| | ᠬᠡᠳᠦᠨ ᠵᠢᠯ ᠤᠨ ᠲᠤᠷᠰᠢ᠂ ᠮᠠᠨ ᠤ ᠰᠢᠶᠠᠨ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠦᠷᠢᠵᠢᠭᠤᠯᠵᠣ᠂ ︽ᠨᠡᠶᠢᠰᠯᠡᠯ ᠤᠨ ᠲᠣᠭᠤᠷᠢᠨ ᠳᠤ᠂ ᠨᠡᠶᠢᠰᠯᠡᠯ ᠳᠤ ᠲᠦᠰᠢᠭᠯᠡᠬᠦ᠂ | ᠨᠡᠶᠢᠰᠯᠡᠯ ᠢ ᠪᠠᠲᠣᠯᠠᠬᠤ᠂ ᠨᠡᠶᠢᠰᠯᠡᠯ ᠳᠤ ᠦᠢᠯᠡᠴᠢᠯᠡᠬᠦ᠂ ᠨᠡᠶᠢᠰᠯᠡᠯ ᠤᠨ ᠠᠰᠢᠭ ᠲᠤᠰᠠ ᠶᠢ ᠬᠦᠷᠲᠡᠬᠦ︾ | ᠬᠥᠭᠵᠢᠯᠲᠡ ᠶᠢᠨ ᠪᠠᠶᠢᠷᠢ ᠶᠢ ᠪᠠᠷᠢᠮᠲᠠᠯᠠᠨ᠂ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠪᠠ | ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠬᠡᠵᠦ᠂ ᠵᠠᠮ ᠬᠠᠷᠢᠯᠴᠠᠭ᠎ᠠ᠂ ᠡᠬᠢ ᠪᠠᠶᠠᠯᠢᠭ᠂ ᠣᠷᠴᠢᠨ | ᠲᠣᠭᠤᠷᠢᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠠᠵᠤ | ᠦᠢᠯᠡᠰ ᠤᠨ ᠰᠢᠯᠵᠢᠯᠲᠡ ᠪᠠ ᠨᠡᠶᠢᠰᠯᠡᠯ ᠤᠨ ᠪᠤᠰᠤ ᠴᠢᠳᠠᠮᠵᠢ ᠶᠢᠨ ᠲᠠᠷᠬᠠᠭᠠᠯᠲᠠ ᠶᠢ ᠢᠳᠡᠪᠬᠢᠲᠡᠢ ᠵᠠᠯᠭᠠᠨ ᠠᠪᠴᠤ᠂ | ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ | ᠬᠥᠭᠵᠢᠯᠲᠡ ᠳᠤ ᠬᠦᠴᠦ ᠨᠡᠮᠡᠷᠢᠯᠡᠪᠡ᠃ | 1—7 ᠳ᠋ᠤᠭᠠᠷ ᠰᠠᠷ᠎ᠠ ᠳᠤ᠂ ᠪᠦᠬᠦ ᠰᠢᠶᠠᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠨᠢ ᠵᠢᠱᠢᠯᠲᠡ ᠪᠠᠷ 28.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 54.4 | ᠳ᠋ᠦᠩᠰᠢᠭᠤᠷ ᠲᠥᠭᠦᠷᠢᠭ ᠤᠨ 51.8 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.7 % ᠪᠠᠷ | ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠪᠦᠷᠢ ᠶᠢᠨ ᠨᠡᠮᠡᠭᠳᠡᠯ ᠥᠷᠲᠡᠭ ᠨᠢ 5.1 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 8.9 ᠳ᠋ᠦᠩᠰᠢᠭᠤᠷ ᠲᠥᠭᠦᠷᠢᠭ ᠤᠨ 57.3 % ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.9 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ | ᠪᠥᠬᠦ ᠬᠤᠲᠠ ᠳᠤ 3 ᠳ᠋ᠤᠭᠠᠷ ᠲᠤ ᠵᠢᠭᠰᠠᠭᠠᠭᠳᠠᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 7.2 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 11.8 ᠳ᠋ᠦᠩᠰᠢᠭᠤᠷ ᠲᠥᠭᠦᠷᠢᠭ ᠤᠨ 61 | % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 69.9 % ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠪᠦᠬᠦ ᠬᠤᠲᠠ ᠶᠢᠨ ᠲᠡᠷᠢᠭᠦᠨ ᠪᠠᠶᠢᠷᠢᠨ ᠳᠤ ᠣᠷᠣᠪᠠ᠃ ᠡᠩ ᠤᠨ ᠣᠯᠠᠨ ᠨᠡᠶᠢᠲᠡ ᠶᠢᠨ ᠡᠳ᠋ ᠤᠨ | ᠵᠠᠰᠠᠭ ᠤᠨ ᠲᠥᠰᠦᠪ ᠤᠨ ᠣᠷᠣᠯᠭ᠎ᠠ ᠨᠢ 1.01 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ | ᠬᠠᠷᠠᠯᠲᠠ ᠶᠢᠨ 1.6 ᠳ᠋ᠦᠩᠰᠢᠭᠤᠷ ᠲᠥᠭᠦᠷᠢᠭ ᠤᠨ 63.1 % ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 7.9 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 4 ᠳ᠋ᠦᠭᠡᠷ | ᠪᠠᠶᠢᠷᠢᠨ ᠳᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠨᠢ 20.89 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠵᠢᠯ ᠤᠨ ᠬᠠᠷᠠᠯᠲᠠ ᠶᠢᠨ 37.4 ᠳ᠋ᠦᠩᠰᠢᠭᠤᠷ ᠲᠥᠭᠦᠷᠢᠭ ᠤᠨ 55.9 % ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 5.3 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 6 | ᠳ᠋ᠤᠭᠠᠷ ᠲᠤ ᠵᠢᠭᠰᠠᠭᠠᠭᠳᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠲᠣᠰ ᠲᠣᠰ 17443 ᠲᠥᠭᠦᠷᠢᠭ ᠪᠠ 6149 ᠲᠥᠭᠦᠷᠢᠭ ᠲᠤ ᠬᠦᠷᠴᠦ᠂ ᠵᠢᠯ ᠤᠨ | ᠬᠠᠷᠠᠯᠲᠠ ᠶᠢᠨ 29611 ᠲᠥᠭᠦᠷᠢᠭ ᠪᠠ 10541 ᠲᠥᠭᠦᠷᠢᠭ ᠤᠨ 58.9 % ᠪᠠ 58.3 % ᠶᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8 % ᠪᠠ 8.5 % ᠪᠠᠷ ᠨᠡᠮᠡᠭᠳᠡᠪᠡ᠃ | | | ᠤᠷᠴᠢᠭᠤᠯᠤᠭᠴᠢ᠄ ᠰᠣᠷᠭᠤᠭ | | | | | | |