| | ︿ᠵᠢᠱᠢᠶ᠎ᠡ ᠭᠡᠷᠡᠭ﹀ | ᠸᠠᠨ ᠣᠪᠣᠬᠲᠤ᠂ ᠴᠢᠶᠠᠨ ᠣᠪᠣᠬᠲᠣ ᠶᠢᠨ ᠭᠡᠷ ᠢ ᠬᠤᠲᠠᠯᠲᠣᠨ ᠠᠪᠬᠤ ᠪᠠᠷ ᠪᠣᠯᠵᠤ᠂ ᠬᠤᠶᠠᠷ | ᠲᠠᠯ᠎ᠠ ᠪᠠᠷ ᠢᠶᠠᠨ ᠮᠠᠶᠢᠮᠠᠶᠢᠯᠠᠬᠤ ᠭᠡᠷ᠎ᠡ ᠲᠣᠭᠲᠠᠭᠰᠠᠨ ᠪᠣᠯᠪᠠᠴᠦ ᠠᠷᠠᠯᠵᠢᠶᠠᠨ ᠤ ᠲᠦᠪ ᠲᠤ ᠬᠦᠷᠴᠦ᠂ ᠣᠣᠯ | ᠲᠠᠩᠰᠠᠯᠠᠯᠲᠠ ᠶᠢ ᠬᠤᠪᠢᠷᠠᠭᠤᠯᠣᠬᠰᠠᠨ ᠦᠭᠡᠢ᠃ ᠸᠠᠨ ᠣᠪᠣᠬᠲᠣ ᠣᠯᠠᠨ ᠣᠲᠠᠭ᠎ᠠ ᠱᠠᠭᠠᠷᠲᠠᠭᠰᠠᠨ ᠪᠣᠯᠪᠠᠴᠦ᠂ | ᠴᠢᠶᠠᠨ ᠣᠪᠣᠭᠲᠣ ᠡᠯᠳᠡᠪ ᠰᠢᠯᠲᠠᠭ ᠵᠶᠠᠷ ᠬᠤᠶᠢᠰᠢᠯᠠᠭᠠᠳ ᠪᠠᠶᠢᠪᠠ᠃ ᠡᠬᠦᠨ ᠳᠤ ᠸᠠᠨ ᠣᠪᠣᠭᠲᠣ ᠰᠠᠨᠠᠭ᠎ᠠ ᠠᠮᠤᠷ | ᠦᠭᠡᠢ ᠪᠣᠯᠵᠤ᠂ ᠬᠠᠮᠢᠶ᠎ᠠ ᠪᠦᠬᠦᠢ ᠪᠠᠶᠢᠭᠤᠯᠭ᠎ᠠ ᠠᠴᠠ ᠵᠦᠪᠯᠡᠯᠭᠡ ᠠᠪᠬᠤ ᠪᠠᠷ ᠪᠣᠯᠪᠠ᠃ ᠲᠡᠭᠡᠪᠡᠯ ᠭᠡᠷ᠎ᠡ | ᠲᠣᠭᠲᠠᠴᠢᠬᠠᠭᠠᠳ ᠲᠠᠩᠰᠠᠯᠠᠯᠲᠠ ᠬᠢᠬᠦ ᠦᠭᠡᠢ ᠦᠶᠡᠰ ᠭᠡᠷ ᠮᠠᠶᠢᠮᠠᠶᠢᠯᠠᠬᠤ ᠠᠵᠢᠯᠯᠠᠭ᠎ᠠ ᠨᠢ ᠬᠦᠴᠦᠨ ᠲᠠᠢ ᠪᠣᠯᠬᠤ ᠦᠦ | ︖ | | ︿ᠵᠠᠲᠠᠯᠣᠯᠲᠠ﹀ | ︽ᠪᠣᠲᠠᠰ ᠤᠨ ᠡᠷᠭᠡ ᠶᠢᠨ ᠬᠠᠣᠯᠢ︾ ᠶᠢᠨ ᠲᠣᠭᠲᠠᠭᠠᠯ ᠢ ᠦᠨᠳᠦᠰᠦᠯᠡᠪᠡᠯ᠂ ᠬᠠᠣᠯᠢ ᠴᠠᠭᠠᠵᠠ ᠳᠤ | ᠠᠰᠲᠠᠭᠠᠨ ᠲᠣᠭᠲᠠᠭᠠᠯ ᠲᠠᠢ ᠠᠴᠠ ᠭᠠᠲᠠᠨ᠎ᠠ᠂ ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠵᠦ | ᠂ ᠬᠤᠪᠢᠷᠠᠭᠤᠯᠵᠤ᠂ ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠶᠣᠰᠣᠭᠠᠷ ᠲᠠᠩᠰᠠᠯᠠᠭᠤᠯᠪᠠᠯ ᠰᠠᠶ᠋ᠢ | ᠬᠦᠴᠦᠨ ᠲᠠᠢ ᠪᠣᠯᠵᠤ᠂ ᠲᠠᠩᠰᠠᠯᠠᠭᠤᠯᠣᠬᠰᠠᠨ ᠦᠭᠡᠢ ᠪᠣᠯ ᠬᠦᠴᠦᠨ ᠦᠭᠡᠢ᠃ ᠲᠡᠭᠡᠷ᠎ᠡ ᠲᠣᠷᠠᠲᠣᠭᠰᠠᠨ ᠸᠠᠨ | ᠣᠪᠣᠬᠲᠣ ᠪᠣᠯᠣᠨ ᠴᠢᠶᠠᠨ ᠣᠪᠣᠬᠲᠣ ᠶᠢᠨ ᠭᠡᠷ ᠤᠨ ᠮᠠᠶᠢᠮᠠᠢ ᠨᠢ ᠬᠡᠲᠦ᠋ᠢᠪᠡᠷ ᠭᠡᠷ᠎ᠡ ᠲᠣᠭᠲᠠᠭᠰᠠᠨ ᠪᠣᠯᠪᠠᠴᠦ᠂ | ᠲᠠᠩᠰᠠᠯᠠᠭᠤᠯᠣᠬᠰᠠᠨ ᠦᠭᠡᠢ ᠪᠣᠯ ᠪᠣᠲᠠᠰ ᠤᠨ ᠡᠷᠭᠡ ᠶᠢᠨ ᠬᠦᠴᠦᠨ ᠳᠤ ᠬᠤᠪᠢᠷᠠᠯᠲᠠ ᠭᠠᠷᠬᠤ ᠦᠭᠡᠢ᠃ | ᠡᠶᠢᠮᠣ ᠠᠴᠠ ᠲᠡᠲᠡ ᠭᠡᠷ ᠪᠠᠷᠢᠯᠭ᠎ᠠ ᠶᠢᠨ ᠬᠠᠮᠢᠶᠠᠷᠣᠯᠲᠠ ᠶᠢᠨ ᠭᠠᠵᠠᠷ ᠲᠤ ᠬᠦᠷᠴᠦ ᠡᠷᠦᠭᠡ ᠰᠢᠯᠵᠢᠬᠦᠯᠬᠦ | ᠲᠠᠩᠰᠠᠯᠠᠯᠲᠠ ᠬᠢᠯᠭᠡᠪᠡᠯ ᠵᠣᠬᠢᠨ᠎ᠡ᠃ | | ︿ᠬᠠᠮᠢᠶ᠎ᠠ ᠪᠦᠬᠦᠢ ᠬᠠᠣᠯᠢ ᠶᠢᠨ ᠲᠣᠬᠲᠠᠭᠠᠯ﹀ | ︽ᠪᠦᠭᠦᠲᠡ ᠨᠠᠶᠢᠷᠠᠮᠳᠠᠬᠤ ᠳᠣᠮᠳᠠᠳᠤ ᠠᠷᠠᠳ ᠣᠯᠣᠰ ᠤᠨ ᠪᠣᠲᠠᠰ ᠤᠨ ᠡᠷᠬᠡ ᠶᠢᠨ ᠬᠠᠤᠯᠢ︾ ᠶᠢᠨ | ᠶᠢᠰᠦᠳᠦᠭᠡᠷ ᠵᠦᠢᠯ ᠳᠤ ︽ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠬᠤ᠂ ᠬᠤᠪᠢᠷᠠᠭᠤᠯᠬᠤ | ᠂ ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠶᠣᠰᠣᠭᠠᠷ ᠲᠠᠩᠰᠠᠯᠠᠭᠤᠯᠪᠠᠯ ᠬᠦᠴᠦᠨ ᠲᠠᠢ ᠪᠣᠯᠣᠨ᠎ᠡ᠃ | ᠲᠠᠩᠰᠠᠯᠠᠭᠤᠯᠣᠬᠰᠠᠨ ᠦᠭᠡᠢ ᠪᠣᠯ ᠬᠦᠴᠦᠨ ᠦᠭᠡᠢ᠂ ᠭᠡᠪᠡᠴᠦ ᠬᠠᠣᠯᠢ ᠴᠠᠭᠠᠵᠠ ᠳᠤ ᠠᠰᠲᠠᠭᠠᠨ ᠲᠣᠭᠲᠠᠭᠠᠯ ᠲᠠᠢ | ᠪᠠᠶᠢᠪᠠᠯ ᠡᠬᠦᠨ ᠳᠤ ᠪᠠᠭᠲᠠᠬᠤ ᠦᠭᠡᠢ︾᠃ ᠠᠷᠪᠠᠲᠣᠭᠠᠷ ᠵᠦᠢᠯ ᠳᠤ ︽ᠦᠯᠦ ᠬᠦᠲᠡᠯᠬᠦ ᠬᠦᠷᠦᠩᠭᠡ ᠶᠢᠨ | ᠲᠠᠩᠰᠠᠯᠠᠯᠲᠠ ᠶᠢ ᠦᠯᠦ ᠬᠦᠲᠡᠯᠬᠦ ᠬᠦᠷᠦᠩᠭᠡ ᠶᠢᠨ ᠪᠠᠶᠢᠭ᠎ᠠ ᠭᠠᠵᠠᠷ ᠤᠨ ᠲᠠᠩᠰᠠᠯᠠᠬᠤ ᠪᠠᠶᠢᠭᠤᠯᠣᠮᠵᠢ ᠬᠦᠢᠴᠡᠳᠬᠡᠨ᠎ᠡ | ᠃ ᠣᠯᠣᠰ ᠠᠴᠠ ᠦᠯᠦ ᠬᠦᠲᠡᠯᠬᠦ ᠬᠦᠷᠦᠩᠭᠡ ᠳᠤ ᠨᠢᠭᠡᠲᠦᠯᠲᠡᠢ ᠲᠠᠩᠰᠠᠯᠠᠯᠲᠠ ᠬᠢᠬᠦ ᠳᠦᠷᠢᠮ ᠢ ᠬᠡᠷᠡᠭᠵᠢᠬᠦᠯᠦᠨ᠎ᠡ᠃ | ᠨᠢᠭᠡᠲᠦᠯᠲᠡᠢ ᠲᠠᠩᠰᠠᠯᠠᠬᠤ ᠬᠦᠷᠢᠶ᠎ᠡ ᠬᠡᠪᠴᠢᠶ᠎ᠡ᠂ ᠲᠠᠩᠰᠠᠯᠠᠬᠤ ᠪᠠᠶᠢᠭᠤᠯᠣᠮᠵᠢ ᠪᠠ ᠲᠠᠩᠰᠠᠯᠠᠬᠤ ᠠᠷᠭ᠎ᠠ ᠶᠢ ᠬᠠᠣᠯᠢ | ᠴᠠᠭᠠᠵᠠ᠂ ᠵᠠᠰᠠᠭ ᠵᠠᠬᠢᠷᠭᠠᠨ ᠤ ᠬᠠᠣᠯᠢ ᠲᠣᠭᠲᠠᠭᠠᠯ ᠳᠤ ᠲᠣᠭᠲᠠᠭᠠᠨ᠎ᠠ︾᠃ ᠠᠷᠪᠠᠨ ᠨᠢᠭᠡᠲᠦᠭᠡᠷ ᠵᠦᠢᠯ ᠳᠤ ︽ | ᠲᠣᠬᠠᠢ ᠶᠢᠨ ᠬᠦᠮᠦᠨ ᠨᠢ ᠲᠠᠩᠰᠠᠯᠠᠭᠤᠯᠬᠤ ᠪᠠᠷ ᠭᠤᠶᠣᠴᠢᠯᠠᠬᠤ ᠳᠤ ᠪᠠᠨ ᠠᠲᠠᠯᠢ ᠪᠣᠰᠣ ᠲᠠᠩᠰᠠᠯᠠᠭᠤᠯᠬᠤ ᠵᠦᠢᠯ ᠢ | ᠦᠨᠳᠦᠰᠦᠯᠡᠨ ᠡᠷᠭᠡ ᠶᠢᠨ ᠬᠠᠷᠢᠶᠠᠯᠠᠯ ᠤᠨ ᠭᠡᠷᠡᠴᠢ ᠪᠣᠯᠣᠨ ᠦᠯᠦ ᠬᠦᠲᠡᠯᠬᠦᠬᠦ᠋ᠷᠦᠩᠭᠡ ᠶᠢᠨ ᠵᠠᠭᠠᠭ ᠬᠠᠶ᠋ᠢᠭ᠂ | ᠡᠵᠡᠯᠡᠭᠰᠡᠨ ᠲᠠᠯᠠᠪᠠᠢ ᠵᠡᠷᠭᠡ ᠴᠢᠬᠤᠯᠨ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ︾᠃ ᠠᠷᠪᠠᠨ ᠲᠦᠷᠪᠡᠲᠦᠭᠡᠷ | ᠵᠦᠢᠯ ᠳᠤ ︽ᠦᠯᠦ ᠬᠦᠲᠡᠯᠬᠦ ᠬᠦᠷᠦᠩᠭᠡ ᠶᠢᠨ ᠪᠣᠲᠠᠰ ᠤᠨ ᠡᠷᠭᠡ ᠶᠢ ᠲᠣᠭᠲᠠᠭᠠᠬᠤ᠂ ᠬᠤᠪᠢᠷᠠᠭᠤᠯᠬᠤ᠂ | ᠰᠢᠯᠵᠢᠬᠦᠯᠦᠨ ᠦᠭᠬᠦ ᠪᠠ ᠣᠰᠠᠳᠬᠠᠬᠤ ᠳᠤ ᠬᠠᠣᠯᠢ ᠴᠠᠭᠠᠵᠠ ᠶᠢᠨ ᠲᠣᠭᠲᠠᠭᠠᠯ ᠶᠣᠰᠣᠭᠠᠷ ᠲᠠᠩᠰᠠᠯᠠᠯᠲᠠ ᠬᠢᠬᠦ | ᠬᠡᠷᠡᠭᠲᠡᠢ ᠪᠠᠶᠢᠪᠠᠯ᠂ ᠲᠡᠷᠨ ᠨᠢ ᠦᠯᠦ ᠬᠦᠲᠡᠯᠬᠦ ᠬᠦᠷᠦᠩᠭᠡ ᠶᠢᠨ ᠲᠠᠩᠰᠠᠯᠠᠯᠲᠠ ᠶᠢᠨ ᠲᠠᠪᠲᠠᠷ ᠲᠤ ᠲᠡᠮᠲᠡᠭᠯᠡᠭᠰᠡᠨ | ᠴᠠᠭ ᠠᠴᠠ ᠡᠬᠢᠯᠡᠨ ᠬᠦᠴᠦᠨ ᠲᠠᠢ ᠪᠣᠯᠣᠨ᠎ᠡ︾ ᠭᠡᠵᠦ ᠲᠣᠰ ᠲᠣᠰ ᠲᠣᠭᠲᠠᠭᠠᠵᠠᠢ᠃ ︵ᠮᠦᠷᠡᠨ᠂ ᠪᠣᠣ ᠯᠢᠨ︶ | | | ᠢᠷᠡᠯᠲᠡ᠄ ᠠᠷᠠᠳ ᠤᠨ ᠰᠦᠯᠵᠢᠶ᠎ᠡ | ᠪᠡᠯᠡᠳᠬᠡᠭᠰᠡᠨ ᠨᠢ᠄ ᠰᠣᠷᠭᠤᠭ | | | | | | |