ᠤᠯᠤᠰ ᠤᠨ ᠥᠮᠴᠢᠯᠡᠯᠲᠤ  ᠬᠥᠷᠥᠩᠭᠡ  ᠬᠤᠭᠰᠢᠯ ᠢᠶᠠᠷ ᠪᠡᠯᠡ ᠣᠷᠣᠭᠤᠯᠬᠤ  ᠪᠠ ᠡᠵᠡᠩᠨᠡᠯᠲᠡ ᠬᠢᠬᠦ ᠺᠣᠮᠫᠠᠨᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠤᠨ ᠠᠵᠢᠯ ᠢᠶᠠᠨ ᠲᠦᠷᠭᠡᠳᠬᠡᠬᠦ ᠪᠣᠯᠣᠨ᠎ᠠ
ᠨᠡᠶᠢᠲᠡᠯᠡᠭᠰᠡᠨ ᠴᠠᠭ᠄
2018-08-02
     ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 8 ᠳ᠋ᠤᠭᠠᠷ ᠰᠠᠷ᠎ᠠ ᠶᠢᠨ 2᠎ ᠤ ᠡᠳᠦᠷ ᠤᠨ ᠮᠡᠳᠡᠭᠡ᠄      8 ᠳ᠋ᠤᠭᠠᠷ ᠰᠠᠷ᠎ᠠ ᠶᠢᠨ 1᠎ ᠤ ᠡᠳᠦᠷ ᠬᠢᠭᠰᠡᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠪᠠᠶᠢᠳᠠᠯ ᠮᠡᠳᠡᠭᠳᠡᠬᠦ ᠬᠤᠷᠠᠯ ᠳᠡᠭᠡᠷ᠎ᠡ ᠡᠳ᠋ ᠤᠨ ᠵᠠᠰᠠᠭ ᠤᠨ ᠶᠠᠮᠤᠨ ᠤ ᠬᠠᠮᠢᠶᠠᠲᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠢᠶᠠᠷ ᠪᠡᠯᠡ ᠣᠷᠣᠭᠤᠯᠬᠤ ᠪᠠ ᠡᠵᠡᠩᠨᠡᠯᠲᠡ ᠬᠢᠬᠦ ᠺᠣᠮᠫᠠᠨᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠤᠨ ᠠᠵᠢᠯ ᠢᠶᠠᠨ ᠲᠦᠷᠭᠡᠳᠬᠡᠬᠦ ᠪᠣᠯᠣᠨ᠎ᠠ ᠭᠡᠵᠡᠢ᠃      ︽ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠢᠶᠠᠷ ᠪᠡᠯᠡ ᠣᠷᠣᠭᠤᠯᠬᠤ ᠪᠠ ᠡᠵᠡᠩᠨᠡᠯᠲᠡ ᠬᠢᠬᠦ ᠺᠣᠮᠫᠠᠨᠢ ᠳᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠵᠢᠭᠦᠯᠬᠦ ᠰᠠᠨᠠᠯ︾᠎ ᠢ ᠥᠨᠥᠬᠡᠨ ᠨᠡᠶᠢᠲᠡᠯᠡᠭᠰᠡᠨ ᠪᠠᠶᠢᠨ᠎ᠠ᠃ ᠡᠳ᠋ ᠤᠨ ᠵᠠᠰᠠᠭ ᠤᠨ ᠶᠠᠮᠤᠨ ᠤ ᠰᠠᠶᠢᠳ ᠤᠨ ᠲᠤᠰᠠᠯᠠᠭᠴᠢ ᠰᠢᠦᠢ ᠬᠤᠩ ᠼᠠᠢ ᠶᠢᠨ ᠲᠠᠨᠢᠯᠴᠠᠭᠤᠯᠤᠭᠰᠠᠨ ᠢᠶᠠᠷ᠂ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠢᠶᠠᠷ ᠪᠡᠯᠡ ᠣᠷᠣᠭᠤᠯᠬᠤ ᠪᠠ ᠡᠵᠡᠩᠨᠡᠬᠦ ᠳᠤ ᠥᠭᠡᠷᠡᠴᠢᠯᠡᠯᠲᠡ ᠬᠢᠬᠦ ᠲᠤᠷᠰᠢᠯᠲᠠ ᠎ ᠶᠢᠨ ᠴᠡᠭ ᠤᠨ ᠠᠵᠢᠯ ᠢ ᠥᠷᠨᠢᠭᠦᠯᠬᠦ ᠨᠢ᠂ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠣᠭᠲᠠᠭᠠᠬᠤ ᠳᠤ ᠠᠰᠢᠭᠲᠠᠢ ᠮᠥᠷᠲᠡᠭᠡᠨ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠡᠵᠡᠩᠨᠡᠯᠲᠡ ᠬᠢᠬᠦ᠂ ᠠᠰᠢᠭ ᠣᠷᠣᠯᠭ᠎ᠠ ᠪᠣᠯᠣᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠳᠤ ᠠᠰᠢᠭᠲᠠᠢ ᠶᠤᠮ ᠭᠡᠵᠡᠢ      ᠤᠯᠤᠰ ᠤᠨ ᠥᠮᠴᠢᠯᠡᠯᠲᠤ ᠪᠡᠯᠡ ᠣᠷᠤᠭᠤᠯᠤᠯᠲᠠ ᠶᠢᠨ ᠺᠣᠮᠫᠠᠨᠢ ᠪᠣᠯ ᠭᠤᠣᠯᠳᠠᠭᠤ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠨ᠂ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠨ ᠤᠯᠤᠰ ᠣᠷᠣᠨ ᠤ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠳᠤ ᠬᠤᠯᠪᠣᠭᠳᠠᠭᠰᠠᠨ ᠴᠢᠬᠤᠯᠠ ᠠᠵᠢᠯ ᠲᠥᠷᠥᠯ ᠪᠠ ᠵᠠᠩᠭᠢᠯᠠᠭ᠎ᠠ ᠶᠢᠨ ᠴᠠᠷ ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠎ ᠶᠢᠨ ᠭᠤᠣᠯ ᠪᠣᠯᠬᠤ ᠠᠵᠢᠯ ᠲᠥᠷᠥᠯ ᠤᠨ ᠬᠤᠪᠢ ᠡᠵᠡᠮᠰᠢᠬᠦ ᠪᠠᠷ ᠭᠤᠣᠯ ᠪᠣᠯᠭᠠᠭᠰᠠᠨ ᠪᠠᠶᠢᠳᠠᠭ᠃ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠤᠨ ᠡᠵᠡᠩᠨᠡᠯᠲᠡ ᠶᠢᠨ ᠺᠣᠮᠫᠠᠨᠢ ᠨᠢ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠤᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠤᠯᠤᠰ ᠤᠨ ᠥᠮᠴᠢᠯᠡᠯᠲᠤ ᠬᠥᠷᠥᠩᠭᠡ ᠬᠤᠭᠰᠢᠯ ᠤᠨ ᠠᠰᠢᠭ ᠣᠷᠣᠯᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠵᠤ᠂ ᠡᠳ᠋ ᠤᠨ ᠵᠠᠰᠠᠭ ᠤᠨ ᠴᠢᠨᠠᠷᠲᠠᠢ ᠬᠤᠪᠢ ᠡᠵᠡᠮᠰᠢᠬᠦ ᠪᠠᠷ ᠭᠤᠣᠯ ᠪᠣᠯᠭᠠᠭᠰᠠᠨ ᠪᠠᠶᠢᠳᠠᠭ᠃                                        ᠣᠷᠴᠢᠭᠤᠯᠤᠭᠴᠢ᠄ ᠬᠥᠪᠴᠢᠨ    ᠬᠢᠨᠠᠭᠴᠢ᠄ ᠭᠡᠷᠡᠯᠲᠤᠶᠠᠭ᠎ᠠ
 
ᠢᠷᠡᠯᠲᠡ᠄ ᠲᠣᠮᠳᠠᠲᠤ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3