ᠡᠯ᠎ᠡ  ᠭᠠᠵᠠᠷ  ᠤᠨ ᠶᠠᠳᠠᠭᠤ  ᠬᠦᠴᠢᠷᠲᠡᠢ  ᠣᠯᠠᠨ  ᠲᠦᠮᠡᠨ  ᠢ ᠠᠪᠤᠷᠠᠨ ᠲᠤᠰᠠᠯᠠᠬᠤ  ᠠᠵᠢᠯ  ᠢ ᠳᠡᠮᠵᠢᠬᠦ  ᠶᠢᠨ ᠲᠥᠯᠥᠭᠡ᠂ ᠲᠥᠪ  ᠤᠨ ᠡᠳ᠋  ᠤᠨ  ᠵᠠᠰᠠᠭ ᠠᠴᠠ  2018 ᠣᠨ ᠤ  ᠶᠠᠳᠠᠭᠤ  ᠬᠦᠴᠢᠷᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢ 467 ᠳ᠋ᠦᠩᠰᠢᠭᠤᠷ 7 ᠮᠢᠩᠭᠠᠨ ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2018-07-31
     ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 7 ᠳ᠋ᠤᠭᠠᠷ ᠰᠠᠷ᠎ᠠ ᠶᠢᠨ 31 ᠤ ᠡᠳᠦᠷ  ᠤᠨ ᠮᠡᠳᠡᠭᠡ᠄      ᠡᠳ᠋ ᠤᠨ ᠵᠠᠰᠠᠭ ᠤᠨ ᠶᠠᠮᠤᠨ ᠠᠴᠠ 7 ᠳ᠋ᠤᠭᠠᠷ ᠰᠠᠷ᠎ᠠ ᠶᠢᠨ 30 ᠤ ᠡᠳᠦᠷ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠯ᠎ᠡ ᠭᠠᠵᠠᠷ ᠤᠨ ᠶᠠᠳᠠᠭᠤ ᠬᠦᠴᠢᠷᠲᠡᠢ ᠣᠯᠠᠨ ᠲᠦᠮᠡᠨ ᠢ ᠠᠪᠤᠷᠠᠨ ᠲᠤᠰᠠᠯᠠᠬᠤ ᠠᠵᠢᠯ ᠢ ᠳᠡᠮᠵᠢᠬᠦ ᠶᠢᠨ ᠲᠥᠯᠥᠭᠡ᠂ ᠣᠶᠢᠷ᠎ᠠ ᠳᠤ ᠲᠥᠪ ᠤᠨ ᠡᠳ᠋ ᠤᠨ ᠵᠠᠰᠠᠭ ᠠᠴᠠ 2018 ᠣᠨ ᠤ ᠶᠠᠳᠠᠭᠤ ᠬᠦᠴᠢᠷᠲᠡᠢ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ ᠶᠢ 467 ᠳ᠋ᠦᠩᠰᠢᠭᠤᠷ 7 ᠮᠢᠩᠭᠠᠨ ᠲᠦᠮᠡᠨ ᠲᠥᠭᠦᠷᠢᠭ ᠪᠠᠭᠤᠯᠭᠠᠵᠤ᠂ ᠡᠭᠦᠨ ᠤ ᠳᠡᠭᠡᠷ᠎ᠡ ᠤᠷᠢᠳᠴᠢᠯᠠᠵᠤ ᠪᠠᠭᠤᠯᠭᠠᠭᠰᠠᠨ 928 ᠳ᠋ᠦᠩᠰᠢᠭᠤᠷ 6 ᠮᠢᠩᠭᠠᠨ ᠲᠦᠮᠡᠨ ᠲᠥᠭᠦᠷᠢᠭ ᠪᠠ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠩᠭᠢ ᠶᠢᠨ ᠰᠠᠯᠠᠭ᠎ᠠ ᠮᠥᠴᠢᠷ ᠤᠨ ᠲᠥᠰᠥᠪ ᠲᠤ ᠲᠣᠬᠢᠷᠠᠭᠤᠯᠤᠭᠰᠠᠨ 4 ᠳ᠋ᠦᠩᠰᠢᠭᠤᠷ 6 ᠮᠢᠩᠭᠠᠨ ᠲᠦᠮᠡᠨ ᠲᠥᠭᠦᠷᠢᠭ ᠢ ᠨᠡᠮᠡᠪᠡᠯ᠂ 2018 ᠣᠨ ᠳᠤ ᠲᠥᠪ ᠤᠨ ᠡᠳ᠋ ᠤᠨ ᠵᠠᠰᠠᠭ ᠤᠨ ᠬᠢᠨ ᠶᠠᠳᠠᠭᠤ ᠬᠦᠴᠢᠷᠲᠡᠢ ᠣᠯᠠᠨ ᠲᠦᠮᠡᠨ ᠢ ᠠᠪᠤᠷᠠᠨ ᠲᠤᠰᠠᠯᠠᠬᠤ ᠳᠤ ᠬᠡᠷᠡᠭᠯᠡᠬᠦ 1400 ᠳ᠋ᠦᠩᠰᠢᠭᠤᠷ 9 ᠮᠢᠩᠭᠠᠨ ᠲᠦᠮᠡᠨ ᠲᠥᠭᠦᠷᠢᠭ ᠤᠨ ᠨᠥᠬᠦᠪᠦᠷᠢ ᠮᠥᠩᠭᠦ ᠪᠠᠨ ᠪᠦᠬᠦᠨ ᠢ ᠪᠠᠭᠤᠯᠭᠠᠯ᠎ᠠ᠃                                           ᠨᠠᠶᠢᠷᠠᠭᠤᠯᠤᠭᠴᠢ ᠬᠠᠰᠲᠠᠨ᠎ᠠ                                                
 
ᠢᠷᠡᠯᠲᠡ᠄ ᠲᠣᠮᠳᠠᠲᠤ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3