ᠮᠠᠨ ᠤ ᠰᠢᠶᠠᠨ ᠨᠢ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2019-10-14
     ᠬᠡᠳᠦᠨ ᠵᠢᠯ ᠤᠨ ᠲᠤᠷᠰᠢ᠂ ᠮᠠᠨ ᠤ ᠰᠢᠶᠠᠨ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠦᠷᠢᠵᠢᠭᠤᠯᠵᠣ᠂ ︽ᠨᠡᠶᠢᠰᠯᠡᠯ ᠤᠨ ᠲᠣᠭᠤᠷᠢᠨ ᠳᠤ᠂ ᠨᠡᠶᠢᠰᠯᠡᠯ ᠳᠤ ᠲᠦᠰᠢᠭᠯᠡᠬᠦ᠂ ᠨᠡᠶᠢᠰᠯᠡᠯ ᠢ ᠪᠠᠲᠣᠯᠠᠬᠤ᠂ ᠨᠡᠶᠢᠰᠯᠡᠯ ᠳᠤ ᠦᠢᠯᠡᠴᠢᠯᠡᠬᠦ᠂ ᠨᠡᠶᠢᠰᠯᠡᠯ ᠤᠨ ᠠᠰᠢᠭ ᠲᠤᠰᠠ ᠶᠢ ᠬᠦᠷᠲᠡᠬᠦ︾ ᠬᠥᠭᠵᠢᠯᠲᠡ ᠶᠢᠨ ᠪᠠᠶᠢᠷᠢ ᠶᠢ ᠪᠠᠷᠢᠮᠲᠠᠯᠠᠨ᠂ ᠠᠵᠤ ᠠᠬᠤᠢ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠪᠠ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠨᠢᠭᠡᠳᠬᠡᠵᠦ᠂ ᠵᠠᠮ ᠬᠠᠷᠢᠯᠴᠠᠭ᠎ᠠ᠂ ᠡᠬᠢ ᠪᠠᠶᠠᠯᠢᠭ᠂ ᠣᠷᠴᠢᠨ ᠲᠣᠭᠤᠷᠢᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠭᠡᠵᠢᠩ ᠲᠢᠶᠠᠨᠵᠢᠨ ᠾᠧᠪᠧᠶ ᠶᠢᠨ ᠠᠵᠤ ᠦᠢᠯᠡᠰ ᠤᠨ ᠰᠢᠯᠵᠢᠯᠲᠡ ᠪᠠ ᠨᠡᠶᠢᠰᠯᠡᠯ ᠤᠨ ᠪᠤᠰᠤ ᠴᠢᠳᠠᠮᠵᠢ ᠶᠢᠨ ᠲᠠᠷᠬᠠᠭᠠᠯᠲᠠ ᠶᠢ ᠢᠳᠡᠪᠬᠢᠲᠡᠢ ᠵᠠᠯᠭᠠᠨ ᠠᠪᠴᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠪᠡ᠃      1—7 ᠳ᠋ᠤᠭᠠᠷ ᠰᠠᠷ᠎ᠠ ᠳᠤ᠂ ᠪᠦᠬᠦ ᠰᠢᠶᠠᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠨᠢ ᠵᠢᠱᠢᠯᠲᠡ ᠪᠠᠷ 28.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 54.4 ᠳ᠋ᠦᠩᠰᠢᠭᠤᠷ ᠲᠥᠭᠦᠷᠢᠭ ᠤᠨ 51.8 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.7 % ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠪᠦᠷᠢ ᠶᠢᠨ ᠨᠡᠮᠡᠭᠳᠡᠯ ᠥᠷᠲᠡᠭ ᠨᠢ 5.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 8.9 ᠳ᠋ᠦᠩᠰᠢᠭᠤᠷ ᠲᠥᠭᠦᠷᠢᠭ ᠤᠨ 57.3 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 26.9 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 3 ᠳ᠋ᠤᠭᠠᠷ ᠲᠤ ᠵᠢᠭᠰᠠᠭᠠᠭᠳᠠᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 7.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 11.8 ᠳ᠋ᠦᠩᠰᠢᠭᠤᠷ ᠲᠥᠭᠦᠷᠢᠭ ᠤᠨ 61 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 69.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠲᠡᠷᠢᠭᠦᠨ ᠪᠠᠶᠢᠷᠢᠨ ᠳᠤ ᠣᠷᠣᠪᠠ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠨᠢ 1.01 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 1.6 ᠳ᠋ᠦᠩᠰᠢᠭᠤᠷ ᠲᠥᠭᠦᠷᠢᠭ ᠤᠨ 63.1 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.9 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 4 ᠳ᠋ᠦᠭᠡᠷ ᠪᠠᠶᠢᠷᠢᠨ ᠳᠤ ᠣᠷᠣᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠨᠢ 20.89 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠤᠨ ᠬᠠᠷᠠᠯᠲᠠ ᠶᠢᠨ 37.4 ᠳ᠋ᠦᠩᠰᠢᠭᠤᠷ ᠲᠥᠭᠦᠷᠢᠭ ᠤᠨ 55.9 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3 % ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ 6 ᠳ᠋ᠤᠭᠠᠷ ᠲᠤ ᠵᠢᠭᠰᠠᠭᠠᠭᠳᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 17443 ᠲᠥᠭᠦᠷᠢᠭ ᠪᠠ 6149 ᠲᠥᠭᠦᠷᠢᠭ ᠲᠤ ᠬᠦᠷᠴᠦ᠂ ᠵᠢᠯ ᠤᠨ ᠬᠠᠷᠠᠯᠲᠠ ᠶᠢᠨ 29611 ᠲᠥᠭᠦᠷᠢᠭ ᠪᠠ 10541 ᠲᠥᠭᠦᠷᠢᠭ ᠤᠨ 58.9 % ᠪᠠ 58.3 % ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8 % ᠪᠠ 8.5 % ᠪᠠᠷ ᠨᠡᠮᠡᠭᠳᠡᠪᠡ᠃                                                        ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3