ᠮᠠᠨ ᠤ ᠰᠢᠶᠠᠨ ᠤ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠦᠢᠯᠡᠰ ᠦᠷᠨᠢᠭᠦᠨ ᠬᠦᠭᠵᠢᠯ᠎ᠡ
ᠨᠡᠶᠢᠲᠡᠯᠡᠭᠰᠡᠨ ᠴᠠᠭ᠄
2018-08-27
     ᠥᠨᠥ ᠵᠢᠯ ᠠᠴᠠ ᠰᠢᠩ ᠾᠧ ᠰᠢᠶᠠᠨ ᠨᠢ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠦᠢᠯᠡᠰ ᠢᠶᠠᠨ ᠬᠦᠭᠵᠢᠬᠦᠯᠬᠦ ᠶᠢ ᠭᠤᠷᠪᠠᠳᠤᠭᠠᠷ ᠠᠵᠤ ᠦᠢᠯᠡᠰ ᠢ ᠲᠤᠯᠭᠠᠭᠤᠷᠢᠯᠠᠬᠤ᠂ ᠨᠢᠭᠡᠳᠦᠭᠡᠷ ᠬᠤᠶᠠᠳᠤᠭᠠᠷ ᠠᠵᠤ ᠥᠢᠯᠡᠰ ᠢ ᠬᠠᠪᠰᠣᠷᠣᠨ ᠠᠬᠢᠭᠤᠯᠬᠤ ᠴᠢᠬᠤᠯᠠ ᠬᠦᠳᠡᠯᠭᠡᠬᠦᠷ ᠬᠦᠴᠦᠨ ᠪᠣᠯᠭᠠᠵᠤ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠦᠢᠯᠡᠰ ᠶᠢᠨ ᠬᠢᠷᠢ ᠬᠡᠮᠵᠢᠶ᠎ᠡ ᠬᠦᠷᠢᠶ᠎ᠡ ᠬᠡᠪᠴᠢᠶ᠎ᠡ ᠶᠢ ᠦᠷᠬᠦᠯᠵᠢᠯᠡᠨ ᠦᠷᠭᠡᠳᠬᠡᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠪᠦᠬᠦ ᠰᠢᠶᠠᠨ ᠤ ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠦᠢᠯᠡᠰ ᠦᠷᠨᠢᠭᠦᠨ ᠬᠦᠭᠵᠢᠩᠭᠦᠢ ᠪᠠᠶᠢᠳᠠᠯ ᠲᠠᠢ ᠪᠠᠶᠢᠨ᠎ᠠ᠃      ᠣᠳᠣ ᠪᠦᠬᠦ ᠰᠢᠶᠠᠨ ᠳᠤ 4010 ᠶᠠᠪᠤᠭᠳᠠᠵᠤ ᠪᠠᠶᠢᠭ᠎ᠠ ᠬᠤᠲᠠᠯᠳᠤᠭᠠᠨ ᠤ ᠰᠦᠯᠵᠢᠶᠡᠨ ᠴᠡᠭ ᠪᠠᠶᠢᠵᠤ᠂ 1.3 ᠲᠦᠮᠡ ᠣᠷᠴᠢᠮ ᠠᠵᠢᠯᠲᠠᠨ ᠲᠠᠢ᠃ ᠡᠬᠦᠨ ᠳᠤ ᠬᠤᠶᠠᠷ ᠬᠠᠷᠢᠴᠠᠩᠭᠤᠢ ᠲᠣᠮᠤ ᠬᠡᠯᠪᠡᠷᠢ ᠶᠢᠨ ᠬᠦᠷᠭᠡᠯᠲᠡ ᠶᠢᠨ ᠲᠥᠪ ᠲᠠᠢ᠂ ᠲᠠᠪᠣᠨ ᠬᠤᠳᠠᠯᠳᠣᠭᠠᠨ ᠤ ᠲᠥᠪ ᠲᠠᠢ᠂ ᠬᠤᠶᠠᠷ ᠲᠠᠷᠢᠶᠠᠯᠠᠩ ᠠᠷᠠᠯᠵᠢᠶ᠎ᠠ ᠶᠢᠨ ᠨᠢᠭᠡᠳᠬᠡᠭᠰᠡᠨ ᠪᠦᠭᠡᠮ ᠢᠶᠠᠷ ᠬᠤᠳᠠᠯᠳᠣᠬᠤ ᠵᠠᠬ᠎ᠠ ᠳᠡᠯᠭᠡᠭᠦᠷ ᠲᠠᠢ᠃ 12 ᠣᠯᠠᠨ ᠣᠯᠣᠰ ᠤᠨ ᠪᠠᠭᠤᠳᠠᠯ᠂ ᠬᠤᠣ ᠰᠢᠶᠠᠩ ᠪᠠᠭᠤᠳᠠᠯ ᠵᠡᠷᠭᠡ ᠶᠡᠭᠡ ᠳᠣᠮᠳᠠ ᠬᠡᠯᠪᠡᠷᠢ ᠶᠢᠨ ᠪᠠᠭᠤᠳᠠᠯ ᠲᠠᠢ᠂ ᠡᠳᠥᠷ ᠤᠨ4000 ᠬᠦᠮᠦᠨ ᠤ ᠪᠠᠭᠤᠳᠠᠯ ᠳᠤ ᠬᠤᠨᠣᠭᠯᠠᠬᠤ ᠴᠢᠳᠠᠪᠣᠷᠢ ᠲᠠᠢ᠂ ᠲᠣᠮᠣ ᠬᠡᠯᠪᠡᠷᠢ ᠶᠢᠨ ᠨᠡᠶᠢᠭᠡᠮᠯᠢᠭ᠂ ᠬᠤᠷᠠᠯᠳᠣᠭᠠᠨ ᠢ ᠬᠦᠯᠢᠶᠡᠨ ᠠᠪᠬᠤ ᠨᠦᠬᠦᠴᠡᠯ ᠲᠠᠢ᠃ 500 ᠲᠣᠮᠣ ᠳᠣᠮᠳᠠ ᠬᠡᠯᠪᠡᠷᠢ ᠶᠢᠨ ᠲᠦᠮᠦᠰᠦ ᠶᠢᠨ ᠭᠠᠳᠠᠭᠠᠯᠠᠮᠵᠢ ᠶᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠳᠤ 2 ᠠᠴᠠ 3 ᠳ᠋ᠥᠩᠰᠢᠭᠤᠷ ᠵᠢᠩ ᠬᠠᠳᠠᠭᠠᠯᠠᠬᠤ ᠴᠢᠳᠠᠪᠣᠷᠢ ᠲᠠᠢ᠂ ᠵᠢᠯ ᠤᠨ ᠪᠣᠷᠣᠯᠠᠭᠤᠯᠬᠤ ᠨᠣᠷᠮ᠎ᠠ ᠨᠢ 3 ᠳ᠋ᠥᠩᠰᠢᠭᠤᠷ ᠲᠦᠭᠦᠷᠢᠭ ᠢ ᠳᠠᠪᠠᠵᠠᠢ᠃ ᠪᠦᠯᠬᠦᠮᠳᠡᠯ ᠰᠢᠶᠠᠩ ᠤ ᠶᠠ ᠰᠢᠦ᠋ᠩ ᠢᠳᠡᠰᠢᠨ ᠨᠣᠭᠤᠭᠠᠨ ᠤ ᠠᠷᠠᠯᠵᠢᠶᠠᠨ ᠤ ᠵᠠᠬ᠎ᠠ ᠳᠡᠯᠭᠡᠭᠦᠷ ᠶᠢᠨ ᠪᠦᠲᠦᠭᠡᠨ ᠪᠠᠶᠢᠭᠤᠯᠣᠭᠰᠠᠨ ᠲᠦᠷᠪᠡᠨ ᠲᠣᠭᠲᠠᠮᠠᠯ ᠳᠣᠯᠠᠭᠠᠨ ᠤ ᠬᠦᠮᠦᠷᠭᠡ  ᠶᠢᠨ ᠬᠠᠳᠠᠭᠠᠯᠠᠮᠵᠢ ᠶᠢᠨ ᠴᠢᠳᠠᠪᠣᠷᠢ ᠨᠢ 5 ᠠᠴᠠ 6 ᠮᠢᠩᠭᠠᠨ ᠳᠣᠨ ᠬᠦᠷᠴᠦ᠂ ᠵᠢᠯ ᠳᠤ ᠡᠯ᠎ᠡ ᠵᠦᠢᠯ ᠤᠨ ᠢᠳᠡᠰᠢᠨ ᠨᠣᠭᠤᠭ᠎ᠠ ᠶᠢ ᠣᠷᠣᠭᠤᠯᠵᠤ ᠭᠠᠷᠭᠠᠬᠤ ᠴᠢᠳᠠᠪᠣᠷᠢ ᠨᠢ ᠬᠤᠶᠠᠷ ᠳ᠋ᠥᠩᠰᠢᠭᠤᠷ ᠵᠢᠩ ᠢ ᠳᠠᠪᠠᠵᠠᠢ᠃ ᠪᠦᠬᠦ ᠰᠢᠶᠠᠨ ᠳᠤ ᠪᠠᠰᠠ 36 ᠪᠣᠯᠪᠠᠰᠤᠷᠠᠭᠤᠯᠣᠭᠰᠠᠨ ᠲᠣᠰᠤᠨ ᠤ ᠦᠷᠲᠡᠭᠡ ᠴᠡᠭ ᠲᠠᠢ᠂ ᠵᠢᠯ ᠤᠨ ᠪᠣᠷᠣᠯᠠᠭᠤᠯᠬᠤ ᠨᠣᠷᠮ᠎ᠠ  ᠨᠢ 1.5 ᠳ᠋ᠥᠩᠰᠢᠭᠤᠷ ᠲᠦᠭᠦᠷᠢᠭ ᠤᠨ ᠣᠷᠴᠢᠮ ᠪᠠᠶᠢᠳᠠᠭ᠃37  ᠪᠣᠳᠠᠰ ᠤᠨ ᠭᠦᠢᠯᠭᠡᠭᠡᠨ ᠤ ᠨᠢᠭᠡᠳᠦᠮᠡᠯ ᠠᠵᠣ ᠠᠬᠤᠢ ᠪᠠᠶᠢᠵᠣ᠂ ᠵᠢᠯ ᠤᠨ ᠬᠤᠳᠠᠯᠳᠣᠭᠠᠨ ᠤ ᠨᠣᠷᠮ᠎ᠠ 500 ᠲᠦᠮᠡᠨ ᠲᠦᠭᠦᠷᠢᠭ ᠬᠦᠷᠴᠦ᠂ 15 ᠲᠦᠷᠭᠡᠨ ᠬᠦᠷᠭᠡᠯᠲᠡ ᠶᠢᠨ ᠺᠣᠮᠫᠠᠨᠢ᠂ ᠪᠦᠬᠦ ᠰᠢᠶᠠᠨ ᠤ 5 ᠲᠦᠮᠡ ᠣᠷᠴᠢᠮ ᠰᠦᠯᠵᠢᠶᠡᠨ ᠳᠡᠭᠡᠷ᠎ᠡ ᠶᠠᠭᠤᠮ᠎ᠠ ᠬᠤᠳᠠᠯᠳᠤᠨ ᠠᠪᠣᠭᠰᠠᠳ ᠢ ᠪᠦᠷᠬᠦᠵᠡᠢ᠃                                                         ᠣᠷᠴᠢᠭᠤᠯᠣᠭᠴᠢ᠄ ᠭᠤᠸ᠎ᠠ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3