ᠤᠭᠤᠷᠠᠭ ᠨᠦᠬᠦᠬᠦ ᠳᠤ ᠬᠦᠮᠦᠨ ᠪᠤᠯᠭᠠᠨ ᠦᠪᠡᠷ ᠤᠨ ᠭᠡᠰᠡᠨ ᠠᠷᠭ᠎ᠠ ᠲᠠᠢ ᠪᠠᠶᠢᠬᠤ ᠶᠤᠰᠤᠳᠠᠢ᠂ ᠭᠡᠬᠦ ᠳᠡᠭᠡᠨ | ᠳᠡᠷᠡ ᠨᠢ ᠠᠮᠢᠳᠤᠷᠠᠯ ᠤᠨ ᠳᠠᠳᠬᠠᠯ ᠤᠨ ᠳᠠᠭᠠᠤ ᠳᠤ ᠠᠶᠠᠨᠳᠠᠭᠠᠨ ᠪᠦᠷᠢᠯᠳᠦᠳᠡᠭ ᠪᠠ ᠬᠦᠮᠦᠨ ᠤ ᠪᠡᠶ᠎ᠡ ᠶᠢᠨ ᠪᠡᠶᠡᠴᠢ | ᠴᠢᠳᠠᠮᠠᠭᠠᠢ ᠴᠢᠨᠠᠷ ᠲᠤ ᠳᠦᠰᠢᠭᠯᠡᠨ ᠵᠤᠬᠢᠴᠠᠭᠤᠯᠬᠤ ᠳᠠᠯ᠎ᠠ ᠴᠤ ᠪᠠᠶᠢᠳᠠᠭ ᠭᠡᠯᠳᠡᠢ᠃ ᠬᠠᠷᠢᠨ ᠤᠨᠴᠠᠭᠠᠢ ᠵᠠᠷᠢᠮ | ᠬᠦᠮᠦᠰ ᠤᠭᠤᠷᠠᠭ ᠨᠦᠬᠦᠬᠦ ᠶᠢ ᠠᠩᠬᠠᠷᠬᠤ ᠭᠡᠷᠡᠭᠳᠡᠢ᠂ ︽ᠬᠡᠮᠵᠢᠶ᠎ᠠ︾ ᠶᠢ ᠨᠢ ᠪᠠᠷᠢᠵᠤ ᠴᠢᠳᠠᠬᠤ ᠭᠡᠷᠡᠭᠳᠡᠢ ᠪᠠᠶᠢᠳᠠᠭ | ᠃ | ᠪᠦᠭᠡᠷ᠎ᠡ ᠮᠠᠭᠤ ᠬᠦᠮᠦᠨ | ᠤᠭᠤᠷᠠᠭ ᠰᠢᠩᠭᠡᠭᠡᠨ ᠠᠪᠬᠤ ᠶᠢ ᠬᠢᠵᠠᠭᠠᠷᠯᠠᠨ᠎ᠠ | ᠦᠨᠳᠦᠷ ᠤᠭᠤᠷᠠᠭᠳᠤ ᠢᠳᠡᠭᠡᠨ ᠨᠢ ᠪᠦᠭᠡᠷ᠎ᠡ ᠶᠢᠨ ᠳᠠᠮᠢᠷ ᠢ ᠤᠯᠠᠮ ᠳᠤᠷᠦ᠋ᠢᠳᠠᠭᠤᠯᠤᠨᠠ᠂ ᠤᠭᠤᠷᠠᠭ ᠳᠤᠳᠠᠪᠠᠯ | ᠰᠢᠮ᠎ᠡ ᠳᠡᠵᠢᠭᠡᠯ ᠳᠤᠳᠠᠭᠳᠠᠵᠤ ᠪᠡᠶ᠎ᠡ ᠤᠯᠠᠮ ᠮᠠᠭᠤᠳᠠᠨ᠎ᠠ᠃ | ᠪᠦᠭᠡᠷ᠎ᠡ ᠶᠢᠨ ᠴᠢᠳᠠᠪᠬᠢ ᠨᠢ ᠬᠡᠪ ᠤᠨ ᠪᠦᠭᠡᠷ᠎ᠡ ᠶᠢᠨ ᠡᠪᠡᠳᠴᠢᠨ ᠲᠠᠢ ᠬᠦᠮᠦᠨ ᠡᠩ ᠤᠨ ᠤᠭᠤᠷᠠᠭ ᠲᠠᠢ | ᠢᠳᠡᠭᠡᠨ ︵ᠺᠢᠯᠦᠭᠷᠡᠮ ᠪᠦᠷᠢ ᠶᠢᠨ ᠪᠡᠶ᠎ᠡ ᠶᠢᠨ ᠬᠦᠨᠳᠦ ᠳᠤ 1 ᠭᠷᠡᠮ︶ ᠢᠶᠠᠷ ᠬᠤᠭᠤᠯᠠᠯᠠᠪᠠᠯ ᠵᠤᠬᠢᠨ᠎ᠠ᠂ ᠠᠮᠢᠳᠠᠨ ᠤ | ᠤᠭᠤᠷᠠᠭ 50% ᠠᠴᠠ ᠢᠯᠡᠭᠦᠦ ᠬᠤᠪᠢ ᠶᠢ ᠡᠵᠡᠯᠡᠵᠦ᠂ ᠤᠷᠭᠤᠮᠠᠯ ᠤᠨ ᠤᠭᠤᠷᠠᠭ ︵ᠪᠤᠷᠴᠠᠭ ᠤᠨ ᠵᠦᠢᠯ ᠵᠡᠷᠭᠡ︶ | ᠢ ᠵᠤᠬᠢᠬᠤ ᠬᠡᠮᠵᠢᠶ᠎ᠠ ᠪᠠᠷ ᠢᠳᠡᠨ᠎ᠠ᠃ ᠪᠦᠭᠡᠷ᠎ᠡ ᠶᠢᠨ ᠴᠢᠳᠠᠪᠬᠢ ᠨᠢ ᠪᠦᠷᠢᠨ ᠪᠤᠰᠤ ᠡᠪᠡᠳᠴᠢᠳᠠᠨ ᠡᠳᠦᠷ ᠪᠤᠯᠭᠠᠨ ᠤ | ᠤᠭᠤᠷᠠᠭ ᠤᠨ ᠬᠡᠮᠵᠢᠶ᠎ᠠ ᠪᠠᠨ 1 ᠺᠢᠯᠦᠭᠷᠡᠮ ᠪᠡᠶ᠎ᠡ ᠶᠢᠨ ᠬᠦᠨᠳᠦ ᠳᠤ 0. 6 — 0.8 ᠭᠷᠡᠮ ᠤᠨ ᠬᠡᠮᠵᠢᠶᠡᠨ ᠳᠤ | ᠬᠢᠵᠠᠭᠠᠷᠯᠠᠵᠤ᠂ ᠠᠮᠢᠳᠠᠨ ᠤ ᠤᠭᠤᠷᠠᠭ ᠢᠶᠠᠷ ᠭᠤᠤᠯ ᠪᠤᠯᠭᠠᠨ᠂ ᠤᠷᠭᠤᠮᠠᠯ ᠤᠨ ᠤᠭᠤᠷᠠᠭ ᠢ ᠬᠤᠷᠢᠨ᠎ᠠ᠃ ᠰᠢᠮ᠎ᠡ | ᠳᠡᠵᠢᠭᠡᠯ ᠤᠨ ᠵᠢᠭᠠᠯᠳᠠ ᠳᠤᠭ᠎ᠠ ︵ᠴᠢᠰᠦᠨ ᠤ ᠴᠠᠶᠢᠪᠠᠩ ᠤᠨ ᠤᠭᠤᠷᠠᠭ ᠮᠡᠳᠦ︶ ᠶᠢᠨ ᠪᠠᠶᠢᠴᠠᠭᠠᠯᠳᠠ ᠶᠢ ᠠᠩᠬᠠᠷᠴᠤ | ᠪᠠᠶᠢᠬᠤ ᠭᠡᠷᠡᠭᠳᠡᠢ᠃ | ᠰᠢᠬᠢᠷ ᠰᠢᠵᠢᠩ ᠡᠪᠡᠳᠴᠢᠳᠠᠨ | ᠵᠤᠬᠢᠬᠤ ᠬᠡᠮᠵᠢᠶ᠎ᠡ ᠪᠠᠷ ᠤᠭᠤᠷᠠᠭ ᠨᠦᠬᠦᠨ᠎ᠠ | ᠰᠢᠬᠢᠷ ᠰᠢᠵᠢᠩ ᠡᠪᠡᠳᠴᠢᠨ ᠳᠤ ᠠᠪᠴᠤ ᠬᠡᠯᠡᠪᠡᠯ ᠤᠭᠤᠷᠠᠭ ᠡᠯᠪᠡᠭ ᠢᠳᠡᠭᠡᠨ ᠢᠯᠡᠭᠦᠦ ᠢᠳᠡᠪᠡᠯ ᠵᠤᠬᠢᠨ᠎ᠠ᠂ | ᠭᠡᠪᠡᠴᠦ ᠪᠠᠰᠠ ᠬᠡᠮᠵᠢᠶ᠎ᠠ ᠪᠠᠨ ᠪᠠᠷᠢᠬᠤ ᠪᠠᠶᠢᠬᠤ ᠭᠡᠷᠡᠭᠳᠡᠢ᠃ | ᠰᠢᠬᠢᠷ ᠰᠢᠵᠢᠩ ᠡᠪᠡᠳᠴᠢᠨ ᠤ ᠢᠳᠡᠭᠡᠨ ᠤᠮᠳᠠᠭᠠᠨ ᠤ ᠪᠠᠷᠢᠮᠵᠢᠶ᠎ᠠ ᠳᠤ᠂ ᠤᠭᠤᠷᠠᠭ ᠤᠨ ᠬᠡᠮᠵᠢᠶ᠎ᠠ ᠨᠢ | ᠶᠡᠷᠦᠩᠬᠡᠢ ᠶᠢᠨ ᠢᠯᠴᠢ ᠶᠢᠨ ᠬᠡᠮᠵᠢᠶᠡᠨ ᠤ 12% — 20% ᠶᠢ ᠡᠵᠡᠯᠡᠵᠦ᠂ ᠡᠭᠦᠨ ᠤ 2/3 ᠨᠢ ᠪᠤᠷᠴᠠᠭ ᠤᠨ | ᠵᠦᠢᠯ᠂ ᠪᠤᠷᠴᠠᠭ ᠤᠨ ᠪᠦᠲᠦᠭᠡᠭᠳᠡᠭᠦᠨ ᠪᠠ ᠪᠦᠳᠦᠭᠦᠯᠢᠭ ᠠᠮᠤ ᠠᠴᠠ ᠢᠷᠡᠬᠦ ᠭᠡᠷᠡᠭᠳᠡᠢ᠂ ᠪᠤᠰᠤᠳ 1/3 ᠨᠢ ᠰᠠᠶᠢᠨ | ᠴᠢᠨᠠᠷ ᠤᠨ ᠤᠭᠤᠷᠠᠭ ᠪᠠᠶᠢᠬᠤ ᠶᠤᠰᠤᠳᠠᠢ᠂ ᠨᠠᠰᠤᠨ ᠳᠤ ᠬᠦᠷᠦᠭᠰᠡᠨ ᠡᠪᠡᠳᠴᠢᠳᠠᠨ ᠡᠳᠦᠷ ᠪᠤᠯᠭᠠᠨ ᠺᠢᠯᠦᠭᠷᠡᠮ | ᠪᠡᠶ᠎ᠡ ᠶᠢᠨ ᠬᠦᠨᠳᠦ ᠳᠤᠰᠤᠮ ᠳᠤ 0.8 — 1.2 ᠭᠷᠡᠮ ᠤᠨ ᠪᠠᠷᠢᠮᠵᠢᠶ᠎ᠠ ᠪᠠᠷ ᠢᠳᠡᠪᠡᠯ ᠵᠤᠬᠢᠨ᠎ᠠ ᠭᠡᠰᠡᠨ ᠪᠠᠶᠢᠨ᠎ᠠ᠃ | ᠪᠡᠶ᠎ᠡ ᠶᠢᠨ ᠬᠦᠨᠳᠦ ᠨᠢ 60 ᠺᠢᠯᠦᠭᠷᠡᠮ ᠤᠨ ᠨᠠᠰᠤᠨ ᠳᠤ ᠬᠦᠷᠦᠭᠰᠡᠨ ᠰᠢᠬᠢᠷ ᠰᠢᠵᠢᠩ ᠡᠪᠡᠳᠴᠢᠳᠠᠨ ᠡᠳᠦᠷ ᠲᠤ | 60 ᠭᠷᠡᠮ ᠤᠷᠴᠢᠮ ᠤᠨ ᠵᠢᠭᠠᠰᠤ᠂ ᠬᠠᠷ᠎ᠠ ᠮᠢᠬ᠎ᠠ ᠪᠤᠶᠤ ᠦᠨᠳᠡᠭᠡ ᠵᠡᠷᠭᠡ ᠶᠢᠨ ᠢᠳᠡᠭᠡᠨ ᠢᠳᠡᠵᠦ ᠪᠤᠯᠤᠨ᠎ᠠ ᠭᠡᠰᠡᠨ | ᠦᠭᠡ᠃ | ᠳᠤᠷᠠᠩᠬᠠᠢ ᠨᠠᠰᠤᠳᠠᠶᠢᠴᠤᠳ | ᠤᠭᠤᠷᠠᠭ ᠢᠯᠡᠭᠦᠦ ᠨᠦᠬᠦᠬᠦ ᠭᠡᠷᠡᠭᠳᠡᠢ | ᠨᠠᠰᠤᠳᠠᠶᠢᠴᠤᠳ ᠤᠨ ᠤᠭᠤᠷᠠᠭ ᠤᠨ ᠱᠠᠭᠠᠷᠳᠠᠯᠭ᠎ᠠ ᠨᠢ ᠵᠠᠯᠠᠭᠤᠴᠤᠳ ᠠᠴᠠ ᠢᠯᠡᠭᠦᠦ ᠪᠠᠶᠢᠳᠠᠭ᠂ | ᠪᠦᠭᠡᠷ᠎ᠡ ᠶᠢᠨ ᠴᠢᠳᠠᠪᠬᠢ ᠨᠢ ᠳᠠᠭᠠᠭᠠᠵᠤ ᠳᠡᠶᠢᠯᠳᠡᠭ ᠯᠡ ᠶᠤᠮ ᠪᠤᠯ᠂ ᠨᠠᠰᠤᠳᠠᠶᠢᠴᠤᠳ ᠡᠳᠦᠷ ᠪᠤᠯᠭᠠᠨ ᠺᠢᠯᠦᠭᠷᠡᠮ | ᠪᠡᠶ᠎ᠡ ᠶᠢᠨ ᠬᠦᠨᠳᠦ ᠳᠤᠰᠤᠮ ᠳᠤ 1.2 — 1.3 ᠭᠷᠡᠮ ᠤᠨ ᠬᠡᠮᠵᠢᠶ᠎ᠠ ᠪᠠᠷ ᠤᠭᠤᠷᠠᠭ ᠨᠦᠬᠦᠬᠦ ᠶᠢ ᠰᠠᠨᠠᠭᠤᠯᠵᠤ | ᠪᠠᠶᠢᠨ᠎ᠠ᠃ ᠡᠷᠡᠨ ᠪᠤᠯᠭᠠᠨ ᠤ ᠬᠤᠭᠤᠯᠠᠨ ᠳᠠᠭᠠᠨ 25 — 30 ᠭᠷᠡᠮ ᠤᠭᠤᠷᠠᠭ ᠰᠢᠩᠭᠡᠭᠡᠨ ᠠᠪᠤᠪᠠᠯ᠂ | ᠪᠤᠯᠴᠢᠩ ᠤᠨ ᠤᠭᠤᠷᠠᠭ ᠤᠨ ᠨᠡᠶᠢᠯᠡᠭᠵᠢᠯ ᠢ ᠬᠠᠮᠤᠭ ᠤᠨ ᠶᠡᠭᠡ ᠬᠡᠮᠵᠢᠶ᠎ᠠ ᠪᠠᠷ ᠳᠡᠭᠡᠭᠰᠢᠯᠡᠭᠦᠯᠵᠦ ᠪᠤᠯᠤᠨ᠎ᠠ᠃ | ᠠᠮᠢᠳᠠᠨ ᠤ ᠭᠠᠷᠤᠯᠳᠠᠢ ᠢᠳᠡᠭᠡᠨ ᠤ ᠤᠭᠤᠷᠠᠭ ᠨᠢ ᠤᠭᠤᠷᠠᠭ ᠤᠨ ᠶᠡᠷᠦᠩᠬᠡᠢ ᠬᠡᠮᠵᠢᠶᠡᠨ ᠤ 30% — | 50% ᠶᠢ ᠡᠵᠡᠯᠡᠪᠡᠯ ᠵᠤᠬᠢᠨ᠎ᠠ᠃ ᠰᠦ᠂ ᠦᠨᠳᠡᠭᠡ᠂ ᠬᠠᠷ᠎ᠠ ᠮᠢᠬ᠎ᠠ᠂ ᠵᠢᠭᠦᠷᠳᠡᠨ ᠤ ᠮᠢᠬ᠎ᠠ᠂ ᠵᠢᠭᠠᠰᠤ ᠰᠠᠮ ᠪᠠ | ᠰᠢᠷ᠎ᠡ ᠪᠤᠷᠴᠠᠭ ᠤᠨ ᠢᠳᠡᠭᠡᠨ ᠢᠯᠡᠭᠦᠦ ᠢᠳᠡᠪᠡᠯ ᠵᠤᠬᠢᠨ᠎ᠠ᠃ | ᠨᠠᠶᠢᠷᠠᠭᠤᠯᠤᠭᠴᠢ᠄ ᠰᠠᠴᠣᠷᠠ |