ᠡᠮᠨᠡᠬᠦ ᠪᠤᠯᠤᠨ ᠰᠤᠪᠢᠯᠠᠬᠤ ᠶᠢ ᠵᠢᠩᠬᠢᠨᠢ ᠪᠠᠷ ᠤᠶᠠᠯᠳᠤᠭᠤᠯᠬᠤ ᠬᠡᠷᠡᠭᠳᠠᠢ
ᠨᠡᠶᠢᠲᠡᠯᠡᠭᠰᠡᠨ ᠴᠠᠭ᠄
2018-08-01
     ᠮᠠᠨ ᠤ ᠤᠯᠤᠰ ᠨᠢᠭᠡᠨᠳᠡ ᠬᠦᠮᠦᠨ ᠠᠮᠠ ᠶᠢᠨ ᠨᠠᠰᠤᠵᠢᠯᠳᠠ ᠶᠢᠨ ᠲᠦᠷᠭᠡᠨ ᠬᠦᠭᠵᠢᠯᠳᠡ ᠶᠢᠨ ᠱᠠᠳᠤᠨ ᠳᠤ ᠤᠷᠤᠵᠦ᠂ ᠤᠯᠠᠮᠵᠢᠯᠠᠯᠳᠦ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠬᠡᠪ ᠵᠠᠭᠪᠤᠷ ᠨᠢ ᠪᠤᠳᠠᠳᠦ ᠪᠠᠶᠢᠳᠠᠯ ᠤᠨ ᠲᠠᠷᠤᠭᠠᠰᠤ ᠲᠤᠤᠷ᠎ᠠ᠂ ︽ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠪᠠᠷ ᠰᠠᠭᠤᠷᠢ ᠪᠤᠯᠭᠠᠨ᠂ ᠨᠡᠶᠢᠭᠡᠮ ᠲᠤᠭᠤᠷᠢᠭ ᠢᠶᠠᠷ ᠲᠦᠰᠢᠭ ᠪᠤᠯᠭᠠᠵᠦ᠂ ᠪᠠᠶᠢᠭᠤᠯᠤᠮᠵᠢ ᠪᠠᠷ ᠨᠦᠬᠦᠪᠦᠷᠢ ᠪᠤᠯᠭᠠᠨ᠂ ᠡᠮᠨᠡᠬᠦ ᠪᠤᠯᠤᠨ ᠰᠤᠪᠢᠯᠠᠬᠤ ᠶᠢ ᠬᠠᠷᠢᠯᠴᠠᠨ ᠤᠶᠠᠯᠳᠤᠭᠤᠯᠤᠬᠰᠠᠨ︾ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠰᠢᠰᠲ᠋ᠧᠮ ᠢ ᠪᠠᠶᠢᠭᠤᠯᠬᠤ ᠠᠰᠠᠭᠤᠳᠠᠯ ᠲᠤᠯᠭᠠᠮ᠎ᠠ ᠪᠤᠯᠵᠠᠢ᠃      ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠶᠢᠨ ᠭᠤᠤᠯᠳᠠᠯᠭ᠎ᠠ ᠨᠢ ᠬᠡᠷᠬᠢᠨ ᠤᠶᠠᠯᠳᠤᠭᠤᠯᠬᠤ ᠠᠰᠠᠭᠤᠳᠠᠯ ᠪᠤᠯᠤᠨ᠎ᠠ᠂ ᠪᠠᠶᠢᠭᠤᠯᠤᠮᠵᠢ ᠲᠤᠬᠲᠠᠴᠠ ᠶᠢ ᠪᠦᠷᠢᠯᠳᠦᠭᠦᠯᠵᠤ᠂ ᠤᠷᠤᠯᠴᠠᠬᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠮᠵᠢᠯᠭᠡ ᠵᠡᠷᠭᠡ ᠤᠯᠠᠨ ᠵᠦᠢᠯ ᠢ ᠤᠶᠠᠯᠳᠤᠭᠤᠯᠬᠤ ᠮᠦᠷᠳᠡᠭᠡᠨ ᠲᠤᠰᠬᠠᠢ ᠮᠡᠷᠭᠡᠵᠢᠭᠰᠡᠨ ᠰᠤᠪᠢᠯᠠᠯᠲᠠ ᠶᠢᠨ ᠪᠦᠯᠬᠦᠮ ᠢ ᠪᠠᠶᠢᠭᠤᠯᠵᠤ᠂ ᠪᠦᠬᠦ ᠰᠠᠯᠠᠭ᠎ᠠ ᠶᠢᠨ ᠡᠮᠴᠢ ᠵᠢᠴᠢ ᠡᠮ ᠡᠮᠨᠡᠯᠭᠡ ᠶᠢᠨ ᠪᠠᠶᠢᠭᠤᠯᠤᠮᠵᠢ ᠬᠠᠮᠳᠤᠪᠡᠷ ᠤᠷᠤᠯᠴᠠᠵᠤ᠂ ᠲᠤᠰᠬᠠᠢᠢᠵᠢᠭᠰᠠᠨ ᠡᠷᠬᠢᠯᠳᠡ ᠶᠢᠨ ᠲᠤᠭᠳᠠᠴᠠ ᠶᠢ ᠬᠡᠷᠡᠭᠰᠡᠵᠤ᠂ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠤ᠂ ᠨᠠᠰᠤᠳᠠᠶᠢᠴᠤᠤᠨ ᠢ ᠠᠮᠤᠷ ᠲᠠᠶᠢᠪᠤᠡᠭ ᠵᠤᠯ ᠵᠢᠷᠭᠠᠯ ᠲᠠᠢ ᠪᠠᠷ ᠦᠳᠡᠯᠦᠭᠡ ᠨᠠᠰᠤ ᠪᠠᠨ ᠦᠡᠭᠭᠡᠷᠡᠭᠦᠯᠦᠨ᠎ᠠ᠃      ᠡᠩ ᠲᠡᠷᠢᠭᠦᠨ ᠳᠤ᠂ ᠲᠤᠭᠳᠠᠴᠠ ᠶᠢᠨ ᠪᠠᠶᠢᠭᠤᠯᠤᠯᠳᠠ ᠳᠡᠭᠡᠷ᠎ᠠ ᠬᠦᠴᠦ ᠲᠠᠯᠪᠢᠵᠤ᠂ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢ ᠪᠡᠶᠡᠯᠡᠭᠦᠯᠦᠨ᠎ᠠ᠃ ᠡᠮᠨᠡᠬᠦ ᠪᠤᠯᠤᠨ ᠰᠤᠪᠢᠯᠠᠬᠤ ᠶᠢ ᠰᠠᠶᠢᠲᠦᠷ ᠤᠶᠠᠯᠳᠤᠭᠤᠯᠤᠶ᠎ᠠ ᠬᠡᠪᠡᠯ ᠤᠷᠢᠳᠠᠪᠠᠷ ᠵᠤᠷᠢᠭ ᠲᠠᠢ ᠪᠠᠷ ᠰᠢᠨ᠎ᠠ ᠶᠢ ᠡᠭᠦᠳᠴᠤ᠂ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢᠨ ︽ᠪᠤᠭᠤᠮᠳᠠ︾ ᠶᠢ ᠲᠠᠪᠠᠵᠤ᠂ ᠨᠢᠭᠡ ᠪᠦᠯᠦᠭ ᠰᠢᠨ᠎ᠠ ᠲᠦᠷᠦ ᠶᠢᠨ ᠪᠤᠳᠤᠯᠭ᠎ᠠ ᠶᠢ ᠲᠤᠭᠳᠠᠭᠠᠨ᠎ᠠ᠃ ᠵᠢᠱᠢᠶᠡᠯᠡᠪᠡᠯ᠂ ᠵᠠᠰᠠᠭ ᠤᠨ ᠤᠷᠳᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠤᠨ ᠲᠡᠭᠦᠯᠳᠡᠷᠵᠢᠭᠦᠯᠵᠤ᠂ ᠡᠮ ᠡᠮᠨᠡᠯᠭᠡ ᠪᠠ ᠨᠠᠰᠤᠵᠢᠯ ᠤᠨ ᠠᠰᠠᠷᠠᠮᠵᠢ ᠶᠢᠨ ᠲᠤᠭ᠎ᠠ ᠪᠠᠷᠢᠮᠳᠠ ᠶᠢ ᠬᠠᠮᠳᠤᠪᠡᠷ ᠡᠳ᠋ᠯᠡᠵᠤ᠂ ᠭᠤᠷᠪᠠᠳᠤᠭᠠᠷ ᠡᠳᠡᠭᠡᠳ ᠤᠨ ᠦᠨᠡᠯᠡᠵᠤ ᠲᠤᠭᠳᠠᠭᠠᠬᠤ ᠲᠤᠭᠳᠠᠴᠠ ᠶᠢ ᠤᠷᠤᠭᠤᠯᠬᠤ ᠮᠦᠷᠳᠡᠭᠡᠨ   ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠶᠠᠰᠤ ᠴᠢᠨᠠᠷ ᠢ ᠲᠡᠭᠡᠭᠰᠢᠯᠡᠭᠦᠯᠦᠨ᠎ᠠ᠃ ᠡᠯ᠎ᠠ ᠭᠠᠵᠠᠷ ᠤᠨ ᠠᠷᠠᠳ ᠤᠨ ᠵᠠᠰᠠᠭ ᠤᠨ ᠶᠠᠪᠤᠳᠠᠯ ᠤᠨ ᠰᠠᠯᠠᠭ᠎ᠠ ᠮᠦᠴᠢᠷ᠂ ᠡᠷᠡᠬᠦᠯ ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠵᠦᠪᠯᠡᠯ ᠪᠠᠰᠠ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡ ᠬᠠᠨᠭ᠍ᠭᠠᠬᠤ ᠪᠠᠶᠢᠭᠤᠯᠤᠮᠵᠢ ᠶᠢᠨ ᠵᠦᠪᠰᠢᠶᠡᠷᠡᠯ ᠤᠨ ᠠᠵᠢᠯ ᠢ ᠳᠡᠭᠡᠳᠦ ᠬᠡᠮᠵᠢᠶ᠎ᠠ ᠪᠠᠷ ᠬᠦᠨᠳᠦᠳᠭᠡᠨ ᠦᠵᠡᠵᠤ᠂ ᠬᠠᠷᠢᠯᠴᠠᠨ ᠨᠡᠪᠳᠡᠷᠡᠯᠴᠡᠵᠤ᠂ ᠨᠢᠭᠳᠠ ᠬᠠᠮᠵᠢᠯᠴᠠᠵᠤ ᠨᠡᠩ ᠰᠠᠶᠢᠨ ᠬᠢᠨᠠᠨ ᠵᠦᠪᠰᠢᠶᠡᠷᠡᠬᠦ ᠤᠷᠴᠢᠨ ᠲᠤᠭᠤᠷᠢᠨ ᠢ ᠪᠤᠢ ᠪᠤᠯᠭᠠᠨ᠎ᠠ᠃      ᠳᠠᠷᠠᠭ᠎ᠠ ᠳᠤᠨᠢ᠂ ᠬᠡᠪ ᠵᠠᠭᠪᠤᠷ ᠤᠨ ᠰᠢᠨ᠎ᠠ ᠶᠢ ᠡᠭᠦᠳᠬᠦ ᠳᠡᠭᠡᠷ᠎ᠠ ᠬᠦᠴᠦ ᠲᠠᠯᠪᠢᠵᠤ ᠤᠯᠠᠨ ᠵᠦᠢᠯ ᠤᠨ ᠤᠶᠠᠯᠳᠤᠭᠤᠯᠬᠤ ᠠᠷᠭ᠎ᠠ ᠶᠢ ᠲᠤᠷᠰᠢᠵᠤ ᠦᠵᠡᠨ᠎ᠠ᠃ ᠨᠠᠰᠤᠳᠠᠶᠢᠴᠤᠤᠨ ᠤᠨ ᠪᠡᠶ᠎ᠠ ᠶᠢᠨ ᠡᠷᠡᠭᠦᠯ ᠴᠢᠬᠢᠷᠠᠭ ᠤᠨ ᠪᠠᠶᠢᠳᠠᠯ ᠪᠠ ᠦᠪᠡᠷ ᠢ ᠪᠠᠨ ᠬᠠᠷᠢᠭᠤᠴᠠᠬᠤ ᠴᠢᠳᠠᠪᠤᠷᠢ ᠶᠢᠨ ᠠᠳᠠᠯᠢ ᠪᠤᠰᠤ ᠪᠤᠯᠤᠨ ᠭᠡᠷ ᠪᠦᠯᠢ ᠶᠢᠨ ᠠᠵᠤ ᠠᠬᠤᠢ ᠶᠢᠨ ᠨᠦᠬᠦᠴᠡᠯ ᠤᠨ ᠢᠯᠭᠠᠭ᠎ᠠ ᠠᠴᠠ ᠪᠤᠯᠵᠤ᠂ ᠵᠠᠪᠠᠯ ᠤᠯᠠᠨ ᠶᠠᠩᠵᠤ ᠶᠢᠨ ᠬᠦᠭᠵᠢᠯᠳᠡ ᠶᠢᠨ ᠬᠡᠪ ᠵᠠᠭᠪᠤᠷ ᠢ ᠪᠠᠶᠢᠭᠤᠯᠵᠤ ᠨᠠᠰᠤᠳᠠᠶᠢᠴᠤᠤᠨ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠨ᠎ᠠ᠃ ᠵᠠᠷᠢᠮ ᠨᠦᠬᠦᠴᠡᠯ ᠳᠤ ᠬᠦᠷᠦᠭᠰᠡᠨ ᠡᠮ ᠡᠮᠨᠡᠯᠭᠡ ᠶᠢᠨ ᠪᠠᠶᠢᠭᠤᠯᠤᠮᠵᠢ ᠶᠢ ᠲᠡᠮᠵᠢᠵᠤ᠂ ᠲᠤᠰᠬᠠᠢᠢᠵᠢᠭᠰᠠᠨ ᠮᠡᠷᠭᠡᠵᠢᠯ ᠪᠠ ᠴᠢᠳᠠᠪᠤᠷᠢᠳᠠᠨ ᠤ ᠲᠠᠪᠠᠭᠤᠯᠢᠭ ᠲᠠᠯ᠎ᠠ ᠶᠢ ᠪᠠᠳᠠᠷᠠᠭᠤᠯᠵᠤ᠂ ᠨᠠᠰᠤᠵᠢᠯ ᠤᠨ ᠠᠰᠠᠷᠠᠮᠵᠢ᠂ ᠡᠷᠡᠭᠦᠯᠵᠢᠬᠦ᠂ ᠰᠤᠪᠢᠯᠠᠬᠤ ᠵᠡᠷᠭᠡ ᠶᠢ ᠪᠦᠷᠢᠳᠦᠭᠦᠯᠦᠭᠰᠡᠨ ᠰᠤᠪᠢᠯᠠᠯᠳᠠ ᠶᠢᠨ ᠲᠦᠪ ᠢ ᠪᠠᠶᠢᠭᠤᠯᠵᠤ᠂ ᠶᠡᠭᠡ ᠬᠡᠯᠪᠡᠷᠢ ᠶᠢᠨ ᠡᠮᠨᠡᠬᠦ ᠪᠤᠯᠤᠨ ᠰᠤᠪᠢᠯᠠᠬᠤ ᠬᠤᠯᠪᠤᠭᠠᠯᠠᠯ ᠢ ᠪᠠᠶᠢᠭᠤᠯᠬᠤ ᠪᠠᠷ ᠪᠠᠷᠠᠬᠤ ᠦᠭᠡᠢ ᠪᠠᠰᠠ ᠪᠠᠭ᠎ᠠ ᠬᠡᠯᠪᠡᠷᠢ ᠶᠢᠨ ᠨᠠᠰᠤᠵᠢᠯ ᠤᠨ ᠪᠠᠶᠢᠭᠤᠯᠤᠮᠵᠢ ᠪᠠ ᠦᠢᠷ᠎ᠠ ᠬᠠᠪᠢ ᠶᠢᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠲᠠᠢ ᠲᠤᠰᠬᠠᠢᠢᠵᠢᠭᠰᠠᠨ ᠠᠵᠢᠯ ᠤᠨ ᠬᠠᠮᠵᠢᠯᠴᠠᠭ᠎ᠠ ᠶᠢᠨ ᠲᠤᠭᠳᠠᠴᠠ ᠶᠢ ᠪᠠᠶᠢᠭᠤᠯᠵᠤ᠂ ᠭᠡᠷ ᠲᠤᠨᠢ ᠤᠴᠢᠵᠤ ᠦᠢᠯᠡᠴᠢᠯᠡᠬᠦ᠂ ᠡᠮᠨᠡᠯᠭᠡ ᠶᠢᠨ ᠲᠠᠰᠤᠭ ᠢ ᠪᠠᠶᠢᠭᠤᠯᠬᠤ ᠵᠡᠷᠭᠡ ᠠᠷᠭ᠎ᠠ ᠪᠠᠷ ᠡᠮ ᠡᠮᠨᠡᠯᠭᠡ ᠶᠢᠨ ᠦᠢᠯᠡᠴᠢᠯᠡᠭᠡ ᠶᠢ ᠪᠦᠷᠬᠦᠬᠦᠯᠦᠨ᠎ᠠ᠃      ᠬᠠᠮᠤᠭ ᠰᠡᠭᠦᠯ ᠳᠤᠨᠢ᠂ ᠵᠠᠬ᠎ᠠ ᠳᠡᠯᠭᠡᠭᠦᠷ ᠤᠨ ᠡᠷᠬᠢᠯᠳᠡ ᠳᠡᠭᠡᠷ᠎ᠠ ᠬᠦᠴᠦ ᠲᠠᠯᠪᠢᠵᠤ ᠤᠯᠠᠨ ᠲᠠᠯ᠎ᠠ ᠶᠢᠨ ᠬᠦᠴᠦᠨ ᠢ ᠨᠢᠭᠳᠠᠷᠠᠭᠤᠯᠤᠨ᠎ᠠ᠃ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠨᠢ ᠵᠦᠪᠬᠡᠨ ᠵᠠᠰᠠᠭ ᠤᠨ ᠤᠷᠳᠤᠨ ᠤ ᠴᠢᠷᠮᠠᠶᠢᠯᠭ᠎ᠠ ᠳᠤ ᠲᠦᠰᠢᠭᠯᠡᠭᠡᠳ ᠯᠡ ᠪᠤᠯᠬᠤ ᠪᠢᠰᠢ᠃ ᠵᠠᠬ᠎ᠠ ᠳᠡᠯᠭᠡᠭᠦᠷ ᠤᠨ ᠨᠠᠰᠤᠵᠢᠯ ᠤᠨ ᠦᠢᠯᠡᠴᠢᠯᠡᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠲᠤᠮᠳᠠᠬᠢ ᠰᠢᠢᠳᠪᠦᠷᠢᠯᠡᠬᠦ ᠴᠢᠨᠠᠷᠳᠠᠢ ᠦᠢᠯᠡᠳᠦᠯ ᠢ ᠪᠠᠳᠠᠷᠠᠭᠤᠯᠵᠤ᠂ ᠠᠭᠠᠵᠢᠮ ᠢᠶᠠᠷ ᠨᠡᠶᠢᠭᠡᠮ ᠤᠨ ᠬᠦᠴᠦᠨ ᠢᠶᠠᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠦᠭᠵᠢᠭᠦᠯᠭᠦ ᠭᠤᠤᠯ ᠴᠤᠭᠴᠠ ᠪᠤᠯᠭᠠᠨ᠎ᠠ᠃ ᠨᠡᠶᠢᠭᠡᠮ ᠤᠨ ᠪᠡᠯᠡ ᠮᠦᠡᠭᠭᠦ ᠶᠢ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠬᠦᠷᠢ᠊ ᠡᠶ᠎ᠡ ᠴᠠᠷᠠᠭᠠᠨ ᠳᠤ ᠤᠷᠤᠭᠤᠯᠬᠤ ᠶᠢ ᠬᠦᠬᠢᠭᠦᠯᠵᠤ᠂ ᠪᠦᠲᠦᠭᠡᠨ ᠪᠠᠶᠢᠭᠤᠯᠬᠤ ᠨᠦᠬᠦᠪᠦᠷᠢ᠂ ᠡᠵᠡᠩᠨᠡᠯᠳᠡ ᠶᠢᠨ ᠨᠦᠬᠦᠪᠦᠷᠢ ᠦᠭᠬᠦ ᠵᠡᠷᠭᠡ ᠲᠦᠷᠦ ᠶᠢᠨ ᠪᠤᠳᠤᠯᠭ᠎ᠠ ᠶᠢ ᠰᠠᠶᠢᠳᠤᠷ ᠠᠰᠢᠭᠯᠠᠵᠤ᠂ ᠨᠡᠶᠢᠭᠡᠮ ᠤᠨ ᠬᠦᠴᠦᠨ ᠢ ᠲᠡᠮᠵᠢᠬᠦ ᠪᠠᠷ ᠲᠠᠮᠵᠢᠨ ᠨᠡᠶᠢᠳᠡ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠪᠠᠶᠢᠭᠤᠯᠵᠤ ᠨᠡᠶᠢᠳᠡ ᠠᠴᠠ ᠲᠡᠮᠵᠢᠬᠦ ᠵᠡᠷᠭᠡ ᠠᠷᠭ᠎ᠠ ᠪᠠᠷ ᠲᠡᠮᠵᠢᠨ ᠠᠰᠢᠭ ᠬᠤᠨᠵᠢᠪᠤᠷᠢ ᠶᠢᠨ ᠪᠤᠰᠤ ᠴᠢᠨᠠᠷᠳᠠᠢ ᠡᠮᠨᠡᠬᠦ ᠪᠤᠯᠤᠨ ᠰᠤᠪᠢᠯᠠᠬᠤ ᠶᠢ ᠤᠶᠠᠯᠳᠤᠭᠤᠯᠬᠤ ᠪᠠᠶᠢᠭᠤᠯᠤᠮᠵᠢ ᠶᠢ ᠪᠠᠶᠢᠭᠤᠯᠵᠤ᠂ ᠳᠡᠳᠡᠨᠠᠷ ᠢ ᠲᠤᠮᠤ ᠡᠮᠨᠡᠯᠭᠡ ᠶᠢᠨ ᠬᠤᠷᠢᠶ᠎ᠠ ᠲᠠᠢ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠬᠤ ᠶᠢ ᠲᠡᠮᠵᠢᠵᠤ᠂ ᠡᠮ ᠡᠮᠨᠡᠯᠭᠡ ᠶᠢᠨ ᠦᠢᠯᠡᠴᠢᠯᠡᠭᠡ ᠶᠢᠨ ᠲᠦᠷᠦᠯ ᠤᠨ ᠬᠤᠯᠪᠤᠭᠠᠯᠠᠨ ᠬᠦᠳᠡᠯᠦᠯᠴᠡᠬᠦ ᠵᠢᠴᠢ ᠬᠠᠮᠳᠤᠷᠠᠯᠴᠠᠭ᠎ᠠ ᠶᠢ ᠪᠡᠶᠡᠯᠡᠭᠦᠯᠬᠦ ᠶᠢ ᠵᠦᠪᠰᠢᠶᠡᠷᠡᠨ᠎ᠠ᠃                                     ᠵᠣᠬᠢᠶᠠᠭᠴᠢ᠄ ᠳᠠᠳᠤᠯᠭ᠎ᠠ ᠶᠢᠨ ᠰᠤᠷᠪᠤᠯᠵᠢᠯᠠᠭᠴᠢ ᠦᠢᠯᠡᠰ                                     ᠨᠠᠶᠢᠷᠠᠭᠤᠯᠤᠭᠴᠢ᠄ ᠰᠠᠴᠣᠷᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3