| | ᠥᠨᠥ ᠵᠢᠯ ᠠᠴᠠ ᠰᠢᠩ ᠾᠧ ᠰᠢᠶᠠᠨ ᠨᠢ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ | ᠦᠢᠯᠡᠰ ᠢᠶᠠᠨ ᠬᠦᠭᠵᠢᠬᠦᠯᠬᠦ ᠶᠢ ᠭᠤᠷᠪᠠᠳᠤᠭᠠᠷ ᠠᠵᠤ ᠦᠢᠯᠡᠰ ᠢ ᠲᠤᠯᠭᠠᠭᠤᠷᠢᠯᠠᠬᠤ᠂ ᠨᠢᠭᠡᠳᠦᠭᠡᠷ ᠬᠤᠶᠠᠳᠤᠭᠠᠷ | ᠠᠵᠤ ᠥᠢᠯᠡᠰ ᠢ ᠬᠠᠪᠰᠣᠷᠣᠨ ᠠᠬᠢᠭᠤᠯᠬᠤ ᠴᠢᠬᠤᠯᠠ ᠬᠦᠳᠡᠯᠭᠡᠬᠦᠷ ᠬᠦᠴᠦᠨ ᠪᠣᠯᠭᠠᠵᠤ᠂ ᠠᠷᠠᠯᠵᠢᠶ᠎ᠠ ᠬᠤᠳᠠᠯᠳᠤᠭ᠎ᠠ | ᠪᠤᠳᠠᠰ ᠤᠨ ᠭᠦᠢᠯᠭᠡᠭᠡᠨ ᠤ ᠦᠢᠯᠡᠰ ᠶᠢᠨ ᠬᠢᠷᠢ ᠬᠡᠮᠵᠢᠶ᠎ᠡ ᠬᠦᠷᠢᠶ᠎ᠡ ᠬᠡᠪᠴᠢᠶ᠎ᠡ ᠶᠢ ᠦᠷᠬᠦᠯᠵᠢᠯᠡᠨ ᠦᠷᠭᠡᠳᠬᠡᠬᠦ ᠶᠢ | ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠠᠷᠠᠯᠵᠢᠶ᠎ᠠ ᠬᠤᠳᠠᠯᠳᠤᠭ᠎ᠠ ᠪᠤᠳᠠᠰ ᠤᠨ | ᠭᠦᠢᠯᠭᠡᠭᠡᠨ ᠤ ᠦᠢᠯᠡᠰ ᠦᠷᠨᠢᠭᠦᠨ ᠬᠦᠭᠵᠢᠩᠭᠦᠢ ᠪᠠᠶᠢᠳᠠᠯ ᠲᠠᠢ ᠪᠠᠶᠢᠨ᠎ᠠ᠃ | ᠣᠳᠣ ᠪᠦᠬᠦ ᠰᠢᠶᠠᠨ ᠳᠤ 4010 ᠶᠠᠪᠤᠭᠳᠠᠵᠤ ᠪᠠᠶᠢᠭ᠎ᠠ ᠬᠤᠲᠠᠯᠳᠤᠭᠠᠨ ᠤ ᠰᠦᠯᠵᠢᠶᠡᠨ ᠴᠡᠭ ᠪᠠᠶᠢᠵᠤ᠂ 1. | 3 ᠲᠦᠮᠡ ᠣᠷᠴᠢᠮ ᠠᠵᠢᠯᠲᠠᠨ ᠲᠠᠢ᠃ ᠡᠬᠦᠨ ᠳᠤ ᠬᠤᠶᠠᠷ ᠬᠠᠷᠢᠴᠠᠩᠭᠤᠢ ᠲᠣᠮᠤ ᠬᠡᠯᠪᠡᠷᠢ ᠶᠢᠨ ᠬᠦᠷᠭᠡᠯᠲᠡ ᠶᠢᠨ | ᠲᠥᠪ ᠲᠠᠢ᠂ ᠲᠠᠪᠣᠨ ᠬᠤᠳᠠᠯᠳᠣᠭᠠᠨ ᠤ ᠲᠥᠪ ᠲᠠᠢ᠂ ᠬᠤᠶᠠᠷ ᠲᠠᠷᠢᠶᠠᠯᠠᠩ ᠠᠷᠠᠯᠵᠢᠶ᠎ᠠ ᠶᠢᠨ ᠨᠢᠭᠡᠳᠬᠡᠭᠰᠡᠨ | ᠪᠦᠭᠡᠮ ᠢᠶᠠᠷ ᠬᠤᠳᠠᠯᠳᠣᠬᠤ ᠵᠠᠬ᠎ᠠ ᠳᠡᠯᠭᠡᠭᠦᠷ ᠲᠠᠢ᠃ 12 ᠣᠯᠠᠨ ᠣᠯᠣᠰ ᠤᠨ ᠪᠠᠭᠤᠳᠠᠯ᠂ ᠬᠤᠣ ᠰᠢᠶᠠᠩ ᠪᠠᠭᠤᠳᠠᠯ | ᠵᠡᠷᠭᠡ ᠶᠡᠭᠡ ᠳᠣᠮᠳᠠ ᠬᠡᠯᠪᠡᠷᠢ ᠶᠢᠨ ᠪᠠᠭᠤᠳᠠᠯ ᠲᠠᠢ᠂ ᠡᠳᠥᠷ ᠤᠨ4000 ᠬᠦᠮᠦᠨ ᠤ ᠪᠠᠭᠤᠳᠠᠯ ᠳᠤ ᠬᠤᠨᠣᠭᠯᠠᠬᠤ | ᠴᠢᠳᠠᠪᠣᠷᠢ ᠲᠠᠢ᠂ ᠲᠣᠮᠣ ᠬᠡᠯᠪᠡᠷᠢ ᠶᠢᠨ ᠨᠡᠶᠢᠭᠡᠮᠯᠢᠭ᠂ ᠬᠤᠷᠠᠯᠳᠣᠭᠠᠨ ᠢ ᠬᠦᠯᠢᠶᠡᠨ ᠠᠪᠬᠤ ᠨᠦᠬᠦᠴᠡᠯ ᠲᠠᠢ᠃ 500 | ᠲᠣᠮᠣ ᠳᠣᠮᠳᠠ ᠬᠡᠯᠪᠡᠷᠢ ᠶᠢᠨ ᠲᠦᠮᠦᠰᠦ ᠶᠢᠨ ᠭᠠᠳᠠᠭᠠᠯᠠᠮᠵᠢ ᠶᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠳᠤ | 2 ᠠᠴᠠ 3 ᠳ᠋ᠥᠩᠰᠢᠭᠤᠷ ᠵᠢᠩ ᠬᠠᠳᠠᠭᠠᠯᠠᠬᠤ ᠴᠢᠳᠠᠪᠣᠷᠢ ᠲᠠᠢ᠂ ᠵᠢᠯ ᠤᠨ ᠪᠣᠷᠣᠯᠠᠭᠤᠯᠬᠤ ᠨᠣᠷᠮ᠎ᠠ ᠨᠢ 3 | ᠳ᠋ᠥᠩᠰᠢᠭᠤᠷ ᠲᠦᠭᠦᠷᠢᠭ ᠢ ᠳᠠᠪᠠᠵᠠᠢ᠃ ᠪᠦᠯᠬᠦᠮᠳᠡᠯ ᠰᠢᠶᠠᠩ ᠤ ᠶᠠ ᠰᠢᠦ᠋ᠩ ᠢᠳᠡᠰᠢᠨ ᠨᠣᠭᠤᠭᠠᠨ ᠤ | ᠠᠷᠠᠯᠵᠢᠶᠠᠨ ᠤ ᠵᠠᠬ᠎ᠠ ᠳᠡᠯᠭᠡᠭᠦᠷ ᠶᠢᠨ ᠪᠦᠲᠦᠭᠡᠨ ᠪᠠᠶᠢᠭᠤᠯᠣᠭᠰᠠᠨ ᠲᠦᠷᠪᠡᠨ ᠲᠣᠭᠲᠠᠮᠠᠯ ᠳᠣᠯᠠᠭᠠᠨ ᠤ ᠬᠦᠮᠦᠷᠭᠡ | ᠶᠢᠨ ᠬᠠᠳᠠᠭᠠᠯᠠᠮᠵᠢ ᠶᠢᠨ ᠴᠢᠳᠠᠪᠣᠷᠢ ᠨᠢ 5 ᠠᠴᠠ 6 ᠮᠢᠩᠭᠠᠨ ᠳᠣᠨ ᠬᠦᠷᠴᠦ᠂ ᠵᠢᠯ ᠳᠤ ᠡᠯ᠎ᠡ ᠵᠦᠢᠯ ᠤᠨ | ᠢᠳᠡᠰᠢᠨ ᠨᠣᠭᠤᠭ᠎ᠠ ᠶᠢ ᠣᠷᠣᠭᠤᠯᠵᠤ ᠭᠠᠷᠭᠠᠬᠤ ᠴᠢᠳᠠᠪᠣᠷᠢ ᠨᠢ ᠬᠤᠶᠠᠷ ᠳ᠋ᠥᠩᠰᠢᠭᠤᠷ ᠵᠢᠩ ᠢ ᠳᠠᠪᠠᠵᠠᠢ᠃ ᠪᠦᠬᠦ | ᠰᠢᠶᠠᠨ ᠳᠤ ᠪᠠᠰᠠ 36 ᠪᠣᠯᠪᠠᠰᠤᠷᠠᠭᠤᠯᠣᠭᠰᠠᠨ ᠲᠣᠰᠤᠨ ᠤ ᠦᠷᠲᠡᠭᠡ ᠴᠡᠭ ᠲᠠᠢ᠂ ᠵᠢᠯ ᠤᠨ ᠪᠣᠷᠣᠯᠠᠭᠤᠯᠬᠤ ᠨᠣᠷᠮ᠎ᠠ | ᠨᠢ 1.5 ᠳ᠋ᠥᠩᠰᠢᠭᠤᠷ ᠲᠦᠭᠦᠷᠢᠭ ᠤᠨ ᠣᠷᠴᠢᠮ ᠪᠠᠶᠢᠳᠠᠭ᠃37 ᠪᠣᠳᠠᠰ ᠤᠨ ᠭᠦᠢᠯᠭᠡᠭᠡᠨ ᠤ ᠨᠢᠭᠡᠳᠦᠮᠡᠯ ᠠᠵᠣ | ᠠᠬᠤᠢ ᠪᠠᠶᠢᠵᠣ᠂ ᠵᠢᠯ ᠤᠨ ᠬᠤᠳᠠᠯᠳᠣᠭᠠᠨ ᠤ ᠨᠣᠷᠮ᠎ᠠ 500 ᠲᠦᠮᠡᠨ ᠲᠦᠭᠦᠷᠢᠭ ᠬᠦᠷᠴᠦ᠂ 15 ᠲᠦᠷᠭᠡᠨ | ᠬᠦᠷᠭᠡᠯᠲᠡ ᠶᠢᠨ ᠺᠣᠮᠫᠠᠨᠢ᠂ ᠪᠦᠬᠦ ᠰᠢᠶᠠᠨ ᠤ 5 ᠲᠦᠮᠡ ᠣᠷᠴᠢᠮ ᠰᠦᠯᠵᠢᠶᠡᠨ ᠳᠡᠭᠡᠷ᠎ᠡ ᠶᠠᠭᠤᠮ᠎ᠠ ᠬᠤᠳᠠᠯᠳᠤᠨ | ᠠᠪᠣᠭᠰᠠᠳ ᠢ ᠪᠦᠷᠬᠦᠵᠡᠢ᠃ | | | ᠣᠷᠴᠢᠭᠤᠯᠣᠭᠴᠢ᠄ ᠭᠤᠸ᠎ᠠ |