ᠹᠦ᠋ ᠬᠠᠢ ᠴᠢᠩ ᠰᠢᠩ ᠾᠧ ᠰᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2019-10-25
     10 ᠰᠠᠷ᠎ᠠ ᠶᠢᠨ 22᠎ ᠤ ᠡᠳᠦᠷ ᠤᠨ ᠦᠳᠡ ᠡᠮᠦᠨ᠎ᠡ᠂ ᠹᠦ᠋ ᠬᠠᠢ ᠴᠢᠩ ᠮᠠᠨ ᠤ ᠰᠢᠶᠠᠨ ᠤ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠰᠢᠶᠠᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠤᠨ ᠲᠠᠷᠢᠶᠠᠯᠠᠩ ᠤᠨ ᠣᠨᠴᠠᠭᠠᠢ ᠦᠢᠯᠡᠳᠬᠦᠨ ᠤ ᠬᠡᠲᠦ ᠳᠡᠯᠭᠡᠭᠦᠷ᠂ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠤᠨ ᠨᠡᠪᠴᠢᠭᠦᠯᠬᠦ ᠣᠷᠣᠨ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠭᠤᠯᠤᠯ ᠤᠨ ᠣᠷᠣᠨ᠂ ᠲᠠᠷᠢᠶᠠᠯᠠᠩ ᠤᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠰᠢᠰᠲ᠋ᠧᠮ ᠢ ᠪᠠᠶᠢᠭᠤᠯᠬᠤ ᠣᠷᠣᠨ᠂ ᠠᠵᠤ ᠠᠬᠤᠶᠢᠯᠠᠯ ᠤᠨ ᠰᠣᠶᠣᠯ ᠤᠨ ᠳᠦᠷᠢ ᠲᠥᠷᠬᠦ ᠶᠢᠨ ᠦᠵᠡᠭᠦᠯᠦᠯᠭᠡ ᠶᠢᠨ ᠣᠷᠣᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠠᠷᠢᠭᠤᠴᠠᠯᠭᠠᠲᠠᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠶᠢᠨ ᠠᠬᠢᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃      ᠹᠦ᠋ ᠬᠠᠢ ᠴᠢᠩ ᠠᠴᠠ᠂ ᠡᠯᠧᠺᠲᠷᠣᠨ ᠬᠤᠳᠠᠯᠳᠤᠭ᠎ᠠ ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠪᠣᠳᠠᠲᠤ ᠴᠣᠭᠴᠠ ᠶᠢᠨ ᠦᠵᠦᠭᠦᠷ ᠪᠣᠯᠤᠭᠰᠠᠨ ᠤ ᠬᠤᠪᠢ ᠳᠤ᠂ ᠮᠠᠨ ᠤ ᠰᠢᠶᠠᠨ ᠤ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠦᠪᠰᠢᠨ᠂ ᠬᠥᠮᠦᠨ ᠨᠡᠶᠢᠭᠡᠮ ᠤᠨ ᠣᠷᠴᠢᠨ ᠲᠣᠭᠤᠷᠢᠨ ᠪᠣᠯᠤᠨ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠭᠤᠷᠢ ᠨᠥᠬᠦᠴᠡᠯ ᠲᠠᠢ ᠤᠶᠠᠯᠳᠤᠭᠤᠯᠵᠤ᠂ ᠲᠣᠰ ᠭᠠᠵᠠᠷ ᠤᠨ ᠤᠨᠴᠠᠯᠢᠬᠳᠤ ᠠᠵᠤ ᠦᠢᠯᠡᠰ ᠪᠣᠯᠤᠨ ᠳᠠᠪᠠᠭᠤᠯᠢᠭ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠵᠣᠷᠢᠯᠲᠠ ᠲᠠᠢ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠳᠤ ᠦᠨᠡᠨᠬᠦ ᠦᠢᠯᠡᠴᠢᠯᠡᠵᠦ᠂ ᠲᠠᠷᠢᠶᠠᠴᠢᠳ ᠢ ᠲᠠᠪᠴᠠᠩ ᠤᠨ ᠬᠠᠮᠤᠭ ᠤᠨ ᠶᠡᠭᠡ ᠠᠰᠢᠭ ᠬᠦᠷᠲᠡᠭᠴᠢ ᠪᠣᠯᠭᠠᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠦᠷ ᠬᠦᠴᠦᠨ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠲᠦᠷᠦᠯ ᠵᠦᠢᠯ ᠢ ᠵᠠᠰᠠᠭ ᠵᠠᠬᠢᠷᠭᠠᠨ ᠤ ᠲᠣᠰᠬᠤᠨ ᠨᠢᠭᠡᠪᠦᠷᠢ ᠳᠤ ᠬᠡᠷᠡᠭᠵᠢᠭᠦᠯᠵᠦ᠂ ᠲᠣᠤᠷ ᠰᠦᠯᠵᠢᠶᠡᠨ ᠤ ᠲᠠᠪᠴᠠᠩ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠡᠯ᠎ᠡ ᠵᠦᠢᠯ ᠤᠨ ᠡᠬᠢ ᠪᠠᠶᠠᠯᠢᠭ ᠢ ᠵᠠᠯᠭᠠᠨ ᠠᠪᠴᠤ᠂ ᠦᠢᠯᠡᠴᠢᠯᠡᠭᠡᠨ ᠤ ᠬᠦᠷᠢᠶ᠎ᠡ ᠶᠢ ᠥᠷᠭᠡᠵᠢᠭᠦᠯᠦᠨ᠂ ᠰᠢᠶᠠᠩ᠂ ᠪᠠᠯᠭᠠᠰᠤ᠂ ᠲᠣᠰᠬᠤᠨ ᠢᠶᠠᠷ ᠪᠦᠷᠭᠦᠭᠰᠡᠨ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠥᠷᠲᠡᠭᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ ᠭᠡᠪᠡ᠃                                                       ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3