ᠭᠡᠷ ᠪᠠᠶᠢᠰᠢᠩ ᠤᠨ ᠬᠤᠳᠠᠯᠳᠤᠭᠠᠨ ᠤ ᠠᠵᠢᠯᠯᠠᠭ᠎ᠠ ᠳᠤᠮᠳᠠ ᠭᠡᠷ᠎ᠡ ᠲᠣᠭᠲᠠᠴᠢᠬᠠᠭᠠᠳ ᠲᠠᠩᠰᠠᠯᠠᠯᠲᠠ ᠬᠢᠬᠦ ᠦᠭᠡᠢ ᠪᠣᠯ ᠬᠦᠴᠦᠨ ᠲᠠᠢ ᠦᠦ︖
ᠨᠡᠶᠢᠲᠡᠯᠡᠭᠰᠡᠨ ᠴᠠᠭ᠄
2019-10-14
︿ᠵᠢᠱᠢᠶ᠎ᠡ ᠭᠡᠷᠡᠭ﹀      ᠸᠠᠨ ᠣᠪᠣᠬᠲᠤ᠂ ᠴᠢᠶᠠᠨ ᠣᠪᠣᠬᠲᠣ ᠶᠢᠨ ᠭᠡᠷ ᠢ ᠬᠤᠲᠠᠯᠲᠣᠨ ᠠᠪᠬᠤ ᠪᠠᠷ ᠪᠣᠯᠵᠤ᠂ ᠬᠤᠶᠠᠷ ᠲᠠᠯ᠎ᠠ ᠪᠠᠷ ᠢᠶᠠᠨ ᠮᠠᠶᠢᠮᠠᠶᠢᠯᠠᠬᠤ ᠭᠡᠷ᠎ᠡ ᠲᠣᠭᠲᠠᠭᠰᠠᠨ ᠪᠣᠯᠪᠠᠴᠦ ᠠᠷᠠᠯᠵᠢᠶᠠᠨ ᠤ ᠲᠦᠪ ᠲᠤ ᠬᠦᠷᠴᠦ᠂ ᠣᠣᠯ ᠲᠠᠩᠰᠠᠯᠠᠯᠲᠠ ᠶᠢ ᠬᠤᠪᠢᠷᠠᠭᠤᠯᠣᠬᠰᠠᠨ ᠦᠭᠡᠢ᠃ ᠸᠠᠨ ᠣᠪᠣᠬᠲᠣ ᠣᠯᠠᠨ ᠣᠲᠠᠭ᠎ᠠ ᠱᠠᠭᠠᠷᠲᠠᠭᠰᠠᠨ ᠪᠣᠯᠪᠠᠴᠦ᠂ ᠴᠢᠶᠠᠨ ᠣᠪᠣᠭᠲᠣ ᠡᠯᠳᠡᠪ ᠰᠢᠯᠲᠠᠭ ᠵᠶᠠᠷ ᠬᠤᠶᠢᠰᠢᠯᠠᠭᠠᠳ ᠪᠠᠶᠢᠪᠠ᠃ ᠡᠬᠦᠨ ᠳᠤ ᠸᠠᠨ ᠣᠪᠣᠭᠲᠣ ᠰᠠᠨᠠᠭ᠎ᠠ ᠠᠮᠤᠷ ᠦᠭᠡᠢ ᠪᠣᠯᠵᠤ᠂ ᠬᠠᠮᠢᠶ᠎ᠠ ᠪᠦᠬᠦᠢ ᠪᠠᠶᠢᠭᠤᠯᠭ᠎ᠠ ᠠᠴᠠ ᠵᠦᠪᠯᠡᠯᠭᠡ ᠠᠪᠬᠤ ᠪᠠᠷ ᠪᠣᠯᠪᠠ᠃ ᠲᠡᠭᠡᠪᠡᠯ ᠭᠡᠷ᠎ᠡ ᠲᠣᠭᠲᠠᠴᠢᠬᠠᠭᠠᠳ ᠲᠠᠩᠰᠠᠯᠠᠯᠲᠠ ᠬᠢᠬᠦ ᠦᠭᠡᠢ ᠦᠶᠡᠰ ᠭᠡᠷ ᠮᠠᠶᠢᠮᠠᠶᠢᠯᠠᠬᠤ ᠠᠵᠢᠯᠯᠠᠭ᠎ᠠ ᠨᠢ ᠬᠦᠴᠦᠨ ᠲᠠᠢ ᠪᠣᠯᠬᠤ ᠦᠦ ︿ᠵᠠᠲᠠᠯᠣᠯᠲᠠ﹀        ︽ᠪᠣᠲᠠᠰ ᠤᠨ ᠡᠷᠭᠡ ᠶᠢᠨ ᠬᠠᠣᠯᠢ︾᠎ ᠶᠢᠨ ᠲᠣᠭᠲᠠᠭᠠᠯ ᠢ ᠦᠨᠳᠦᠰᠦᠯᠡᠪᠡᠯ᠂ ᠬᠠᠣᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠠᠴᠠ ᠭᠠᠲᠠᠨ᠎ᠠ᠂ ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠵᠦ ᠂ ᠬᠤᠪᠢᠷᠠᠭᠤᠯᠵᠤ᠂ ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠶᠣᠰᠣᠭᠠᠷ ᠲᠠᠩᠰᠠᠯᠠᠭᠤᠯᠪᠠᠯ ᠰᠠᠶ᠋ᠢ ᠬᠦᠴᠦᠨ ᠲᠠᠢ ᠪᠣᠯᠵᠤ᠂ ᠲᠠᠩᠰᠠᠯᠠᠭᠤᠯᠣᠬᠰᠠᠨ ᠦᠭᠡᠢ ᠪᠣᠯ ᠬᠦᠴᠦᠨ ᠦᠭᠡᠢ᠃ ᠲᠡᠭᠡᠷ᠎ᠡ ᠲᠣᠷᠠᠲᠣᠭᠰᠠᠨ ᠸᠠᠨ ᠣᠪᠣᠬᠲᠣ ᠪᠣᠯᠣᠨ ᠴᠢᠶᠠᠨ ᠣᠪᠣᠬᠲᠣ ᠶᠢᠨ ᠭᠡᠷ ᠤᠨ ᠮᠠᠶᠢᠮᠠᠢ ᠨᠢ ᠬᠡᠲᠦ᠋ᠢᠪᠡᠷ ᠭᠡᠷ᠎ᠡ ᠲᠣᠭᠲᠠᠭᠰᠠᠨ ᠪᠣᠯᠪᠠᠴᠦ᠂ ᠲᠠᠩᠰᠠᠯᠠᠭᠤᠯᠣᠬᠰᠠᠨ ᠦᠭᠡᠢ ᠪᠣᠯ ᠪᠣᠲᠠᠰ ᠤᠨ ᠡᠷᠭᠡ ᠶᠢᠨ ᠬᠦᠴᠦᠨ ᠳᠤ ᠬᠤᠪᠢᠷᠠᠯᠲᠠ ᠭᠠᠷᠬᠤ ᠦᠭᠡᠢ᠃ ᠡᠶᠢᠮᠣ ᠠᠴᠠ ᠲᠡᠲᠡ ᠭᠡᠷ ᠪᠠᠷᠢᠯᠭ᠎ᠠ ᠶᠢᠨ ᠬᠠᠮᠢᠶᠠᠷᠣᠯᠲᠠ ᠶᠢᠨ ᠭᠠᠵᠠᠷ ᠲᠤ ᠬᠦᠷᠴᠦ ᠡᠷᠦᠭᠡ ᠰᠢᠯᠵᠢᠬᠦᠯᠬᠦ ᠲᠠᠩᠰᠠᠯᠠᠯᠲᠠ ᠬᠢᠯᠭᠡᠪᠡᠯ ᠵᠣᠬᠢᠨ᠎ᠡ᠃ ︿ᠬᠠᠮᠢᠶ᠎ᠠ ᠪᠦᠬᠦᠢ ᠬᠠᠣᠯᠢ ᠶᠢᠨ ᠲᠣᠬᠲᠠᠭᠠᠯ﹀      ︽ᠪᠦᠭᠦᠲᠡ ᠨᠠᠶᠢᠷᠠᠮᠳᠠᠬᠤ ᠳᠣᠮᠳᠠᠳᠤ ᠠᠷᠠᠳ ᠣᠯᠣᠰ ᠤᠨ ᠪᠣᠲᠠᠰ ᠤᠨ ᠡᠷᠬᠡ ᠶᠢᠨ ᠬᠠᠤᠯᠢ︾᠎ ᠶᠢᠨ ᠶᠢᠰᠦᠳᠦᠭᠡᠷ ᠵᠦᠢᠯ ᠳᠤ ︽ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠬᠤ᠂ ᠬᠤᠪᠢᠷᠠᠭᠤᠯᠬᠤ ᠂ ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠶᠣᠰᠣᠭᠠᠷ ᠲᠠᠩᠰᠠᠯᠠᠭᠤᠯᠪᠠᠯ ᠬᠦᠴᠦᠨ ᠲᠠᠢ ᠪᠣᠯᠣᠨ᠎ᠡ᠃ ᠲᠠᠩᠰᠠᠯᠠᠭᠤᠯᠣᠬᠰᠠᠨ ᠦᠭᠡᠢ ᠪᠣᠯ ᠬᠦᠴᠦᠨ ᠦᠭᠡᠢ᠂ ᠭᠡᠪᠡᠴᠦ ᠬᠠᠣᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ ᠡᠬᠦᠨ ᠳᠤ ᠪᠠᠭᠲᠠᠬᠤ ᠦᠭᠡᠢ︾᠃ ᠠᠷᠪᠠᠲᠣᠭᠠᠷ ᠵᠦᠢᠯ ᠳᠤ ︽ᠦᠯᠦ ᠬᠦᠲᠡᠯᠬᠦ ᠬᠦᠷᠦᠩᠭᠡ ᠶᠢᠨ ᠲᠠᠩᠰᠠᠯᠠᠯᠲᠠ ᠶᠢ ᠦᠯᠦ ᠬᠦᠲᠡᠯᠬᠦ ᠬᠦᠷᠦᠩᠭᠡ ᠶᠢᠨ ᠪᠠᠶᠢᠭ᠎ᠠ ᠭᠠᠵᠠᠷ ᠤᠨ ᠲᠠᠩᠰᠠᠯᠠᠬᠤ ᠪᠠᠶᠢᠭᠤᠯᠣᠮᠵᠢ ᠬᠦᠢᠴᠡᠳᠬᠡᠨ᠎ᠡ ᠃ ᠣᠯᠣᠰ ᠠᠴᠠ ᠦᠯᠦ ᠬᠦᠲᠡᠯᠬᠦ ᠬᠦᠷᠦᠩᠭᠡ ᠳᠤ ᠨᠢᠭᠡᠲᠦᠯᠲᠡᠢ ᠲᠠᠩᠰᠠᠯᠠᠯᠲᠠ ᠬᠢᠬᠦ ᠳᠦᠷᠢᠮ ᠢ ᠬᠡᠷᠡᠭᠵᠢᠬᠦᠯᠦᠨ᠎ᠡ᠃ ᠨᠢᠭᠡᠲᠦᠯᠲᠡᠢ ᠲᠠᠩᠰᠠᠯᠠᠬᠤ ᠬᠦᠷᠢᠶ᠎ᠡ ᠬᠡᠪᠴᠢᠶ᠎ᠡ᠂ ᠲᠠᠩᠰᠠᠯᠠᠬᠤ ᠪᠠᠶᠢᠭᠤᠯᠣᠮᠵᠢ ᠪᠠ ᠲᠠᠩᠰᠠᠯᠠᠬᠤ ᠠᠷᠭ᠎ᠠ ᠶᠢ ᠬᠠᠣᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠳᠤ ᠲᠣᠭᠲᠠᠭᠠᠨ᠎ᠠ︾᠃ ᠠᠷᠪᠠᠨ ᠨᠢᠭᠡᠲᠦᠭᠡᠷ ᠵᠦᠢᠯ ᠳᠤ ︽ᠲᠣᠬᠠᠢ ᠶᠢᠨ ᠬᠦᠮᠦᠨ ᠨᠢ ᠲᠠᠩᠰᠠᠯᠠᠭᠤᠯᠬᠤ ᠪᠠᠷ ᠭᠤᠶᠣᠴᠢᠯᠠᠬᠤ ᠳᠤ ᠪᠠᠨ ᠠᠲᠠᠯᠢ ᠪᠣᠰᠣ ᠲᠠᠩᠰᠠᠯᠠᠭᠤᠯᠬᠤ ᠵᠦᠢᠯ ᠢ ᠦᠨᠳᠦᠰᠦᠯᠡᠨ ᠡᠷᠭᠡ ᠶᠢᠨ ᠬᠠᠷᠢᠶᠠᠯᠠᠯ ᠤᠨ ᠭᠡᠷᠡᠴᠢ ᠪᠣᠯᠣᠨ ᠦᠯᠦ ᠬᠦᠲᠡᠯᠬᠦᠬᠦ᠋ᠷᠦᠩᠭᠡ ᠶᠢᠨ ᠵᠠᠭᠠᠭ ᠬᠠᠶ᠋ᠢᠭ᠂ ᠡᠵᠡᠯᠡᠭᠰᠡᠨ ᠲᠠᠯᠠᠪᠠᠢ ᠵᠡᠷᠭᠡ ᠴᠢᠬᠤᠯᠨ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ︾᠃ ᠠᠷᠪᠠᠨ ᠲᠦᠷᠪᠡᠲᠦᠭᠡᠷ ᠵᠦᠢᠯ ᠳᠤ ︽ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠬᠤ᠂ ᠬᠤᠪᠢᠷᠠᠭᠤᠯᠬᠤ᠂ ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠴᠠᠭᠠᠵᠠ ᠶᠢᠨ ᠲᠣᠭᠲᠠᠭᠠᠯ ᠶᠣᠰᠣᠭᠠᠷ ᠲᠠᠩᠰᠠᠯᠠᠯᠲᠠ ᠬᠢᠬᠦ ᠬᠡᠷᠡᠭᠲᠡᠢ ᠪᠠᠶᠢᠪᠠᠯ᠂ ᠲᠡᠷᠨ ᠨᠢ ᠦᠯᠦ ᠬᠦᠲᠡᠯᠬᠦ ᠬᠦᠷᠦᠩᠭᠡ ᠶᠢᠨ ᠲᠠᠩᠰᠠᠯᠠᠯᠲᠠ ᠶᠢᠨ ᠲᠠᠪᠲᠠᠷ ᠲᠤ ᠲᠡᠮᠲᠡᠭᠯᠡᠭᠰᠡᠨ ᠴᠠᠭ ᠠᠴᠠ ᠡᠬᠢᠯᠡᠨ ᠬᠦᠴᠦᠨ ᠲᠠᠢ ᠪᠣᠯᠣᠨ᠎ᠡ︾ ᠭᠡᠵᠦ ᠲᠣᠰ ᠲᠣᠰ ᠲᠣᠭᠲᠠᠭᠠᠵᠠᠢ᠃ ︵ᠮᠦᠷᠡᠨ᠂ ᠪᠣᠣ ᠯᠢᠨ︶                                                ᠢᠷᠡᠯᠲᠡ᠄ ᠠᠷᠠᠳ ᠤᠨ ᠰᠦᠯᠵᠢᠶ᠎ᠡ                                              ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3