ᠮᠠᠨ ᠤ ᠰᠢᠶᠠᠨ ᠨᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠨᠡᠷᠡᠰ ᠤᠨ ᠵᠢᠭᠰᠠᠭᠠᠯᠲᠠ ᠲᠤ ᠣᠷᠣᠪᠠ
ᠨᠡᠶᠢᠲᠡᠯᠡᠭᠰᠡᠨ ᠴᠠᠭ᠄
2019-10-22
     2017 ᠣᠨ ᠤ 6 ᠰᠠᠷ᠎ᠠ ᠠᠴᠠ 2019 ᠣᠨ ᠤ 9 ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠨᠢ ᠲᠤᠰᠬᠠᠶ ᠮᠡᠷᠭᠡᠵᠢᠯᠲᠡᠨ ᠤ ᠳᠣᠭᠤᠶᠢᠯᠠᠩ ᠢ ᠵᠣᠬᠢᠶᠠᠨ ᠪᠠᠶᠢᠭᠤᠯᠵᠣ᠂ 2017 - 2019 ᠣᠨ ᠳᠠᠬᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ︵ᠰᠢᠶᠠᠨ ᠤ ᠬᠤᠲᠠ︶ ᠶᠢᠨ ᠠᠵᠢᠯ ᠶᠢᠨ ᠪᠠᠶᠢᠳᠠᠯ ᠳᠤ ᠣᠯᠠᠨ ᠤᠳᠠᠭ᠎ᠠ ᠳᠠᠯᠳᠠᠭᠤᠷ ᠰᠤᠷᠪᠤᠯᠵᠢᠯᠠᠬᠤ ᠪᠠ ᠮᠡᠷᠭᠡᠵᠢᠯ ᠤᠨ ᠦᠨᠡᠯᠡᠯᠲᠡ ᠶᠢᠨ ᠠᠵᠢᠯ ᠢ ᠶᠠᠪᠣᠭᠳᠠᠭᠤᠯᠵᠣ᠂ 2019 ᠣᠨ ᠤ 9 ᠰᠠᠷ᠎ᠠ ᠳᠤ ᠶᠡᠷᠦᠩᠬᠡᠶᠢᠯᠡᠭᠰᠡᠨ ᠦᠨᠡᠯᠡᠯᠲᠡ ᠬᠢᠵᠡᠶ᠃ ᠰᠢᠩ ᠾᠧ ᠰᠢᠶᠠᠨ ᠨᠢ ᠣᠯᠠᠨ ᠵᠢᠯ ᠤᠨ ᠲᠤᠷᠰᠢ ᠴᠥᠬᠦᠷᠡᠰᠢ ᠦᠭᠡᠢ ᠴᠢᠷᠮᠠᠶᠢᠯᠠᠭ᠎ᠠ ᠪᠠᠷ ᠳᠠᠮᠵᠢᠨ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠳᠦᠷᠰᠦ ᠪᠠᠶᠢᠳᠠᠯ ᠢ ᠰᠠᠶᠢᠵᠢᠷᠠᠭᠤᠯᠤᠨ᠂ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠷᠠᠳ ᠣᠯᠠᠨ ᠤ ᠪᠣᠯᠪᠠᠰᠤᠨ ᠡᠷᠡᠭᠦᠯ ᠬᠠᠮᠠᠭᠠᠯᠠᠯ ᠤᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢᠨ ᠪᠠᠷᠢᠮᠵᠢᠶᠠᠨ ᠳᠤ ᠬᠦᠷᠭᠡᠪᠡ᠃ ᠣᠳᠣᠬᠠᠨ ᠳᠤ᠂ ᠶᠠᠭ ᠰᠠᠶᠢᠬᠠᠨ ᠵᠢᠷᠤᠮ ᠶᠣᠰᠣᠭᠠᠷ ᠵᠠᠷᠯᠠᠨ ᠨᠡᠶᠢᠲᠡᠯᠡᠵᠦ ᠪᠠᠶᠢᠨ᠎ᠠ᠃                                                          ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3