ᠮᠠᠨ ᠤ ᠰᠢᠶᠠᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠵᠦ ᠪᠠᠶᠢᠨ᠎ᠠ
ᠨᠡᠶᠢᠲᠡᠯᠡᠭᠰᠡᠨ ᠴᠠᠭ᠄
2019-10-19
     ᠰᠢᠩ ᠾᠧ ᠰᠢᠶᠠᠨ ᠤ ᠬᠤᠳᠠᠯᠳᠣᠭᠠᠴᠢᠨ ᠣᠷᠢᠵᠦ ᠪᠡᠯᠡ ᠣᠷᠣᠭᠤᠯᠣᠭᠰᠠᠨ ᠦᠷ᠎ᠡ ᠪᠦᠲᠦᠮᠵᠢ ᠨᠢ ᠨᠡᠯᠢᠶᠡᠳ ᠢᠯᠡᠷᠬᠡᠢ᠂ 2019 ᠤᠨ ᠤ ᠭᠤᠷᠪᠠᠳᠤᠭᠠᠷ ᠤᠯᠠᠷᠢᠯ ᠠᠴᠠ ᠨᠠᠰᠢ᠂ ᠰᠢᠩ ᠾᠧ ᠰᠢᠶᠠᠨ ᠤ ᠣᠷᠣᠭᠤᠯᠤᠨ ᠠᠪᠴᠢᠷᠠᠬᠤ ᠪᠠ ᠨᠥᠭᠡᠴᠡᠯᠡᠬᠦ ᠵᠦᠢᠯᠡᠰ ᠨᠡᠶᠢᠲᠡ 32 ᠲᠦᠷᠦᠯ ᠵᠦᠢᠯ ᠪᠠᠶᠢᠵᠦ᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 9 ᠪᠠᠭᠲᠠᠨ᠂ ᠡᠭᠦᠨ ᠳᠤ ᠠᠵᠤ ᠦᠢᠯᠡᠳᠪᠦᠷᠢ ᠶᠢᠨ ᠲᠥᠷᠥᠯ ᠵᠦᠢᠯ 5᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ 1᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠲᠥᠷᠥᠯ ᠵᠦᠢᠯ 2᠂ ᠡᠨᠧᠷᠭᠢ ᠶᠢᠨ ᠰᠤᠷᠪᠤᠯᠵᠢ ᠶᠢᠨ ᠲᠥᠷᠥᠯ ᠵᠦᠢᠯ 1 ᠪᠠᠶᠢᠨ᠎ᠠ᠃ 12 ᠲᠥᠷᠥᠯ ᠵᠦᠢᠯ ᠨᠢ ᠶᠠᠭ ᠰᠠᠶᠢᠬᠠᠨ ᠵᠠᠯᠭᠠᠯᠲᠠ ᠶᠢᠨ ᠶᠠᠪᠣᠴᠠ ᠳᠤ ᠪᠠᠶᠢᠵᠦ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠵᠦᠢᠯ 2᠂ ᠠᠵᠤ  ᠦᠢᠯᠡᠳᠪᠦᠷᠢ ᠶᠢᠨ ᠲᠥᠷᠥᠯ ᠵᠦᠢᠯ 6᠂ ᠡᠨᠧᠷᠭᠢ ᠶᠢᠨ ᠲᠥᠷᠥᠯ ᠵᠦᠢᠯ 3᠂ ᠪᠠᠷᠠᠭᠠᠨ ᠤ ᠭᠦᠢᠯᠭᠡᠭᠡᠨ ᠤ ᠦᠢᠯᠡᠰ ᠤᠨ ᠲᠦᠷᠦᠯ ᠵᠦᠢᠯ 1 ᠪᠠᠭᠲᠠᠨ᠎ᠠ᠃ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠰᠣᠯᠲᠡ ᠨᠢ ᠲᠦᠷᠭᠡᠨ ᠪᠠᠶᠢᠵᠦ᠂ ᠭᠤᠷᠪᠠᠳᠤᠭᠠᠷ ᠤᠯᠠᠷᠢᠯ ᠠᠴᠠ ᠨᠠᠰᠢ᠂ ᠰᠢᠨ᠎ᠡ ᠪᠠᠷ ᠪᠦᠷᠢᠳᠬᠡᠵᠦ ᠳᠠᠩᠰᠠᠯᠠᠭᠤᠯᠤᠭᠰᠠᠨ ᠠᠵᠤ ᠠᠬᠤᠶᠢᠯᠠᠯ ︵ᠺᠣᠮᠫᠠᠨᠢ︶ ᠨᠢ 221 ᠪᠠᠶᠢᠵᠦ᠂ ᠲᠠᠷᠢᠶᠠᠴᠢᠨ ᠤ ᠲᠤᠰᠬᠠᠶ ᠬᠤᠷᠰᠢᠶᠠᠵᠢᠯ ᠨᠢ 15 ᠪᠠᠶᠢᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ 804 ᠪᠠᠶᠢᠵᠤ᠂ ᠳᠤᠮᠳᠠᠴᠢ ᠪᠠᠷ ᠠᠵᠢᠯᠯᠠᠬᠤ ᠡᠳᠦᠷ ᠪᠦᠷᠢ ᠳᠤ 5 ᠵᠠᠬ᠎ᠠ ᠳᠡᠯᠭᠡᠭᠦᠷ ᠤᠨ ᠭᠤᠤᠯ ᠴᠣᠭᠴᠠ ᠡᠭᠦᠰᠴᠦ ᠪᠠᠶᠢᠨ᠎ᠠ᠃ ᠭᠠᠶᠢᠯᠢ ᠬᠥᠩᠭᠡᠯᠡᠬᠦ ᠲᠥᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠣ᠂ ᠭᠠᠵᠠᠷ ᠰᠢᠷᠣᠢ᠂ ᠠᠭᠤᠷᠬᠠᠢ ᠶᠢᠨ ᠡᠷᠬᠡ ᠶᠢᠨ ᠰᠣᠯᠢᠯᠴᠠᠭᠠᠨ ᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠡᠷᠭᠡ ᠡᠵᠡᠩᠨᠡᠯᠲᠡ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠲᠥᠷᠦᠯ ᠵᠦᠢᠯ ᠢ ᠬᠦᠴᠦᠨ ᠦᠭᠡᠢ ᠪᠣᠯᠭᠠᠵᠤ᠂ ᠮᠤᠵᠢ ᠠᠴᠠ ᠲᠣᠭᠲᠠᠭᠠᠭᠰᠠᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ ᠵᠦᠢᠯᠡᠰ ᠢ ᠰᠦᠢᠳᠬᠡᠯ ᠬᠤᠷᠢᠶᠠᠬᠤ ᠦᠭᠡᠢ ᠪᠣᠯᠭᠠᠨ᠎ᠠ᠃                                                                                                     ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3