| | 2017 ᠣᠨ ᠤ 6 ᠰᠠᠷ᠎ᠠ ᠠᠴᠠ 2019 ᠣᠨ ᠤ 9 ᠰᠠᠷ᠎ᠠ ᠪᠣᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠨᠢ | ᠲᠤᠰᠬᠠᠶ ᠮᠡᠷᠭᠡᠵᠢᠯᠲᠡᠨ ᠤ ᠳᠣᠭᠤᠶᠢᠯᠠᠩ ᠢ ᠵᠣᠬᠢᠶᠠᠨ ᠪᠠᠶᠢᠭᠤᠯᠵᠣ᠂ 2017 - 2019 ᠣᠨ ᠳᠠᠬᠢ ᠤᠯᠤᠰ ᠤᠨ | ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠠᠵᠢᠯ ᠶᠢᠨ ᠪᠠᠶᠢᠳᠠᠯ ᠳᠤ ᠣᠯᠠᠨ ᠤᠳᠠᠭ᠎ᠠ | ᠳᠠᠯᠳᠠᠭᠤᠷ ᠰᠤᠷᠪᠤᠯᠵᠢᠯᠠᠬᠤ ᠪᠠ ᠮᠡᠷᠭᠡᠵᠢᠯ ᠤᠨ ᠦᠨᠡᠯᠡᠯᠲᠡ ᠶᠢᠨ ᠠᠵᠢᠯ ᠢ ᠶᠠᠪᠣᠭᠳᠠᠭᠤᠯᠵᠣ᠂ 2019 ᠣᠨ ᠤ 9 | ᠰᠠᠷ᠎ᠠ ᠳᠤ ᠶᠡᠷᠦᠩᠬᠡᠶᠢᠯᠡᠭᠰᠡᠨ ᠦᠨᠡᠯᠡᠯᠲᠡ ᠬᠢᠵᠡᠶ᠃ ᠰᠢᠩ ᠾᠧ ᠰᠢᠶᠠᠨ ᠨᠢ ᠣᠯᠠᠨ ᠵᠢᠯ ᠤᠨ ᠲᠤᠷᠰᠢ ᠴᠥᠬᠦᠷᠡᠰᠢ | ᠦᠭᠡᠢ ᠴᠢᠷᠮᠠᠶᠢᠯᠠᠭ᠎ᠠ ᠪᠠᠷ ᠳᠠᠮᠵᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠳᠦᠷᠰᠦ ᠪᠠᠶᠢᠳᠠᠯ ᠢ ᠰᠠᠶᠢᠵᠢᠷᠠᠭᠤᠯᠤᠨ᠂ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠢ | ᠴᠢᠩᠭᠠᠳᠬᠠᠵᠤ᠂ ᠠᠷᠠᠳ ᠣᠯᠠᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ | ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ | ᠬᠤᠲᠠ ᠶᠢᠨ ᠪᠠᠷᠢᠮᠵᠢᠶᠠᠨ ᠳᠤ ᠬᠦᠷᠭᠡᠪᠡ᠃ ᠣᠳᠣᠬᠠᠨ ᠳᠤ᠂ ᠶᠠᠭ ᠰᠠᠶᠢᠬᠠᠨ ᠵᠢᠷᠤᠮ ᠶᠣᠰᠣᠭᠠᠷ ᠵᠠᠷᠯᠠᠨ ᠨᠡᠶᠢᠲᠡᠯᠡᠵᠦ | ᠪᠠᠶᠢᠨ᠎ᠠ᠃ | | | ᠣᠷᠴᠢᠭᠤᠯᠣᠭᠴᠢ᠄ ᠰᠣᠷᠭᠤᠭ |