| ᠲᠤᠳᠤᠭᠠᠲᠦ ᠶᠢ ᠬᠠᠮᠠᠭᠠᠯᠠᠬᠤ ᠶᠠᠮᠤᠨ ᠤᠢᠢᠷ᠎ᠠ ᠳᠤ ᠦᠭᠡᠷᠡᠴᠢᠯᠡᠯᠲᠡ ᠶᠢ ᠴᠢᠨᠠᠬᠰᠢᠲᠠ ᠬᠦᠨᠵᠡᠭᠡᠶᠢᠷᠡᠭᠦᠯᠦᠨ᠂ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠲᠦᠭᠦᠮ ᠲᠦᠲᠡ ᠪᠤᠯᠭᠠᠬᠤ ᠠᠵᠢᠯ ᠳᠠᠭᠠᠨ | ᠲᠤᠬᠢᠷᠠᠭᠤᠯᠤᠯᠲᠠ ᠬᠢᠵᠦ᠂ ᠲᠦᠭᠦᠮ ᠲᠦᠲᠡ᠂ ᠰᠦᠯᠵᠢᠶᠡᠨ ᠲᠡᠭᠡᠷ᠎ᠡ ᠬᠦᠢᠴᠡᠳᠬᠡᠬᠦ᠂ ᠤᠢᠢᠷ᠎ᠠ ᠬᠠᠪᠢ ᠳᠤ | ᠬᠦᠢᠴᠡᠳᠬᠡᠬᠦ ᠵᠡᠷᠭᠡ 20 ᠲᠦᠷᠦᠯ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢᠨ ᠰᠢᠨ᠎ᠡ ᠠᠷᠭ᠎ᠠ ᠠᠪᠴᠠᠯ ᠢ ᠢᠯᠡ ᠪᠠᠷ ᠨᠡᠶᠢᠲᠡᠯᠡᠵᠦ᠂ 9 ᠰᠠᠷ᠎ᠠ ᠶᠢᠨ 1 ᠤ | ᠡᠲᠦᠷ ᠠᠴᠠ ᠪᠦᠬᠦ ᠲᠠᠯ᠎ᠠ ᠪᠠᠷ ᠬᠡᠷᠡᠭᠵᠢᠭᠦᠯᠦᠨ᠎ᠡ ᠬᠡᠵᠡᠢ᠃ | 1. ᠭᠤᠶᠤᠴᠢᠯᠠᠬᠤ | ᠮᠠᠲ᠋ᠧᠷᠢᠶᠠᠯ ᠢ ᠪᠠᠭᠠᠰᠬᠠᠨ᠎ᠠ ᠵᠠᠮ ᠬᠠᠷᠢᠯᠴᠠᠭᠠᠨ ᠤ ᠶᠠᠪᠤᠲᠠᠯ ᠢ ᠰᠢᠢᠳᠪᠦᠷᠢᠯᠡᠬᠦ ᠳᠤ᠂ ᠭᠤᠶᠤᠴᠢᠯᠠᠬᠴᠢ | ᠪᠡᠶ᠎ᠡ ᠶᠢᠨ ᠦᠨᠡᠮᠯᠡᠯ ᠢᠶᠠᠨ ᠲᠠᠷᠤᠮᠠᠯᠯᠠᠬᠤ ᠴᠢᠬᠤᠯᠠ ᠦᠭᠡᠢ᠂ ᠭᠤᠶᠤᠴᠢᠯᠠᠯ ᠤᠨ ᠴᠠᠭᠠᠰᠤᠨ ᠬᠦᠰᠦᠨᠦᠭ ᠢ ᠲᠠᠬᠯᠠᠬᠤ | ᠴᠢᠬᠤᠯᠠ ᠦᠭᠡᠢ᠂ ᠮᠠᠰᠢᠨ ᠲᠡᠷᠭᠡᠨ ᠤ ᠢᠯᠭᠠᠬᠤ ᠨᠤᠮᠧᠷ ᠢ ᠰᠦᠢᠳᠬᠡᠯ ᠬᠤᠷᠢᠶᠠᠬᠤ ᠦᠭᠡᠢ ᠪᠠᠷ ᠲᠠᠷᠤᠮᠠᠯᠯᠠᠵᠦ | ᠪᠤᠯᠬᠤ ᠮᠦᠷᠲᠡᠭᠡᠨ ᠮᠠᠰᠢᠨ ᠲᠡᠷᠭᠡ ᠬᠤᠲᠠᠯᠲᠤᠨ ᠠᠪᠬᠤ ᠭᠠᠶᠢᠯᠢ᠂ ᠠᠯᠪᠠᠲᠠᠯᠭ᠎ᠠ ᠶᠢᠨ ᠲᠠᠭᠠᠳᠬᠠᠯ ᠲᠤᠰᠢᠶᠠᠬᠤ᠂ | ᠪᠡᠶ᠎ᠡ ᠪᠠᠶᠢᠴᠠᠭᠠᠬᠤ ᠬᠡᠷᠡᠴᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠡᠷᠡᠴᠢ ᠦᠨᠡᠮᠯᠡᠯ ᠤᠳ ᠢ | ᠰᠦᠯᠵᠢᠶᠡᠨ ᠳᠤ ᠬᠤᠯᠪᠤᠬᠰᠠᠨ ᠤ ᠲᠠᠷᠠᠭ᠎ᠠ ᠬᠤᠶᠢᠰᠢᠲᠠ ᠲᠤᠰᠢᠶᠠᠬᠤ ᠴᠢᠬᠤᠯᠠ ᠦᠭᠡᠢ ᠪᠤᠯᠭᠠᠨ᠎ᠠ᠃ | 2. 18 ᠲᠦᠷᠦᠯ ᠤᠨ ᠠᠵᠢᠯ ᠢ ᠨᠢᠭᠡ ᠯᠡ ᠦᠨᠡᠮᠯᠡᠯ ᠢᠶᠠᠷ ᠬᠦᠢᠴᠡᠳᠬᠡᠨ᠎ᠡ | ᠵᠢᠯᠤᠭᠤᠴᠢ ᠶᠢᠨ ᠦᠨᠡᠮᠯᠡᠯ ᠢ ᠨᠦᠬᠦᠨ ᠠᠪᠬᠤ ᠰᠤᠯᠢᠬᠤ᠂ ᠬᠢᠨᠠᠨ ᠰᠢᠯᠭᠠᠬᠤ ᠵᠡᠷᠭᠡ ᠮᠠᠰᠢᠨ ᠲᠡᠷᠭᠡᠨ ᠤ | ᠬᠠᠮᠢᠶᠠᠷᠤᠯᠲᠠ ᠶᠢᠨ 18 ᠲᠦᠷᠦᠯ ᠤᠨ ᠠᠵᠢᠯ ᠢ ᠬᠦᠢᠴᠡᠳᠬᠡᠬᠦ ᠳᠤ ᠭᠤᠶᠤᠴᠢᠯᠠᠬᠴᠢ ᠠᠴᠠ ᠪᠡᠶ᠎ᠡ ᠶᠢᠨ | ᠦᠨᠡᠮᠯᠡᠯ ᠢᠶᠠᠷ ᠢᠶᠠᠨ ᠲᠠᠷᠤᠢ ᠬᠦᠢᠴᠡᠳᠬᠡᠴᠢᠭᠡᠨᠡ᠃ | 3. ᠡᠩ ᠤᠨ ᠠᠵᠢᠯ ᠢ ᠨᠢᠭᠡ ᠴᠤᠩᠬᠤᠪᠴᠢ ᠳᠤ ᠬᠦᠢᠴᠡᠳᠬᠡᠨ᠎ᠡ | ᠮᠠᠰᠢᠨ ᠲᠡᠷᠭᠡ ᠶᠢᠨ ᠬᠠᠮᠢᠶᠠᠷᠤᠯᠲᠠ ᠶᠢᠨ ᠠᠵᠢᠯ ᠤᠨ ᠠᠯᠬᠤᠮ ᠲᠠᠷᠠᠭᠠᠯᠠᠯ ᠢ ᠨᠡᠶᠢᠳᠬᠡᠨ ᠰᠢᠯᠢᠲᠡᠭᠵᠢᠭᠦᠯᠵᠦ᠂ | ᠰᠦᠯᠵᠢᠶᠡᠨ ᠲᠡᠭᠡᠷᠡᠬᠢ ᠪᠠᠩᠬᠢ᠂ ᠵᠢᠷᠬᠢᠶ ᠠ᠂ ᡁᠢ ᠹᠦ᠋ ᠪᠤᠤ ᠵᠡᠷᠭᠡ ᠪᠠᠷ ᠰᠦᠯᠵᠢᠶᠡᠨ ᠲᠡᠭᠡᠷ᠎ᠡ ᠰᠦᠢᠳᠬᠡᠯ | ᠲᠤᠰᠢᠶᠠᠵᠤ ᠲᠤᠭᠠᠴᠠᠭ᠎ᠠ ᠬᠢᠬᠦ ᠶᠢ ᠬᠡᠷᠡᠭᠵᠢᠭᠦᠯᠵᠦ᠂ ᠠᠵᠢᠯ ᠢ ᠬᠦᠯᠢᠶᠡᠨ ᠠᠪᠬᠤ᠂ ᠮᠠᠲ᠋ᠧᠷᠢᠶᠠᠯ ᠢ ᠬᠢᠨᠠᠨ | ᠲᠤᠬᠲᠠᠭᠠᠬᠤ᠂ ᠰᠦᠢᠳᠬᠡᠯ ᠲᠤᠰᠢᠶᠠᠬᠤ᠂ ᠫᠠᠶᠢᠰᠠ ᠦᠨᠡᠮᠯᠡᠯ ᠲᠠᠷᠬᠠᠭᠠᠬᠤ ᠵᠡᠷᠭᠡ ᠠᠵᠢᠯ ᠢ ︽ᠨᠢᠭᠡ ᠤᠳᠠᠭ᠎ᠠ | ᠮᠦᠷᠯᠡᠵᠦ᠂ ᠨᠢᠭᠡ ᠤᠳᠠᠭ᠎ᠠ ᠳᠤ ᠬᠦᠢᠴᠡᠳᠬᠡᠬᠦ︾ ᠶᠢ ᠪᠡᠶᠡᠯᠡᠭᠦᠯᠦᠨ᠎ᠡ᠃ | 4. ᠦᠪᠡᠰᠦᠪᠡᠨ ᠦᠢᠯᠡᠴᠢᠯᠡᠬᠦ ᠦᠪᠡᠷᠮᠢᠴᠡ ᠦᠢᠯᠡᠴᠢᠯᠡᠭᠡ ᠶᠢ ᠬᠡᠷᠡᠭᠵᠢᠭᠦᠯᠦᠨ᠎ᠡ | ᠦᠪᠡᠰᠦᠪᠡᠨ ᠦᠢᠯᠡᠴᠢᠯᠡᠬᠦ ᠳᠠᠪᠴᠠᠩ ᠢ ᠲᠡᠯᠭᠡᠷᠡᠭᠦᠯᠦᠨ ᠬᠡᠷᠡᠭᠯᠡᠵᠦ᠂ ᠵᠢᠯᠤᠭᠤᠴᠢ ᠶᠢᠨ ᠦᠨᠡᠮᠯᠡᠯ ᠢᠶᠠᠨ | ᠨᠦᠬᠦᠨ ᠠᠪᠬᠤ ᠰᠤᠯᠢᠬᠤ᠂ ᠮᠠᠰᠢᠨ ᠲᠡᠷᠭᠡ ᠶᠢᠨ ᠨᠤᠮᠧᠷ ᠰᠤᠩᠭᠤᠬᠤ᠂ ᠮᠡᠲᠡᠭᠡ ᠵᠠᠩᠬᠢ ᠪᠠᠨ ᠬᠤᠪᠢᠷᠠᠭᠠᠬᠤ᠂ ᠵᠠᠮ | ᠬᠠᠷᠢᠯᠴᠠᠭᠠᠨ ᠤ ᠬᠠᠤᠯᠢ ᠶᠢ ᠵᠦᠷᠢᠴᠡᠨ ᠰᠢᠢᠳᠪᠦᠷᠢᠯᠡᠬᠦ ᠵᠡᠷᠭᠡ ᠠᠵᠢᠯ ᠢ ᠤᠯᠠᠨ ᠲᠦᠮᠡᠨ ᠦᠪᠡᠰᠦᠪᠡᠨ | ᠰᠢᠢᠳᠪᠦᠷᠢᠯᠡᠵᠦ ᠪᠤᠯᠤᠨ᠎ᠠ᠃ | 5. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠰᠦᠯᠵᠢᠶᠡᠨ ᠲᠡᠭᠡᠷ᠎ᠡ ᠬᠦᠢᠴᠡᠳᠬᠡᠨ᠎ᠡ | ᠢᠨᠲ᠋ᠧᠷ ᠰᠦᠯᠵᠢᠶ᠎ᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠠᠪᠴᠠᠩ ᠢ ᠲᠡᠭᠦᠯᠲᠡᠷᠵᠢᠭᠦᠯᠵᠦ᠂ ᠰᠦᠯᠵᠢᠶᠡᠨ ᠲᠡᠭᠡᠷ᠎ᠡ ᠦᠨᠡᠮᠯᠡᠯ ᠢ ᠨᠦᠬᠦᠨ ᠠᠪᠬᠤ ᠰᠤᠯᠢᠬᠤ᠂ | ᠨᠤᠮᠧᠷ ᠢ ᠪᠤᠯᠵᠤᠨ ᠰᠤᠩᠭᠤᠬᠤ᠂ ᠠᠲᠡᠯ ᠢ ᠰᠢᠢᠳᠪᠦᠷᠢᠯᠡᠬᠦ ᠵᠡᠷᠭᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠦᠢᠯᠡᠴᠢᠯᠡᠭᠡ ᠬᠠᠩᠭᠠᠨ᠎ᠠ᠃ | 6. ᠵᠠᠰᠠᠭ ᠤᠨ ᠶᠠᠪᠤᠲᠠᠯ ᠤᠨ ᠮᠡᠲᠡᠭᠡ ᠵᠠᠩᠬᠢ ᠶᠢᠨ ᠰᠦᠯᠵᠢᠶ᠎ᠡ ᠲᠠᠢ ᠨᠡᠪᠲᠡᠷᠡᠨ᠎ᠡ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠤᠯᠤᠨ ᠪᠤᠰᠤᠳ ᠵᠠᠰᠠᠭ ᠤᠨ | ᠶᠠᠪᠤᠲᠠᠯ ᠤᠨ ᠲᠠᠪᠴᠠᠩ ᠢ ᠬᠤᠯᠪᠤᠨ ᠨᠡᠪᠲᠡᠷᠡᠭᠦᠯᠬᠦ ᠶᠢ ᠢᠲᠡᠪᠬᠢᠲᠡᠢ ᠠᠬᠢᠭᠤᠯᠵᠦ᠂ ᠤᠯᠠᠨ ᠲᠦᠮᠡᠨ ᠪᠤᠰᠤᠳ | ᠵᠠᠰᠠᠭ ᠤᠨ ᠶᠠᠪᠤᠲᠠᠯ ᠤᠨ ᠲᠠᠪᠴᠠᠩ ᠲᠡᠭᠡᠷ᠎ᠡ ᠴᠤ ᠬᠡᠰᠡᠨ ᠵᠠᠮ ᠬᠠᠷᠢᠯᠴᠠᠭᠠᠨ ᠤ ᠠᠵᠢᠯ ᠢ ᠬᠦᠢᠴᠡᠳᠬᠡᠵᠦ᠂ ︽ᠨᠢᠭᠡ | ᠴᠢᠭ ᠲᠤ ᠭᠠᠷᠴᠤ᠂ ᠪᠦᠬᠦ ᠰᠦᠯᠵᠢᠶ᠎ᠡ ᠪᠠᠷ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ | 7. ᠠᠮᠤᠷ ᠲᠦᠪᠰᠢᠨ ᠤ ᠰᠤᠷᠭᠠᠨ ᠬᠦᠮᠦᠵᠢᠯ ᠢ ᠰᠦᠯᠵᠢᠶᠡᠨ ᠲᠡᠭᠡᠷ᠎ᠡ ᠰᠤᠷᠤᠯᠴᠠᠨ᠎ᠠ | ᠲᠤᠷᠰᠢᠯᠲᠠ ᠶᠢᠨ ᠴᠢᠭ ᠲᠤ ᠢᠨᠲ᠋ᠧᠷ ᠰᠦᠯᠵᠢᠶ᠎ᠡ ᠪᠠᠷ ᠰᠤᠷᠤᠯᠴᠠᠨ ᠬᠦᠮᠦᠵᠢᠭᠦᠯᠬᠦ ᠲᠠᠪᠴᠠᠩ ᠢ | ᠬᠡᠷᠡᠭᠵᠢᠭᠦᠯᠵᠦ᠂ ᠵᠢᠯᠤᠭᠤᠴᠢ ᠶᠢᠨ ᠬᠢᠨᠠᠨ ᠰᠢᠯᠭᠠᠬᠤ ᠰᠤᠷᠭᠠᠨ ᠬᠦᠮᠦᠵᠢᠯ ᠪᠤᠯᠤᠨ ᠪᠦᠷᠢᠨ ᠬᠤᠪᠢ ᠶᠢᠨ ᠰᠤᠷᠭᠠᠨ | ᠬᠦᠮᠦᠵᠢᠯ ᠢ ᠰᠦᠯᠵᠢᠶᠡᠨ ᠲᠡᠭᠡᠷ᠎ᠡ ᠭᠤᠶᠤᠴᠢᠯᠠᠬᠤ᠂ ᠰᠦᠯᠵᠢᠶᠡᠨ ᠲᠡᠭᠡᠷ᠎ᠡ ᠲᠠᠨᠢᠨ ᠮᠡᠲᠡᠷᠡᠬᠦ᠂ ᠰᠦᠯᠵᠢᠶᠡᠨ ᠲᠡᠭᠡᠷ᠎ᠡ | ᠰᠤᠷᠤᠯᠴᠠᠬᠤ ᠳᠤ ᠲᠦᠭᠦᠮ ᠪᠤᠯᠭᠠᠨ᠎ᠠ᠃ | 8. ᠵᠠᠮ ᠬᠠᠷᠢᠯᠴᠠᠭᠠᠨ ᠤ ᠠᠲᠡᠯ ᠢ ᠰᠦᠯᠵᠢᠶᠡᠨ ᠲᠡᠭᠡᠷ᠎ᠡ ᠰᠢᠢᠳᠪᠦᠷᠢᠯᠡᠨ᠎ᠡ | ᠰᠢᠭᠦᠭᠦ ᠬᠤᠷᠢᠶ᠎ᠠ᠂ ᠲᠠᠭᠠᠳᠬᠠᠯ ᠤᠨ ᠪᠠᠶᠢᠭᠤᠯᠤᠮᠵᠢ ᠲᠠᠢ ᠲᠤᠭ᠎ᠠ ᠪᠠᠷᠢᠮᠲᠠ ᠮᠡᠲᠡᠭᠡ ᠵᠠᠩᠬᠢ ᠶᠢ ᠬᠠᠷᠢᠯᠴᠠᠨ | ᠡᠳ᠋ᠯᠡᠵᠦ᠂ ᠲᠡᠷᠭᠡᠨ ᠠᠲᠡᠯ ᠤᠨ ᠬᠤᠬᠢᠷᠠᠯ ᠢ ᠰᠦᠯᠵᠢᠶᠡᠨ ᠲᠡᠭᠡᠷ᠎ᠡ ᠲᠤᠬᠲᠠᠭᠠᠬᠤ᠂ ᠲᠦᠯᠦᠪᠦᠷᠢ ᠦᠭᠬᠦ ᠶᠢ | ᠪᠡᠶᠡᠯᠡᠭᠦᠯᠬᠦ ᠶᠢ ᠠᠬᠢᠭᠤᠯᠤᠨ᠎ᠠ᠃ | 9. ᠨᠡᠶᠢᠭᠡᠮ ᠤᠨ ᠦᠢᠯᠡᠴᠢᠯᠡᠭᠡᠨ ᠤ ᠰᠦᠯᠵᠢᠶᠡᠨ ᠴᠢᠭ ᠲᠤ ᠤᠷᠤᠯᠠᠨ ᠬᠦᠢᠴᠡᠳᠬᠡᠨ᠎ᠡ | ᠲᠡᠩᠰᠠᠯᠠᠬᠤ ᠶᠢ ᠦᠢᠯᠡᠴᠢᠯᠡᠭᠡᠨ ᠤ ᠰᠦᠯᠵᠢᠶᠡᠨ ᠴᠡᠭ ᠲᠤ ᠤᠷᠤᠯᠠᠨ ᠬᠦᠢᠴᠡᠳᠬᠡᠬᠦ ᠶᠢ ᠬᠡᠷᠡᠭᠵᠢᠭᠦᠯᠵᠦ᠂ | ᠮᠠᠰᠢᠨ ᠲᠡᠷᠭᠡ ᠪᠤᠷᠤᠯᠠᠭᠤᠯᠤᠬᠴᠢ᠂ ᠬᠠᠭᠤᠴᠢᠨ ᠮᠠᠰᠢᠨ ᠲᠡᠷᠭᠡᠨ ᠤ ᠵᠠᠬ᠎ᠠ ᠲᠡᠯᠭᠡᠭᠦᠷ᠂ ᠲᠠᠭᠠᠳᠬᠠᠯ ᠵᠡᠷᠭᠡ | ᠨᠢᠭᠡᠴᠢ ᠠᠴᠠ ᠰᠢᠨ᠎ᠡ ᠮᠠᠰᠢᠨ ᠲᠡᠷᠭᠡ ᠶᠢ ᠲᠠᠩᠰᠠᠯᠠᠬᠤ᠂ ᠬᠠᠭᠤᠴᠢᠨ ᠮᠠᠰᠢᠨ ᠲᠡᠷᠭᠡ ᠶᠢ ᠰᠢᠯᠵᠢᠭᠦᠯᠦᠨ ᠲᠡᠩᠰᠠᠯᠠᠬᠤ | ᠵᠡᠷᠭᠡ ᠮᠠᠰᠢᠨ ᠲᠡᠷᠭᠡ ᠵᠢᠯᠤᠭᠤᠳᠬᠤ ᠬᠠᠮᠢᠶᠠᠷᠤᠯᠲᠠ ᠶᠢᠨ ᠠᠵᠢᠯ ᠢ ᠤᠷᠤᠯᠠᠨ ᠬᠦᠢᠴᠡᠳᠬᠡᠵᠦ᠂ ᠮᠠᠰᠢᠨ ᠲᠡᠷᠭᠡ | ᠬᠤᠳᠠᠯᠳᠤᠨ ᠠᠪᠬᠤ᠂ ᠨᠤᠮᠧᠷ ᠰᠤᠩᠭᠤᠬᠤ᠂ ᠲᠠᠭᠠᠳᠬᠠᠯ ᠳᠤ ᠤᠷᠤᠯᠴᠠᠬᠤ᠂ ᠭᠠᠶᠢᠯᠢ ᠲᠤᠰᠢᠶᠠᠬᠤ ᠵᠡᠷᠭᠡ ︽ᠨᠢᠭᠡ | ᠦᠷᠲᠡᠭᠡᠴᠢᠯᠡᠭᠰᠡᠨ ᠮᠠᠶ᠋ᠢᠬ︾ ᠤᠨ ᠦᠢᠯᠡᠴᠢᠯᠡᠭᠡ ᠬᠠᠩᠭᠠᠨ᠎ᠠ᠃ | 10. ᠰᠢᠤᠲᠠᠨ ᠤ ᠦᠢᠯᠡᠴᠢᠯᠡᠭᠡᠨ ᠤ ᠰᠦᠯᠵᠢᠶᠡᠨ ᠴᠢᠭ ᠲᠤ ᠤᠷᠤᠯᠠᠨ ᠬᠦᠢᠴᠡᠳᠬᠡᠨ᠎ᠡ | ᠴᠠᠬᠲᠠᠭ᠎ᠠ ᠰᠢᠤᠲᠠᠨ ᠬᠠᠮᠳᠤᠷᠠᠯᠴᠠᠬᠰᠠᠨ ᠲᠠᠪᠴᠠᠩ ᠢ ᠪᠠᠶᠢᠭᠤᠯᠵᠦ᠂ ᠰᠢᠤᠲᠠᠨ ᠤ ᠰᠦᠯᠵᠢᠶᠡᠨ ᠴᠡᠭ ᠠᠴᠠ | ᠵᠢᠯᠤᠭᠤᠴᠢ ᠶᠢᠨ ᠦᠨᠡᠮᠯᠡᠯ᠂ ᠠᠶᠠᠯᠠᠬᠤ ᠦᠨᠡᠮᠯᠡᠯ ᠢ ᠨᠦᠬᠦᠨ ᠠᠪᠬᠤ ᠰᠤᠯᠢᠬᠤ᠂ ᠪᠠᠶᠢᠴᠠᠭᠠᠯᠲᠠ ᠠᠴᠠ ᠬᠡᠯᠲᠦᠷᠢᠭᠦᠯᠬᠦ | ᠲᠡᠮᠲᠡᠭ ᠢ ᠭᠤᠶᠤᠴᠢᠯᠠᠨ ᠠᠪᠬᠤ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠢ ᠦᠪᠡᠰᠦᠪᠡᠨ ᠰᠢᠢᠳᠪᠦᠷᠢᠯᠡᠬᠦ | ᠵᠡᠷᠭᠡ ᠠᠵᠢᠯ ᠢ ᠤᠷᠤᠯᠠᠨ ᠬᠦᠢᠴᠡᠳᠬᠡᠵᠦ᠂ ᠤᠢᠢᠷ᠎ᠠ ᠬᠠᠪᠢ ᠪᠠᠷ ᠰᠢᠢᠳᠪᠦᠷᠢᠯᠡᠬᠦ᠂ ᠠᠷᠤ ᠲᠠᠪᠴᠠᠩ ᠳᠤ ᠦᠨᠡᠮᠯᠡᠯ | ᠦᠢᠯᠡᠳᠬᠦ᠂ ᠰᠢᠤᠲᠠᠨ ᠢᠶᠠᠷ ᠭᠤᠪᠢᠭᠤᠯᠤᠨ ᠬᠦᠷᠬᠡᠬᠦ ᠶᠢ ᠪᠡᠶᠡᠯᠡᠭᠦᠯᠦᠨ᠎ᠡ᠃ | 11. ᠬᠦᠲᠡᠭᠡ ᠲᠤᠰᠬᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢ ᠦᠷᠭᠡᠳᠬᠡᠨ᠎ᠡ | ᠰᠢᠶᠠᠨ ᠤ ᠱᠠᠲᠤᠨ ᠳᠤ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠲᠡᠩᠰᠠᠯᠠᠬᠤ ᠪᠠ ᠵᠢᠯᠤᠭᠤᠴᠢ ᠶᠢᠨ | ᠰᠢᠯᠭᠠᠯᠲᠠ ᠵᠡᠷᠭᠡ ᠲᠡᠷᠭᠡ ᠵᠢᠯᠤᠭᠤᠳᠴᠤ ᠬᠠᠮᠢᠶᠠᠷᠬᠤ ᠠᠵᠢᠯ ᠢ ᠲᠤᠷᠤᠬᠰᠢ ᠲᠠᠯᠪᠢᠵᠦ᠂ ᠨᠦᠬᠦᠴᠡᠯ ᠲᠠᠢ ᠭᠠᠵᠠᠷ | ᠤᠷᠤᠨ ᠨᠢ ᠬᠢᠯᠢ ᠪᠠᠷ ᠤᠷᠤᠭᠤᠯᠤᠬᠰᠠᠨ ᠮᠠᠰᠢᠨ ᠲᠡᠷᠭᠡ ᠶᠢ ᠲᠠᠩᠰᠠᠯᠠᠨ ᠲᠡᠮᠲᠡᠭᠯᠡᠬᠦ ᠶᠢ ᠬᠦᠢᠴᠡᠳᠬᠡᠵᠦ ᠪᠤᠯᠤᠨ᠎ᠠ︔ | ᠰᠢᠶᠠᠩ ᠪᠠᠯᠭᠠᠰᠤᠨ ᠤ ᠵᠠᠰᠠᠭ ᠤᠨ ᠶᠠᠪᠤᠲᠠᠯ ᠤᠨ ᠦᠢᠯᠡᠴᠢᠯᠡᠭᠡᠨ ᠤ ᠰᠦᠯᠵᠢᠶᠡᠨ ᠴᠢᠭ ᠲᠤ ᠮᠤᠲ᠋ᠤᠷ ᠲᠡᠷᠬᠡ ᠶᠢ | ᠲᠡᠩᠰᠠᠯᠠᠬᠤ᠂ ᠵᠢᠯᠤᠭᠤᠴᠢ ᠶᠢᠨ ᠦᠨᠡᠮᠯᠡᠯ ᠢ ᠨᠦᠬᠦᠨ ᠠᠪᠬᠤ ᠰᠤᠯᠢᠬᠤ ᠵᠡᠷᠭᠡ ᠠᠵᠢᠯ ᠢ ᠬᠡᠷᠡᠭᠵᠢᠭᠦᠯᠦᠨ᠎ᠡ᠃ | 12. ᠵᠠᠮ ᠬᠠᠷᠢᠯᠴᠠᠭᠠᠨ ᠤ ᠠᠲᠡᠯ ᠢ ᠲᠦᠷᠬᠡᠨ ᠰᠢᠢᠳᠪᠦᠷᠢᠯᠡᠨ ᠲᠦᠷᠬᠡᠨ ᠲᠦᠯᠦᠨ᠎ᠡ | ︽ᠴᠠᠬᠲᠠᠭ᠎ᠠ ᠲᠠᠭᠠᠳᠬᠠᠯ ᠬᠤᠯᠪᠤᠭᠠᠯᠠᠨ ᠬᠦᠲᠡᠯᠦᠯᠴᠡᠬᠦ︾ ᠶᠢ ᠬᠡᠷᠡᠭᠵᠢᠭᠦᠯᠵᠦ᠂ ᠲᠠᠭᠠᠳᠬᠠᠯ ᠤᠨ | ᠺᠤᠮᠫᠠᠨᠢ ᠶᠢᠨ ᠲᠦᠯᠦᠪᠦᠷᠢ ᠶᠢᠨ ᠠᠵᠢᠯᠲᠠᠨ ᠪᠤᠯᠤᠨ ᠵᠠᠮ ᠬᠠᠷᠢᠯᠴᠠᠭᠠᠨ ᠤ ᠴᠠᠬᠲᠠᠭ᠎ᠠ᠂ ᠲᠤᠰᠠᠯᠠᠬᠴᠢ ᠴᠠᠬᠲᠠᠭ᠎ᠠ | ᠬᠠᠮᠳᠤ ᠪᠠᠷ ᠵᠠᠮ ᠳᠤ ᠭᠠᠷᠴᠤ ᠴᠠᠬᠲᠠᠨ ᠪᠠᠶᠢᠴᠠᠭᠠᠵᠦ᠂ ᠡᠳ᠋ ᠬᠦᠷᠦᠩᠭᠡ ᠶᠢᠨ ᠬᠤᠬᠢᠷᠠᠯ ᠤᠨ ᠵᠠᠮ ᠬᠠᠷᠢᠯᠴᠠᠭᠠᠨ ᠤ | ᠠᠲᠡᠯ ᠢ ᠲᠦᠷᠬᠡᠨ ᠰᠢᠢᠳᠪᠦᠷᠢᠯᠡᠨ᠎ᠡ᠃ ᠬᠦᠲᠡᠭᠡ ᠲᠤᠰᠬᠤᠨ ᠳᠤ ᠵᠠᠮ ᠬᠠᠷᠢᠯᠴᠠᠭᠠᠨ ᠤ ᠠᠲᠡᠯ ᠤᠨ ᠬᠠᠮᠵᠢᠨ | ᠲᠤᠰᠠᠯᠠᠬᠴᠢ ᠶᠢᠨ ᠡᠩᠨᠡᠭᠡ ᠶᠢ ᠪᠠᠶᠢᠭᠤᠯᠵᠦ᠂ ᠠᠲᠡᠯ ᠢ ᠲᠦᠷᠬᠡᠭᠡᠨ ᠰᠢᠢᠳᠪᠦᠷᠢᠯᠡᠵᠦ ᠲᠦᠷᠬᠡᠨ ᠲᠦᠯᠦᠬᠦ ᠶᠢ | ᠬᠠᠮᠵᠢᠨ᠎ᠠ᠃ | 13. ᠮᠠᠰᠢᠨ ᠲᠡᠷᠭᠡ ᠶᠢ ᠪᠦᠬᠦ ᠤᠯᠤᠰ ᠲᠤ ︽ᠨᠡᠪᠲᠡᠷᠡᠭᠦᠯᠦᠨ ᠪᠠᠶᠢᠴᠠᠭᠠᠬᠤ︾ ᠶᠢ ᠬᠡᠷᠡᠭᠵᠢᠭᠦᠯᠦᠨ᠋ᠡ | 9 ᠰᠠᠷ᠎ᠠ ᠶᠢᠨ 1 ᠤ ᠡᠲᠦᠷ ᠠᠴᠠ ᠡᠬᠢᠯᠡᠨ᠂ ᠪᠠᠭ᠎ᠠ ᠬᠡᠯᠪᠡᠷᠢ ᠶᠢᠨ ᠮᠠᠰᠢᠨ ᠲᠡᠷᠭᠡ᠂ ᠪᠠᠷᠠᠭᠠᠨ ᠤ ᠲᠡᠷᠭᠡ | ᠪᠤᠯᠤᠨ ᠲᠤᠮᠲᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠶᠢ ᠮᠤᠵᠢ ᠠᠯᠤᠰᠯᠠᠨ ᠤᠨᠳᠤᠤ ᠭᠠᠵᠠᠷ | ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠶᠤᠴᠢᠯᠠᠬᠴᠢ ᠮᠠᠰᠢᠨ ᠲᠡᠷᠭᠡ ᠶᠢ ᠲᠠᠩᠰᠠᠯᠠᠬᠰᠠᠨ | ᠭᠠᠵᠠᠷ ᠠᠴᠠ ᠪᠤᠰᠤᠳ ᠮᠤᠵᠢ ᠳᠤ ᠰᠢᠭᠤᠳ ᠪᠠᠶᠢᠴᠠᠭᠠᠨ ᠰᠢᠯᠭᠠᠭᠤᠯᠵᠦ᠂ ᠪᠠᠶᠢᠴᠠᠭᠠᠨ ᠰᠢᠯᠭᠠᠵᠦ ᠬᠢᠷᠢ ᠲᠡᠩᠴᠡᠭᠰᠡᠨ | ᠲᠡᠮᠲᠡᠭ ᠢ ᠭᠤᠶᠤᠴᠢᠯᠠᠨ ᠠᠪᠴᠤ ᠪᠤᠯᠤᠨ᠎ᠠ᠂ ᠨᠠᠶᠢᠲᠠᠨ ᠪᠠᠶᠢᠴᠠᠭᠠᠨ ᠰᠢᠯᠭᠠᠭᠤᠯᠬᠤ ᠭᠠᠷ ᠬᠦᠢᠴᠡᠳᠬᠡᠯ ᠢ | ᠬᠦᠢᠴᠡᠳᠬᠡᠬᠦ ᠴᠢᠬᠤᠯᠠ ᠦᠭᠡᠢ᠃ | 14. ᠲᠡᠷᠭᠡᠨ ᠤ ᠪᠠᠶᠢᠴᠠᠭᠠᠯᠲᠠ ᠶᠢᠨ ᠠᠯᠬᠤᠮ ᠲᠠᠷᠠᠭᠠᠯᠠᠯ ᠢ ᠰᠢᠯᠢᠲᠡᠭᠵᠢᠭᠦᠯᠬᠦ ᠶᠢ ᠠᠬᠢᠭᠤᠯᠤᠨ᠎ᠠ | 6 ᠵᠢᠯ ᠤᠨ ᠲᠤᠲᠤᠷ᠎ᠠ ᠪᠠᠶᠢᠴᠠᠭᠠᠯᠲᠠ ᠠᠴᠠ ᠬᠡᠯᠲᠦᠷᠢᠭᠦᠯᠦᠭᠰᠡᠨ ᠮᠠᠰᠢᠨ ᠲᠡᠷᠭᠡ ᠨᠢ᠂ ᠢᠨᠲ᠋ᠧᠷ | ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠷ ᠰᠢᠯᠭᠠᠨ ᠬᠡᠷᠡᠴᠢᠯᠡᠵᠦ ᠠᠯᠪᠠᠲᠠᠯᠭ᠎ᠠ ᠶᠢᠨ ᠲᠠᠭᠠᠳᠬᠠᠯ ᠢ | ᠲᠤᠰᠢᠶᠠᠬᠰᠠᠨ ᠬᠤᠶᠢᠨ᠎ᠠ᠂ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠲᠡᠭ ᠢ ᠰᠢᠭᠤᠳ ᠡᠷᠡᠮᠡᠯᠵᠡᠨ ᠠᠪᠤᠨ᠎ᠠ᠃ | ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠰᠦᠯᠵᠢᠶᠡᠨ ᠲᠡᠭᠡᠷ᠎ᠡ ᠪᠤᠯᠵᠤᠨ ᠲᠡᠷᠭᠡ ᠪᠠᠶᠢᠴᠠᠭᠠᠬᠤ ᠦᠢᠯᠡᠴᠢᠯᠡᠭᠡ ᠶᠢ | ᠨᠡᠪᠲᠡᠷᠡᠭᠦᠯᠬᠦ ᠶᠢ ᠠᠬᠢᠭᠤᠯᠵᠦ᠂ ᠠᠷᠠᠳ ᠤᠨ ︽ᠬᠡᠵᠢᠶ᠎ᠡ ᠬᠦᠷᠪᠡᠯ ᠬᠡᠵᠢᠶ᠎ᠡ ᠪᠠᠶᠢᠴᠠᠭᠠᠯᠭᠠᠬᠤ︾ ᠳᠤ ᠲᠦᠭᠦᠮ | ᠪᠤᠯᠭᠠᠨ᠎ᠠ᠃ | 15. ᠮᠠᠰᠢᠨ ᠲᠡᠷᠭᠡ ᠶᠢᠨ ᠤᠨᠳᠤᠤ ᠭᠠᠵᠠᠷ ᠲᠠᠩᠰᠠ ᠰᠢᠯᠵᠢᠭᠦᠯᠬᠦ ᠳᠤ ᠲᠦᠭᠦᠮ ᠦᠵᠡᠭᠦᠯᠦᠨ᠎ᠡ | ᠡᠵᠡᠩᠨᠡᠯᠲᠡ ᠶᠢᠨ ᠪᠤᠰᠤ ᠪᠠᠭ᠎ᠠ ᠵᠢᠵᠢᠭ ᠬᠡᠯᠪᠡᠷᠢ ᠶᠢᠨ ᠮᠠᠰᠢᠨ ᠲᠡᠷᠭᠡ ᠶᠢᠨ ᠡᠯᠧᠺᠳ᠋ᠷᠣᠨ ᠲᠠᠩᠰᠠ ᠶᠢ | ᠰᠦᠯᠵᠢᠶᠡᠨ ᠲᠡᠭᠡᠷ᠎ᠡ ᠲᠠᠮᠵᠢᠭᠤᠯᠬᠤ ᠶᠢ ᠲᠤᠷᠰᠢᠯᠲᠠ ᠶᠢᠨ ᠴᠢᠭ ᠲᠤ ᠬᠡᠷᠡᠭᠵᠢᠭᠦᠯᠵᠦ᠂ ᠤᠨᠳᠤᠤ ᠭᠠᠵᠠᠷ ᠲᠠᠩᠰᠠ | ᠰᠢᠯᠵᠢᠭᠦᠯᠬᠦ ᠮᠠᠰᠢᠨ ᠲᠡᠷᠭᠡ ᠶᠢᠨ ᠡᠷᠡᠮᠡᠯᠵᠡᠭᠴᠢ ᠨᠢ ᠰᠢᠯᠵᠢᠭᠦᠯᠦᠨ ᠭᠠᠷᠭᠠᠬᠤ ᠭᠠᠵᠠᠷ ᠤᠨ ᠮᠠᠰᠢᠨ ᠲᠡᠷᠭᠡ ᠶᠢᠨ | ᠬᠠᠮᠢᠶᠠᠷᠤᠯᠲᠠ ᠶᠢᠨ ᠭᠠᠵᠠᠷ ᠲᠤ ᠬᠦᠷᠴᠦ ᠴᠠᠭᠠᠰᠤᠨ ᠲᠠᠩᠰᠠ ᠪᠠᠨ ᠭᠠᠷᠭᠠᠨ ᠠᠪᠬᠤ᠂ ᠮᠠᠰᠢᠨ ᠲᠡᠷᠭᠡ ᠪᠠᠨ | ᠪᠠᠶᠢᠴᠠᠭᠠᠯᠭᠠᠬᠤ ᠴᠢᠬᠤᠯᠠ ᠦᠭᠡᠢ ᠪᠤᠯᠵᠦ᠂ ᠤᠯᠠᠨ ᠲᠦᠮᠡᠨ ᠤ ᠬᠤᠶᠠᠷ ᠭᠠᠵᠠᠷ ᠤᠨ ᠬᠤᠭᠤᠷᠤᠨᠲᠦ ᠵᠠᠮᠨᠠᠬᠤ ᠶᠢ | ᠪᠠᠭᠠᠰᠬᠠᠵᠠᠢ᠃ | 16. ᠵᠢᠯᠤᠭᠤᠴᠢ ᠶᠢᠨ ᠦᠨᠡᠮᠯᠡᠯ ᠤᠨ ᠮᠤᠵᠢ ᠶᠢᠨ ᠲᠤᠳᠤᠭᠠᠲᠤ ᠳᠤ ᠤᠨᠳᠤᠤ ᠭᠠᠵᠠᠷ ᠡᠷᠡᠮᠡᠯᠵᠡᠨ ᠠᠪᠬᠤ ᠳᠤ | ᠲᠦᠭᠦᠮ ᠦᠵᠡᠭᠦᠯᠦᠨ᠎ᠡ | ᠪᠠᠭ᠎ᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠴᠢ ᠶᠢᠨ ᠦᠨᠡᠮᠯᠡᠯ ᠢ ᠤᠨᠳᠤᠤ ᠭᠠᠵᠠᠷ ᠡᠷᠡᠮᠡᠯᠵᠡᠬᠦ | ᠨᠦᠬᠦᠴᠡᠯ ᠢ ᠦᠷᠭᠡᠳᠬᠡᠵᠦ᠂ 2018 ᠤᠨ ᠤ 9 ᠰᠠᠷ᠎ᠠ ᠶᠢᠨ 1 ᠤ ᠡᠲᠦᠷ ᠠᠴᠠ ᠡᠬᠢᠯᠡᠨ᠂ ᠲᠤᠰ ᠮᠤᠵᠢ ︵ | ᠦᠪᠡᠷᠲᠡᠭᠡᠨ ᠵᠠᠰᠠᠬᠤ ᠤᠷᠤᠨ︶ ᠤ ᠡᠷᠡᠮᠡᠯᠵᠡᠭᠴᠢ ᠨᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠷ ᠢᠶᠠᠨ | ᠰᠢᠭᠤᠳ ᠡᠷᠡᠮᠡᠯᠵᠡᠵᠦ ᠪᠤᠯᠤᠨ᠎ᠠ︔ ᠮᠤᠵᠢ ︵ᠦᠪᠡᠷᠲᠡᠭᠡᠨ ᠵᠠᠰᠠᠬᠤ ᠤᠷᠤᠨ︶ ᠠᠯᠤᠰᠯᠠᠬᠰᠠᠨ ᠤᠨᠳᠤᠤ ᠭᠠᠵᠠᠷ ᠤᠨ | ᠡᠷᠡᠮᠡᠯᠵᠡᠭᠴᠢ ᠪᠠᠶᠢᠭ᠎ᠠ ᠮᠤᠵᠢ ︵ᠦᠪᠡᠷᠲᠡᠭᠡᠨ ᠵᠠᠰᠠᠬᠤ ᠤᠷᠤᠨ︶ ᠤ ᠲᠤᠷ᠎ᠠ ᠶᠢᠨ ᠨᠢᠭᠡ ᠭᠠᠵᠠᠷ ᠤᠨ ᠤᠷᠤᠰᠢᠨ | ᠰᠠᠭᠤᠬᠤ ᠦᠨᠡᠮᠯᠡᠯ ᠢ ᠠᠪᠤᠬᠰᠠᠨ ᠤ ᠲᠠᠷᠠᠭ᠎ᠠ᠂ ᠪᠠᠰᠠ ᠰᠢᠭᠤᠳ ᠪᠦᠬᠦ ᠮᠤᠵᠢ ᠶᠢᠨ ᠬᠡᠪᠴᠢᠶᠡᠨ ᠳᠤ ᠡᠷᠡᠮᠡᠯᠵᠡᠨ | ᠠᠪᠴᠤ ᠪᠤᠯᠤᠨ᠎ᠠ᠃ | 17. ᠬᠢᠨᠠᠯᠲᠠ ᠲᠠᠯᠪᠢᠬᠤ ᠲᠦᠷᠢᠮ ᠤᠨ ᠲᠤᠬᠲᠠᠴᠠ ᠶᠢ ᠪᠦᠷᠢᠨᠰᠢᠭᠦᠯᠦᠨ᠎ᠡ | ᠬᠢᠨᠠᠯᠲᠠ ᠲᠠᠯᠪᠢᠨ ᠬᠠᠮᠢᠶᠠᠷᠬᠤ ᠲᠦᠷᠢᠮ ᠢ ᠲᠡᠭᠦᠯᠲᠡᠷᠵᠢᠭᠦᠯᠵᠦ᠂ ᠨᠡᠶᠢᠭᠡᠮ ᠤᠨ ᠤᠯᠠᠨ ᠲᠦᠮᠡᠨ ᠤ ᠯᠠᠪᠯᠠᠭ᠎ᠠ | ᠬᠢᠬᠦ᠂ ᠵᠠᠭᠠᠯᠳᠤᠬᠤ᠂ ᠢᠯᠡᠴᠢᠯᠡᠬᠦ ᠠᠷᠭ᠎ᠠ ᠵᠠᠮ ᠢ ᠨᠡᠪᠲᠡᠷᠡᠭᠦᠯᠵᠦ᠂ ᠬᠡᠪ ᠤᠨ᠂ ᠤᠶᠤᠨᠳᠤ᠂ ᠨᠡᠶᠢᠭᠡᠮᠴᠢᠯᠡᠭᠰᠡᠨ | ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ | 18. ᠤᠶᠤᠨᠲᠦ ᠬᠢᠨᠠᠯᠲᠠ ᠲᠠᠯᠪᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠤᠮᠤ ᠳ᠋ᠠᠶᠢᠲ᠋ᠠ᠂ ᠮᠡᠲᠡᠭᠡ ᠵᠠᠩᠬᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠨ ᠬᠠᠮᠢᠶᠠᠷᠬᠤ | ᠠᠷᠭ᠎ᠠ ᠠᠪᠴᠠᠯ ᠤᠨ ᠬᠡᠷᠡᠭᠯᠡᠭᠡᠨ ᠤ ᠰᠢᠨ᠎ᠡ ᠶᠢ ᠡᠭᠦᠳᠴᠦ᠂ ᠮᠡᠲᠡᠭᠡ ᠵᠠᠩᠬᠢᠵᠢᠯᠲᠠ ᠶᠢᠨ ᠬᠢᠨᠠᠨ ᠬᠠᠮᠢᠶᠠᠷᠬᠤ ᠲᠦᠪ ᠢ | ᠪᠦᠲᠦᠭᠡᠨ ᠪᠠᠶᠢᠭᠤᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠪᠦᠬᠦ ᠲᠠᠯ᠎ᠠ ᠶᠢᠨ ᠬᠢᠨᠠᠨ | ᠬᠠᠮᠢᠶᠠᠷᠤᠯᠲᠠ᠂ ᠪᠦᠬᠦ ᠶᠠᠪᠤᠴᠠ ᠳᠤ ᠲᠡᠮᠲᠡᠭᠯᠡᠯ ᠦᠯᠡᠲᠡᠭᠡᠬᠦ ᠶᠢ ᠪᠡᠶᠡᠯᠡᠭᠦᠯᠦᠨ᠎ᠡ᠃ | 19. ᠠᠲᠡᠯ ᠤᠨ ᠲᠤᠮᠲᠠ ᠪᠠ ᠲᠠᠷᠠᠭᠠᠬᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ | ᠰᠦᠯᠵᠢᠶᠡᠨ ᠲᠡᠭᠡᠷ᠎ᠡ ᠰᠦᠯᠵᠢᠶᠡᠨ ᠲᠤᠤᠷᠠᠬᠢ ᠬᠢᠨᠠᠯᠲᠠ ᠲᠠᠯᠪᠢᠨ ᠪᠠᠶᠢᠴᠠᠭᠠᠬᠤ ᠶᠢ ᠴᠢᠩᠭᠠᠳᠬᠠᠵᠦ᠂ | ᠬᠠᠤᠯᠢ ᠶᠢ ᠵᠦᠷᠢᠴᠡᠨ ᠲᠤᠬᠲᠠᠭᠠᠯ ᠢ ᠵᠦᠷᠢᠴᠡᠭᠰᠡᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠨ᠎ᠡ︔ ᠢᠲᠡᠭᠡᠮᠵᠢ ᠪᠠᠨ | ᠠᠯᠲᠠᠵᠦ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠤᠬᠲᠠᠴᠠ ᠶᠢ ᠪᠠᠶᠢᠭᠤᠯᠵᠦ᠂ ᠬᠠᠤᠯᠢ ᠶᠢ ᠵᠦᠷᠢᠴᠡᠨ ᠲᠤᠬᠲᠠᠭᠠᠯ ᠢ | ᠵᠦᠷᠢᠴᠡᠭᠰᠡᠨ ᠬᠢᠨᠠᠨ ᠪᠠᠶᠢᠴᠠᠭᠠᠬᠤ ᠪᠠᠶᠢᠭᠤᠯᠤᠮᠵᠢ᠂ ᠨᠡᠶᠢᠭᠡᠮᠴᠢᠯᠡᠭᠰᠡᠨ ᠰᠢᠯᠭᠠᠯᠲᠠ ᠶᠢᠨ ᠲᠠᠯᠠᠪᠠᠢ ᠵᠡᠷᠭᠡ ᠳᠤ | ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | 20. ᠮᠡᠲᠡᠭᠡ ᠵᠠᠩᠬᠢ ᠶᠢᠨ ᠰᠢᠰᠲ᠋ᠧᠮ ᠤᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠎ᠠ | ᠮᠡᠲᠡᠭᠡ ᠵᠠᠩᠬᠢ ᠶᠢᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠤᠯᠤᠨ ᠠᠮᠤᠷ | ᠲᠦᠪᠰᠢᠨ ᠤ ᠮᠡᠷᠭᠡᠵᠢᠯ ᠤᠨ ᠪᠠᠲᠤᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ | ᠮᠡᠲᠡᠭᠡ ᠵᠠᠩᠬᠢ ᠲᠤᠭ᠎ᠠ ᠪᠠᠷᠢᠮᠲᠠ ᠶᠢᠨ ᠬᠡᠷᠡᠭᠯᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠬᠡᠶᠢᠯᠡᠨ᠎ᠡ᠃ | ︵︽ᠰᠢᠨᠬᠤᠸᠠ ᠰᠦᠯᠵᠢᠶ᠎ᠡ︾ ᠠᠴᠠ ᠤᠷᠴᠢᠭᠤᠯᠤᠨ ᠨᠠᠶᠢᠷᠠᠭᠤᠯᠪᠠ︶ | ᠨᠠᠶᠢᠷᠠᠭᠤᠯᠤᠭᠴᠢ᠄ ᠠᠭᠤᠯᠠ |