ᠬᠠᠯᠠᠮᠰᠢᠯ ᠪᠤᠯᠵᠤ ᠪᠠᠶᠢᠭ᠎ᠠ ︽ᠤᠭᠤᠷᠠᠭ ᠤᠨ ᠳᠠᠯᠬ᠎ᠠ︾᠎ ᠶᠢᠨ ᠳᠤᠬᠠᠢ
ᠨᠡᠶᠢᠲᠡᠯᠡᠭᠰᠡᠨ ᠴᠠᠭ᠄
2018-08-01
      ᠵᠤᠩᠬᠢᠯᠠᠬᠤ ᠤᠯᠠᠨ ᠳᠤᠭᠠᠨ ᠤ ᠬᠦᠮᠦᠨ ᠢᠳᠡᠭᠡᠨ ᠤᠮᠳᠠᠭᠠᠨ ᠢᠶᠠᠷ ᠢᠶᠠᠨ ᠪᠡᠶ᠎ᠡ ᠳᠤ ᠭᠡᠷᠡᠭᠰᠡᠬᠦ ᠤᠭᠤᠷᠠᠭ ᠢᠶᠠᠨ ᠰᠢᠩᠭᠡᠭᠡᠨ ᠠᠪᠴᠤ ᠳᠡᠶᠢᠯᠳᠡᠭ᠃ ᠵᠠᠷᠢᠮ ᠬᠦᠮᠦᠨ ᠤᠭᠤᠷᠠᠭ ᠤᠨ ᠳᠠᠯᠬ᠎ᠠ ᠠᠪᠴᠤ ᠢᠳᠡᠳᠡᠭ᠂ ᠦᠨᠡᠨᠳᠡᠭᠡᠨ ᠳᠡᠷᠡ ᠨᠢ ᠬᠦᠮᠦᠨ ᠪᠤᠯᠭᠠᠨ ᠳᠤ ᠵᠤᠬᠢᠷᠠᠳᠠᠭ ᠶᠠᠭᠤᠮ᠎ᠠ ᠪᠢᠰᠢ᠂ ᠵᠦᠪᠬᠡᠨ ᠭᠤᠷᠪᠠᠨ ᠳᠦᠷᠦᠯ ᠤᠨ ᠬᠦᠮᠦᠨ ᠡᠳ᠋ᠯᠡᠬᠦ ᠳᠤ ᠨᠡᠯᠢᠶᠡᠳ ᠳᠤᠬᠢᠷᠠᠮᠵᠢᠳᠠᠢ ᠪᠠᠶᠢᠳᠠᠭ᠄       1. ᠵᠢᠷᠮᠤᠰᠤᠨ ᠪᠦᠰᠡᠭᠦᠢ᠂ ᠬᠦᠬᠦᠬᠦᠯ ᠡᠬᠡ ᠪᠠ ᠬᠤᠳᠤᠭᠤᠳᠤ ᠭᠡᠳᠡᠰᠦᠨ ᠤ ᠴᠢᠳᠠᠪᠬᠢ ᠨᠢ ᠮᠠᠭᠤᠳᠠᠭᠰᠠᠨ ᠬᠤᠭᠤᠯᠠ ᠳᠡᠮᠡᠢ ᠢᠳᠡᠵᠦ ᠳᠡᠶᠢᠯᠳᠡᠭ ᠦᠭᠡᠢ ᠨᠠᠰᠤᠳᠠᠶᠢᠴᠤᠳ᠃       2. ᠤᠯᠠᠨ ᠡᠭᠦᠰᠦᠯᠳᠦ ᠶᠠᠰᠤ ᠪᠡᠷᠳᠡᠭᠰᠡᠨ᠂ ᠬᠠᠪᠤᠳᠠᠷ ᠤᠨ ᠬᠢᠮᠢ ᠶᠢᠨ ᠵᠠᠰᠠᠯᠭ᠎ᠠ ᠬᠢᠵᠦ ᠪᠠᠶᠢᠭ᠎ᠠ᠂ ᠠᠷᠠᠰᠤ ᠶᠡᠭᠡ ᠬᠡᠮᠵᠢᠶ᠎ᠠ ᠪᠠᠷ ᠤᠯᠪᠤᠷᠠᠬᠤ ᠵᠡᠷᠭᠡ ᠡᠪᠡᠳᠴᠢᠨ ᠲᠠᠢ ᠬᠦᠮᠦᠰ᠃       3. ᠮᠡᠳᠡᠷᠡᠯ ᠤᠨ ᠴᠢᠨᠠᠷᠳᠠᠢ ᠬᠤᠭᠤᠯᠠ ᠵᠢᠭᠰᠢᠬᠦ᠂ ᠴᠢᠳᠠᠪᠬᠢ ᠶᠢᠨ ᠴᠢᠨᠠᠷᠳᠠᠢ ᠰᠢᠩᠭᠡᠭᠡᠯᠳᠡ ᠮᠠᠭᠤ᠂ ᠨᠠᠷᠢᠨ ᠭᠡᠳᠡᠰᠦᠨ ᠤ ᠰᠢᠩᠭᠡᠭᠡᠯᠳᠡ ᠶᠢᠨ ᠬᠠᠷᠰᠢᠯᠠᠯ ᠲᠠᠢ ᠡᠪᠡᠳᠴᠢᠳᠡᠨ᠃ ᠤᠭᠤᠷᠠᠭ ᠤᠨ ᠳᠠᠯᠬ᠎ᠠ ᠢᠳᠡᠬᠦ ᠭᠡᠷᠡᠭᠳᠡᠢ ᠪᠠᠷ ᠪᠤᠳᠤᠬᠤ ᠳᠤ᠂ ᠡᠳᠦᠷ ᠲᠤ 15 — 20 ᠭᠷᠡᠮ ᠢᠳᠡᠪᠡᠯ ᠪᠤᠯᠬᠤ ᠨᠢ ᠳᠡᠷᠡ᠂ ᠬᠡᠷᠪᠡ ᠭᠡᠳᠦᠷᠡᠪᠡᠯ ᠪᠡᠶ᠎ᠡ ᠳᠤ ᠡᠷᠭᠢᠭᠡᠳ ᠳᠠᠷᠤᠭᠠᠰᠤ ᠪᠤᠯᠤᠨ᠎ᠠ᠃ ᠤᠭᠤᠷᠠᠭ ᠤᠨ ᠳᠠᠯᠬ᠎ᠠ ᠨᠢ ᠠᠮᠠᠷᠬᠠᠨ ᠠᠭᠤᠰᠴᠤ ᠵᠠᠳᠠᠷᠠᠳᠠᠭ ᠦᠭᠡᠢ᠂ ᠰᠢᠩᠭᠡᠨ ᠪᠤᠳᠠᠭᠠᠨ ᠳᠤ ᠬᠢᠵᠦ ᠢᠳᠡᠬᠦ ᠶᠢ ᠰᠠᠨᠠᠭᠤᠯᠵᠤ ᠪᠠᠶᠢᠨ᠎ᠠ᠂ ᠬᠤᠭᠤᠯᠠᠨ ᠤ ᠡᠮᠦᠨ᠎ᠠ ᠬᠤᠶᠢᠨ᠎ᠠ ᠢᠳᠡᠵᠦ ᠪᠦᠷ ᠪᠤᠯᠤᠨ᠎ᠠ᠃       ᠤᠭᠤᠷᠠᠭ ᠤᠨ ᠳᠠᠯᠬ᠎ᠠ ᠶᠢ ᠰᠤᠩᠭᠤᠵᠤ ᠢᠳᠡᠬᠦ ᠳᠡᠭᠡᠨ ᠭᠡᠳᠦᠨ ᠳᠠᠯ᠎ᠠ ᠶᠢᠨ ᠠᠳᠡᠭᠦᠷᠡᠯ ᠢ ᠵᠦᠪ ᠤᠢᠢᠯᠠᠭᠠᠬᠤ ᠭᠡᠷᠡᠭᠳᠡᠢ       ᠠᠳᠡᠭᠦᠷᠡᠯ 1᠄ ᠤᠭᠤᠷᠠᠭ ᠤᠨ ᠳᠠᠯᠬ᠎ᠠ ᠢᠳᠡᠪᠡᠯ ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠳᠡᠭ       ᠦᠨᠡᠨ ᠪᠠᠶᠢᠳᠠᠯ ᠨᠢ᠄ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠤᠶ᠎ᠠ ᠭᠡᠪᠡᠯ ᠰᠢᠮ᠎ᠠ ᠳᠡᠵᠢᠭᠡᠯ ᠢ ᠵᠦᠢ ᠵᠤᠬᠢᠰᠳᠠᠢ ᠪᠠᠷ᠂ ᠳᠡᠩᠴᠡᠭᠦᠷᠢ ᠲᠠᠢ ᠪᠠᠷ ᠰᠢᠩᠭᠡᠭᠡᠨ ᠠᠪᠬᠤ ᠶᠢ ᠠᠩᠬᠠᠷᠬᠤ ᠭᠡᠷᠡᠭᠳᠡᠢ᠃ ᠬᠤᠭᠤᠯᠠ ᠬᠤᠰᠢ ᠪᠠᠨ ᠰᠠᠶᠢᠨ ᠢᠳᠡᠬᠦ ᠦᠭᠡᠢ᠂ ᠵᠦᠪᠬᠡᠨ ᠤᠭᠤᠷᠠᠭ ᠤᠨ ᠳᠠᠯᠬ᠎ᠠ ᠪᠠᠷ ᠬᠤᠭᠤᠯᠠ ᠪᠤᠯᠭᠠᠬᠤ ᠶᠤᠮ ᠪᠤᠯ ᠦᠯᠦ ᠬᠠᠯᠳᠠᠭᠠᠬᠤ ᠴᠢᠳᠠᠪᠤᠷᠢ ᠮᠦᠨ ᠮᠠᠭᠤᠳᠠᠨ᠎ᠠ᠃       ᠠᠳᠡᠭᠦᠷᠡᠯ 2᠄ ᠤᠭᠤᠷᠠᠭ ᠤᠨ ᠳᠠᠯᠬ᠎ᠠ ᠢᠳᠡᠪᠡᠯ ᠬᠡᠦᠬᠡᠳ ᠤᠨ ᠪᠡᠶ᠎ᠡ ᠦᠰᠴᠤ ᠤᠢ ᠪᠢᠯᠢᠭ ᠨᠢ ᠰᠠᠶᠢᠵᠢᠷᠠᠨ᠎ᠠ       ᠦᠨᠡᠨ ᠪᠠᠶᠢᠳᠠᠯ ᠨᠢ᠄ ᠤᠭᠤᠷᠠᠭ ᠤᠨ ᠳᠠᠯᠬ᠎ᠠ ᠬᠡᠳᠦᠷᠡᠪᠡᠯ ᠬᠡᠦᠬᠡᠳ ᠤᠨ ᠪᠦᠭᠡᠷ᠎ᠡ ᠪᠠ ᠡᠯᠢᠭᠡᠨ ᠤ ᠳᠠᠷᠤᠭᠠᠰᠤ ᠶᠢ ᠬᠦᠨᠳᠦᠷᠡᠭᠦᠯᠵᠦ ᠮᠡᠳᠡᠨ᠎ᠠ᠃ ᠳᠡᠶᠢᠮᠦ ᠠᠴᠠ ᠬᠡᠦᠬᠡᠳ ᠵᠠᠯᠠᠭᠤᠴᠤᠳ ᠬᠡᠷᠪᠡ ᠬᠡᠪ ᠤᠨ ᠪᠠᠶᠢᠳᠠᠯ ᠢᠶᠠᠷ ᠬᠤᠭᠤᠯᠠᠯᠠᠵᠤ ᠪᠤᠯᠳᠠᠭ ᠶᠤᠮ ᠪᠤᠯ ᠡᠩ ᠤᠨ ᠪᠠᠶᠢᠳᠠᠯ ᠢᠶᠠᠷ ᠢᠶᠠᠨ ᠬᠤᠭᠤᠯᠠᠯᠠᠬᠤ ᠶᠢ ᠰᠠᠨᠠᠭᠤᠯᠵᠤ᠂ ᠤᠭᠤᠷᠠᠭ ᠤᠨ ᠳᠠᠯᠬ᠎ᠠ ᠪᠠᠷ ᠨᠦᠬᠦᠬᠦ ᠭᠡᠷᠡᠭ ᠦᠭᠡᠢ ᠭᠡᠰᠡᠨ ᠵᠦᠪᠯᠡᠯᠭᠡ ᠦᠭᠴᠦ ᠪᠠᠶᠢᠨ᠎ᠠ᠃       ᠠᠳᠡᠭᠦᠷᠡᠯ 3᠄ ᠤᠭᠤᠷᠠᠭ ᠤᠨ ᠳᠠᠯᠬ᠎ᠠ ᠢᠳᠡᠪᠡᠯ ᠬᠡᠪᠡᠯᠢ ᠳᠠᠬᠢ ᠬᠡᠦᠬᠡᠳ ᠤᠨ ᠪᠤᠶᠢᠵᠢᠯᠳᠠ ᠶᠢ ᠳᠦᠷᠭᠡᠳᠭᠡᠳᠡᠭ       ᠦᠨᠡᠨ ᠪᠠᠶᠢᠳᠠᠯ ᠨᠢ᠄ ᠬᠡᠪᠡᠯᠢ ᠳᠠᠬᠢ ᠬᠡᠦᠬᠡᠳ ᠤᠨ ᠬᠡᠪ ᠤᠨ ᠪᠤᠶᠢᠵᠢᠯᠳᠠ ᠨᠢ ᠵᠦᠪᠬᠡᠨ ᠤᠭᠤᠷᠠᠭ ᠢ ᠳᠦᠰᠢᠭᠯᠡᠳᠡᠭ ᠳᠡᠳᠦᠢ ᠪᠢᠰᠢ᠂ ᠪᠠᠰᠠ ᠵᠤᠬᠢᠬᠤ ᠬᠡᠮᠵᠢᠶᠡᠨ ᠤ ᠨᠡᠭᠦᠷᠡᠰᠦ ᠤᠰᠤᠨ ᠤ ᠨᠢᠭᠡᠳᠪᠦᠷᠢ᠂ ᠦᠭᠡᠭᠦᠨ ᠬᠦᠴᠢᠯ᠂ ᠸᠢᠲ᠋ᠠᠮᠢᠨ ᠪᠠ ᠪᠢᠴᠢᠯ ᠡᠯᠧᠮᠧᠨ᠋ᠲ ᠭᠡᠷᠡᠭᠰᠡᠳᠡᠭ᠃ ᠤᠭᠤᠷᠠᠭ ᠤᠨ ᠳᠠᠯᠬ᠎ᠠ ᠶᠢ ᠭᠡᠳᠦᠷᠡᠳᠡᠯ᠎ᠠ ᠢᠳᠡᠪᠡᠯ ᠵᠢᠷᠮᠦᠰᠦᠨ ᠪᠦᠰᠡᠭᠦᠢ ᠶᠢᠨ ᠳᠤᠳᠤᠷ ᠴᠤᠯᠤ ᠶᠢᠨ ᠳᠠᠷᠤᠭᠠᠰᠤ ᠶᠢ ᠬᠦᠨᠳᠦᠷᠡᠭᠦᠯᠦᠨ᠎ᠠ᠃       ᠠᠳᠡᠭᠦᠷᠡᠯ 4᠄ ᠤᠭᠤᠷᠠᠭ ᠤᠨ ᠳᠠᠯᠬ᠎ᠠ ᠢᠳᠡᠵᠦ ᠮᠠᠷᠢᠶ᠎ᠠ ᠰᠢᠭᠤᠷᠠᠭᠤᠯᠵᠤ ᠪᠤᠯᠤᠨ᠎ᠠ       ᠦᠨᠡᠨ ᠪᠠᠶᠢᠳᠠᠯ ᠨᠢ᠄ ᠵᠦᠪᠬᠡᠨ ᠤᠭᠤᠷᠠᠭ ᠤᠨ ᠳᠠᠯᠬ᠎ᠠ ᠮᠡᠳᠦ ᠶᠢᠨ ᠤᠭᠤᠷᠠᠭᠳᠤ ᠢᠳᠡᠭᠡᠨ ᠢᠳᠡᠭᠡᠳ ᠦᠭᠡᠬᠦ ᠪᠠ ᠰᠢᠬᠢᠷ ᠤᠨ ᠵᠦᠢᠯ ᠢ ᠢᠳᠡᠬᠦ ᠦᠭᠡᠢ ᠪᠤᠯ ᠤᠭᠤᠷᠠᠭ ᠭᠡᠳᠦᠷᠡᠵᠦ᠂ ᠪᠡᠶ᠎ᠡ ᠳᠤ ᠭᠡᠷᠡᠭᠴᠡᠭᠡ ᠪᠦᠬᠦᠢ ᠦᠭᠡᠭᠦᠨ ᠬᠦᠴᠢᠯ᠂ ᠸᠢᠲ᠋ᠠᠮᠢᠨ᠂ ᠢᠳᠡᠭᠡᠨ ᠤ ᠰᠢᠷᠭᠡᠭᠯᠢᠭ ᠳᠤᠳᠠᠬᠳᠠᠭᠠᠳ ᠴᠢᠰᠦ ᠳᠤᠳᠠᠬᠤ ᠡᠪᠡᠳᠴᠢᠨ ᠪᠠ ᠰᠢᠮ᠎ᠡ ᠳᠡᠵᠢᠭᠡᠯ ᠳᠤᠳᠠᠭᠳᠠᠬᠤ ᠪᠠᠶᠢᠳᠠᠯ ᠭᠠᠷᠤᠨ᠎ᠠ᠃                                                      ᠨᠠᠶᠢᠷᠠᠭᠤᠯᠤᠭᠴᠢ᠄ ᠰᠠᠴᠣᠷᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3