ᠰᠢᠶᠠᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠤᠪᠴᠢᠶ᠎ᠠ ᠠᠴᠠ ᠶᠠᠳᠠᠭᠤ ᠬᠦᠴᠢᠷᠳᠡᠯᠲᠠᠢ ᠣᠯᠠᠨ ᠲᠦᠮᠡᠨ ᠳᠤ ᠬᠠᠯᠠᠮᠵᠢᠯᠠᠯ ᠬᠦᠷᠭᠡᠬᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2019-01-24
     1 ᠰᠠᠷ᠎ᠠ ᠶᠢᠨ 22 ᠤ ᠡᠳᠦᠷ᠂ ᠰᠢᠶᠠᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠤᠪᠴᠢᠶᠠᠨ ᠤ ᠤᠳᠤᠷᠢᠳᠬᠤ ᠪᠠᠭ᠂ ᠡᠯ᠎ᠡ ᠬᠠᠪᠰᠣᠷᠣᠨ ᠲᠡᠳᠬᠦᠬᠦ ᠬᠠᠷᠢᠭᠤᠴᠠᠯᠭᠠᠲᠠᠳ ᠡᠷᠳᠡᠨᠢ ᠪᠠᠯᠭᠠᠰᠦ ᠶᠢᠨ ᠭᠤᠴᠢᠨ ᠨᠠᠢᠮᠠᠳᠤᠭᠠᠷ ᠨᠤᠮᠧᠷᠲᠣ ᠲᠣᠰᠬᠤᠨ ᠳᠤ ︽ᠬᠠᠯᠠᠮᠵᠢᠯᠠᠯ ᠬᠦᠷᠭᠡᠬᠦ ᠬᠦᠳᠡᠯᠭᠡᠭᠡᠨ︾ ᠦᠷᠨᠢᠭᠦᠯᠵᠦ᠂ ᠨᠠᠮ ᠪᠤᠯᠤᠨ ᠵᠠᠰᠠᠭ ᠤᠨ ᠣᠷᠳᠣᠨ ᠤ ᠬᠠᠯᠠᠮᠵᠢᠯᠠᠯ ᠢ ᠤᠨᠴᠠᠭᠠᠢ ᠶᠠᠳᠠᠭᠤ ᠬᠦᠴᠢᠷᠳᠡᠯᠲᠠᠢ ᠣᠯᠠᠨ ᠲᠦᠮᠡᠨ ᠳᠤ ᠬᠦᠷᠭᠡᠪᠡ᠃
     ᠲᠣᠪᠴᠢᠶᠠᠨ ᠣᠳᠣᠷᠢᠳᠣᠯᠭ᠎ᠠ ᠠᠴᠠ ᠲᠣᠰᠬᠤᠨ ᠤ ᠵᠦᠪᠯᠡᠯ ᠳᠤ ᠬᠦᠴᠢᠷᠳᠡᠯᠲᠠᠢ ᠣᠯᠠᠨ ᠲᠦᠮᠡᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂  ᠶᠠᠳᠠᠭᠤ ᠬᠦᠴᠢᠷᠳᠡᠯᠲᠠᠢ ᠡᠷᠦᠬᠡ ᠶᠢᠨ 2018 ᠤᠨ ᠤ ᠡᠯ᠎ᠡ ᠲᠦᠷᠦᠯ ᠤᠨ ᠣᠷᠣᠯᠭ᠎ᠠ ᠵᠢᠴᠢ ᠬᠠᠪᠰᠣᠷᠣᠨ ᠲᠡᠳᠬᠦᠬᠦ ᠦᠷ᠎ᠡ ᠪᠦᠲᠦᠭᠡᠯ ᠢ ᠤᠶᠢᠯᠠᠭᠠᠬᠤ ᠶᠢᠨ ᠳᠠᠭᠠᠤ ᠳᠤ 2019 ᠣᠨ ᠤ ᠡᠯ᠎ᠡ ᠲᠠᠯ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠰᠤᠨᠤᠰᠴᠠᠢ᠃ ᠬᠤᠷᠠᠯ ᠳᠡᠭᠡᠷ᠎ᠡ ᠣᠯᠠᠨ ᠲᠦᠮᠡᠨ ᠠᠭᠤᠵᠢᠷᠠᠲᠠᠯ᠎ᠠ ᠶᠠᠷᠢᠯᠴᠠᠵᠦ᠂ ᠬᠦᠴᠢᠷᠳᠡᠯᠲᠠᠢ ᠣᠯᠠᠨ ᠲᠦᠮᠡᠨ ᠠᠴᠠ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠲᠣᠪᠴᠢᠶᠠᠨ ᠤ ᠬᠠᠪᠰᠣᠷᠣᠨ ᠲᠡᠳᠬᠦᠬᠦ ᠠᠵᠢᠯ ᠳᠤ ᠥᠨᠳᠦᠷ ᠦᠨᠡᠯᠡᠯᠲᠡ ᠥᠭᠴᠡᠢ᠃ ᠬᠤᠷᠠᠯ ᠤᠨ ᠳᠠᠷᠠᠭ᠎ᠠ᠂ ᠡᠯ᠎ᠡ ᠬᠠᠪᠰᠣᠷᠣᠨ ᠲᠡᠳᠬᠦᠬᠦ ᠬᠠᠷᠢᠭᠤᠴᠠᠯᠭᠠᠲᠠᠳ ᠬᠦᠴᠢᠷᠳᠡᠯᠲᠠᠢ ᠣᠯᠠᠨ ᠲᠦᠮᠡᠨ ᠳᠤ ᠭᠤᠯᠢᠷ᠂ ᠳᠣᠲᠣᠷᠭ᠎ᠠ ᠵᠡᠷᠭᠡ ᠲᠤᠬᠤᠨᠢᠭᠤᠯᠬᠤ ᠪᠣᠳᠠᠰ ᠢ ᠬᠦᠷᠭᠡᠵᠦ᠂ ᠲᠠᠳᠡᠨᠠᠷ ᠲᠠᠢ  ᠶᠠᠷᠢᠯᠴᠠᠬᠤ ᠶᠢᠨ ᠳᠠᠭᠠᠤ ᠳᠤ ᠠᠮᠢᠳᠤᠷᠠᠯ ᠤᠨ ᠲᠠᠯ᠎ᠠ ᠪᠠᠷ ᠬᠢ ᠬᠦᠴᠢᠷ ᠵᠤᠪᠠᠭᠤᠷᠢ ᠪᠤᠯᠤᠨ ᠪᠤᠳᠤᠯ ᠰᠠᠨᠠᠭ᠎ᠠ ᠶᠢ ᠨᠢ ᠥᠢᠯᠭᠠᠯᠴᠠᠵᠦ᠂ ᠶᠠᠳᠠᠭᠤ ᠠᠴᠠ ᠠᠩᠵᠢᠷᠠᠵᠦ ᠪᠠᠶᠠᠨ ᠴᠢᠨᠡᠭᠡᠯᠢᠭ ᠠᠮᠢᠳᠤᠷᠠᠯ ᠢ ᠬᠥᠭᠡᠭᠡᠴᠡᠯᠳᠦᠬᠦ ᠢᠲᠡᠭᠡᠯ ᠵᠤᠷᠢᠭ ᠢ ᠨᠢ ᠬᠦᠪᠴᠢᠯᠡᠨ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠵᠤᠷᠢᠭᠵᠢᠭᠤᠯᠪᠠ᠃                                                     ᠣᠷᠴᠢᠭᠤᠯᠤᠭᠴᠢ᠄ ᠰᠤᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3