| | 1 ᠰᠠᠷ᠎ᠠ ᠶᠢᠨ 22 ᠤ ᠡᠳᠦᠷ᠂ ᠰᠢᠶᠠᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ | ᠲᠤᠪᠴᠢᠶᠠᠨ ᠤ ᠤᠳᠤᠷᠢᠳᠬᠤ ᠪᠠᠭ᠂ ᠡᠯ᠎ᠡ ᠬᠠᠪᠰᠣᠷᠣᠨ ᠲᠡᠳᠬᠦᠬᠦ ᠬᠠᠷᠢᠭᠤᠴᠠᠯᠭᠠᠲᠠᠳ ᠡᠷᠳᠡᠨᠢ ᠪᠠᠯᠭᠠᠰᠦ ᠶᠢᠨ | ᠭᠤᠴᠢᠨ ᠨᠠᠢᠮᠠᠳᠤᠭᠠᠷ ᠨᠤᠮᠧᠷᠲᠣ ᠲᠣᠰᠬᠤᠨ ᠳᠤ ︽ᠬᠠᠯᠠᠮᠵᠢᠯᠠᠯ ᠬᠦᠷᠭᠡᠬᠦ ᠬᠦᠳᠡᠯᠭᠡᠭᠡᠨ︾ ᠦᠷᠨᠢᠭᠦᠯᠵᠦ᠂ ᠨᠠᠮ | ᠪᠤᠯᠤᠨ ᠵᠠᠰᠠᠭ ᠤᠨ ᠣᠷᠳᠣᠨ ᠤ ᠬᠠᠯᠠᠮᠵᠢᠯᠠᠯ ᠢ ᠤᠨᠴᠠᠭᠠᠢ ᠶᠠᠳᠠᠭᠤ ᠬᠦᠴᠢᠷᠳᠡᠯᠲᠠᠢ ᠣᠯᠠᠨ ᠲᠦᠮᠡᠨ ᠳᠤ ᠬᠦᠷᠭᠡᠪᠡ᠃ | | | | | ᠲᠣᠪᠴᠢᠶᠠᠨ ᠣᠳᠣᠷᠢᠳᠣᠯᠭ᠎ᠠ ᠠᠴᠠ ᠲᠣᠰᠬᠤᠨ ᠤ ᠵᠦᠪᠯᠡᠯ ᠳᠤ ᠬᠦᠴᠢᠷᠳᠡᠯᠲᠠᠢ ᠣᠯᠠᠨ ᠲᠦᠮᠡᠨ ᠤ | ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠠᠳᠠᠭᠤ ᠬᠦᠴᠢᠷᠳᠡᠯᠲᠠᠢ ᠡᠷᠦᠬᠡ ᠶᠢᠨ 2018 ᠤᠨ ᠤ ᠡᠯ᠎ᠡ | ᠲᠦᠷᠦᠯ ᠤᠨ ᠣᠷᠣᠯᠭ᠎ᠠ ᠵᠢᠴᠢ ᠬᠠᠪᠰᠣᠷᠣᠨ ᠲᠡᠳᠬᠦᠬᠦ ᠦᠷ᠎ᠡ ᠪᠦᠲᠦᠭᠡᠯ ᠢ ᠤᠶᠢᠯᠠᠭᠠᠬᠤ ᠶᠢᠨ ᠳᠠᠭᠠᠤ ᠳᠤ 2019 | ᠣᠨ ᠤ ᠡᠯ᠎ᠡ ᠲᠠᠯ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠰᠤᠨᠤᠰᠴᠠᠢ᠃ ᠬᠤᠷᠠᠯ ᠳᠡᠭᠡᠷ᠎ᠡ ᠣᠯᠠᠨ ᠲᠦᠮᠡᠨ | ᠠᠭᠤᠵᠢᠷᠠᠲᠠᠯ᠎ᠠ ᠶᠠᠷᠢᠯᠴᠠᠵᠦ᠂ ᠬᠦᠴᠢᠷᠳᠡᠯᠲᠠᠢ ᠣᠯᠠᠨ ᠲᠦᠮᠡᠨ ᠠᠴᠠ ᠡᠷᠡᠭᠦᠯ ᠬᠠᠮᠠᠭᠠᠯᠠᠯ ᠪᠠ ᠲᠥᠯᠥᠪᠯᠡᠭᠡᠲᠦ | ᠦᠷᠡᠵᠢᠯ ᠤᠨ ᠲᠣᠪᠴᠢᠶᠠᠨ ᠤ ᠬᠠᠪᠰᠣᠷᠣᠨ ᠲᠡᠳᠬᠦᠬᠦ ᠠᠵᠢᠯ ᠳᠤ ᠥᠨᠳᠦᠷ ᠦᠨᠡᠯᠡᠯᠲᠡ ᠥᠭᠴᠡᠢ᠃ ᠬᠤᠷᠠᠯ ᠤᠨ | ᠳᠠᠷᠠᠭ᠎ᠠ᠂ ᠡᠯ᠎ᠡ ᠬᠠᠪᠰᠣᠷᠣᠨ ᠲᠡᠳᠬᠦᠬᠦ ᠬᠠᠷᠢᠭᠤᠴᠠᠯᠭᠠᠲᠠᠳ ᠬᠦᠴᠢᠷᠳᠡᠯᠲᠠᠢ ᠣᠯᠠᠨ ᠲᠦᠮᠡᠨ ᠳᠤ ᠭᠤᠯᠢᠷ᠂ | ᠳᠣᠲᠣᠷᠭ᠎ᠠ ᠵᠡᠷᠭᠡ ᠲᠤᠬᠤᠨᠢᠭᠤᠯᠬᠤ ᠪᠣᠳᠠᠰ ᠢ ᠬᠦᠷᠭᠡᠵᠦ᠂ ᠲᠠᠳᠡᠨᠠᠷ ᠲᠠᠢ ᠶᠠᠷᠢᠯᠴᠠᠬᠤ ᠶᠢᠨ ᠳᠠᠭᠠᠤ ᠳᠤ | ᠠᠮᠢᠳᠤᠷᠠᠯ ᠤᠨ ᠲᠠᠯ᠎ᠠ ᠪᠠᠷ ᠬᠢ ᠬᠦᠴᠢᠷ ᠵᠤᠪᠠᠭᠤᠷᠢ ᠪᠤᠯᠤᠨ ᠪᠤᠳᠤᠯ ᠰᠠᠨᠠᠭ᠎ᠠ ᠶᠢ ᠨᠢ ᠥᠢᠯᠭᠠᠯᠴᠠᠵᠦ᠂ | ᠶᠠᠳᠠᠭᠤ ᠠᠴᠠ ᠠᠩᠵᠢᠷᠠᠵᠦ ᠪᠠᠶᠠᠨ ᠴᠢᠨᠡᠭᠡᠯᠢᠭ ᠠᠮᠢᠳᠤᠷᠠᠯ ᠢ ᠬᠥᠭᠡᠭᠡᠴᠡᠯᠳᠦᠬᠦ ᠢᠲᠡᠭᠡᠯ ᠵᠤᠷᠢᠭ ᠢ ᠨᠢ ᠬᠦᠪᠴᠢᠯᠡᠨ᠂ | ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠵᠤᠷᠢᠭᠵᠢᠭᠤᠯᠪᠠ᠃ | | | ᠣᠷᠴᠢᠭᠤᠯᠤᠭᠴᠢ᠄ ᠰᠤᠷᠭᠤᠭ | | | | | | |