ᠮᠠᠨ ᠤ ᠰᠢᠶᠠᠨ ᠤ ᠭᠤᠷᠪᠠᠨ ᠠᠵᠤ ᠦᠢᠯᠡᠰ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2019-10-28
     2019 ᠣᠨ ᠳᠤ ᠰᠢᠩ ᠾᠧ ᠰᠢᠶᠠᠨ ᠨᠢ ᠲᠥᠯᠥᠪᠯᠡᠭᠡ ᠪᠠᠷ 115 ᠲᠦᠮᠡᠨ ᠮᠦ ᠲᠠᠷᠢᠮᠠᠯ ᠲᠠᠷᠢᠵᠦ᠂ ᠡᠭᠦᠨ ᠳᠤ ᠲᠥᠮᠥᠰᠥ 39 ᠲᠦᠮᠡᠨ ᠮᠦ᠂ ᠢᠳᠡᠰᠢᠨ ᠨᠣᠭᠤᠭ᠎ᠠ 8 ᠲᠦᠮᠡᠨ ᠮᠦ᠂ ᠡᠷᠳᠡᠨᠢ ᠰᠢᠰᠢ 20 ᠲᠦᠮᠡᠨ ᠮᠦ ᠂ ᠰᠢᠬᠢᠷ ᠯᠤᠤᠪᠠᠩ᠂ ᠨᠡᠷᠡᠨ ᠬᠤᠸᠠᠷ᠂ ᠬᠤᠮᠠ ᠵᠡᠷᠭᠡ ᠶᠢ ᠨᠡᠶᠢᠲᠡ 26 ᠲᠦᠮᠡᠨ ᠮᠦ ᠲᠠᠷᠢᠵᠦ᠂ ᠡᠯᠳᠡᠪ ᠠᠮᠤ ᠪᠤᠷᠴᠠᠭ ᠵᠢᠴᠢ ᠪᠤᠰᠤᠳ ᠲᠠᠷᠢᠮᠠᠯ ᠶᠢ 22 ᠲᠦᠮᠡᠨ ᠮᠦ ᠲᠠᠷᠢᠵᠦ᠂ ︽ᠤᠮᠠᠷᠠᠲᠤ ᠶᠢᠨ ᠲᠥᠮᠥᠰᠥ ︵ᠰᠠᠶᠢᠠᠤᠰᠤ᠂ ᠡᠤ ᠬᠥ᠋ ᠴᠢᠤᠸᠠᠨ᠂ ᠳ᠋ᠠ ᠺᠦ᠋ ᠯᠢᠶᠠᠨ︶ ᠳᠤᠮᠳᠠ ᠨᠣᠭᠤᠭ᠎ᠠ ︵ᠪᠦᠯᠬᠦᠮᠳᠡᠯ᠂ ᠴᠧᠩ ᠭᠤᠸᠠᠨ᠂ ᠡᠷᠳᠡᠨᠢ︶ ᠡᠮᠦᠨ᠎ᠡ ᠬᠤᠯᠢᠮᠠᠭ ᠠᠮᠤ ︵ᠳ᠋ᠠ ᠲᠦᠩ ᠶᠣᠣ᠂ ᠵᠠᠩ ᠭᠤᠤ᠂ ᠳ᠋ᠢᠶᠠᠨ ᠽᠢ︶︾᠎ ᠶᠢᠨ ᠲᠣᠭᠲᠠᠭᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ ᠪᠦᠬᠦ ᠰᠢᠶᠠᠨ ᠤ ᠮᠠᠯ ᠤᠨ ᠲᠤᠭ᠎ᠠ ᠲᠣᠯᠣᠭᠠᠶ 30.61 ᠲᠦᠮᠡ ᠳᠤ ᠬᠦᠷᠴᠦ᠂ 2.11 ᠲᠦᠮᠡᠨ ᠮᠤ᠋ ᠠᠵᠤ ᠠᠬᠤᠢ ᠶᠢᠨ ᠤᠢ ᠶᠢᠨ ᠡᠭᠦᠷᠭᠡ ᠶᠢ ᠪᠡᠶᠡᠯᠡᠭᠦᠯᠵᠦ᠂ ᠡᠭᠦᠷᠭᠡ ᠶᠢᠨ 1.59 ᠲᠦᠮᠡᠨ ᠮᠤ᠋ ᠤ 132.7 %᠎ ᠶᠢ ᠡᠵᠡᠯᠡᠪᠡ᠃ 2019 ᠣᠨ ᠳᠤ ᠲᠣᠰ ᠰᠢᠶᠠᠨ ᠤ ᠭᠤᠤᠯᠳᠠᠯᠭ᠎ᠠ ᠲᠠᠢ ᠣᠷᠣᠨ ᠤ 1.08 ᠲᠦᠮᠡᠨ ᠮᠤ᠋ ᠨᠣᠭᠤᠭᠠᠷᠠᠭᠤᠯᠤᠯᠲᠠ ᠶᠢᠨ ᠡᠭᠦᠷᠭᠡ ᠶᠢ ᠪᠠᠭᠤᠯᠭᠠᠵᠤ᠂ ᠡᠭᠦᠷᠭᠡ ᠶᠢ ᠪᠦᠬᠦᠨ ᠢ ᠭᠠᠵᠠᠷ ᠣᠷᠣᠨ ᠳᠤ ᠨᠠᠶᠢᠳᠠᠪᠤᠷᠢᠵᠢᠭᠤᠯᠪᠠ᠃ 0.04 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂1600 ᠮᠦ ᠲᠠᠷᠢᠶᠠᠨ ᠭᠠᠵᠠᠷ ᠢ ᠣᠶᠢᠵᠢᠭᠤᠯᠵᠤ᠂ ᠮᠦ ᠪᠦᠷᠢ ᠳᠤ 2500 ᠲᠥᠭᠦᠷᠢᠭ ᠪᠠᠶᠢᠵᠦ᠂ ᠲᠥᠯᠥᠪᠯᠡᠭᠡ ᠪᠠᠨ 100 %᠎ ᠪᠠᠷ ᠪᠡᠶᠡᠯᠡᠭᠦᠯᠪᠡ᠃      ᠭᠤᠷᠪᠠᠳᠤᠭᠠᠷ ᠤᠯᠠᠷᠢᠯ ᠠᠴᠠ ᠨᠠᠰᠢ᠂ ᠬᠡᠪᠴᠢᠶᠡᠵᠢᠯ ᠠᠴᠠ ᠳᠡᠭᠡᠭᠰᠢᠬᠢ 14 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ ᠢ 32.36 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠶ ᠴᠢᠨᠠᠷ ᠰᠠᠶᠢᠲᠠᠶ ᠡᠬᠢᠯᠡᠯᠲᠡ ᠲᠠᠢ ᠪᠠᠶᠢᠵᠦ᠂ ᠡᠯ᠎ᠡ ᠲᠥᠷᠥᠯ ᠤᠨ ᠦᠢᠯᠡᠳᠬᠦᠨ ᠤ ᠭᠠᠷᠤᠯᠲᠠ ᠴᠥᠮ ᠨᠡᠮᠡᠭᠳᠡᠬᠦ ᠬᠠᠨᠳᠤᠰᠢ ᠲᠠᠢ ᠪᠣᠯᠪᠠ᠃ ᠤᠯᠠᠭᠠᠨᠴᠠᠪ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠬᠦᠷᠢᠶᠡᠯᠡᠩ ᠤᠨ ︽ᠭᠤᠷᠪᠠᠨ ᠱᠤᠭᠤᠮ︾᠎ ᠢ ᠨᠡᠪᠲᠡᠷᠡᠭᠦᠯᠦᠨ ᠡᠵᠡᠩᠨᠡᠵᠦ᠂ 9 ᠰᠠᠷ᠎ᠠ ᠶᠢᠨ ᠰᠡᠭᠦᠯᠴᠢ ᠪᠣᠯᠲᠠᠯ᠎ᠠ᠂ ᠬᠦᠷᠢᠶᠡᠯᠡᠩ ᠨᠢ ᠨᠡᠶᠢᠲᠡ 845 ᠲᠦᠮᠡᠨ ᠲᠣᠨ ᠨᠡᠭᠦᠷᠡᠰᠦ ᠵᠥᠭᠡᠭᠡᠪᠦᠷᠢᠯᠡᠨ ᠪᠣᠷᠣᠯᠠᠭᠤᠯᠪᠠ᠃      ᠵᠢᠭᠤᠯᠴᠢᠯᠠᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠰᠠᠶᠢᠨ ᠪᠠᠶᠢᠵᠤ᠂ ᠴᠠᠬᠠᠷ ᠨᠠᠭᠤᠷ᠂ ᠰᠣᠮᠣᠨ ᠠᠭᠤᠯᠠ ᠬᠤᠶᠠᠷ ᠶᠡᠭᠡ ᠦᠵᠡᠮᠵᠢ ᠶᠢᠨ ᠣᠷᠣᠨ ᠢᠶᠠᠷ ᠭᠤᠣᠯ ᠪᠣᠯᠭᠠᠨ᠂ ᠡᠯ᠎ᠡ ᠲᠥᠷᠥᠯ ᠤᠨ ᠬᠦᠳᠡᠯᠭᠡᠭᠡᠨ ᠢ ᠭᠦᠨᠵᠡᠭᠡᠶ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠴᠢᠩᠭᠠᠳᠬᠠᠵᠣ᠂ ᠪᠥᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠪᠥᠬᠦ ᠬᠦᠴᠦᠨ ᠢᠶᠠᠷ ᠲᠦᠯᠬᠢᠨ ᠠᠬᠢᠭᠤᠯᠪᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 102.655 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.18 %᠎ ᠪᠠᠷ ᠨᠡᠮᠡᠭᠳᠡᠵᠦ᠂ ᠵᠢᠭᠡᠯᠡᠯᠭᠡ ᠶᠢᠨ ᠦᠯᠡᠳᠡᠪᠦᠷᠢ ᠨᠢ 48.8141 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.37 %᠎ ᠪᠠᠷ ᠪᠠᠭᠤᠷᠠᠵᠠᠶ᠃                                                        ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3