᠣᠯᠭᠤᠵᠤ ᠪᠣᠯᠬᠤ ᠦᠭᠡᠢ᠃ | |