ᠪᠠᠭ᠎ᠠ ᠬᠡᠪᠢᠭᠴᠢ ᠮᠠᠯ ᠤᠨ ᠬᠢᠵᠢᠭ ᠵᠢᠴᠢ ᠲᠡᠭᠦᠨ ᠤ ᠰᠡᠷᠭᠡᠶᠢᠯᠡᠯᠲᠡ
ᠨᠡᠶᠢᠲᠡᠯᠡᠭᠰᠡᠨ ᠴᠠᠭ᠄
2019-11-13
     ᠪᠠᠭ᠎ᠠ ᠬᠡᠪᠢᠭᠴᠢ ᠮᠠᠯ ᠤᠨ ᠬᠢᠵᠢᠭ ᠢ ᠪᠠᠰᠠ ᠬᠤᠨᠢᠨ ᠬᠢᠵᠢᠭ ᠭᠡᠳᠡᠭ᠃ ᠪᠠᠭ᠎ᠠ ᠬᠡᠪᠢᠭᠴᠢ ᠮᠠᠯ ᠤᠨ ᠬᠢᠵᠢᠭ ᠤᠨ ᠸᠢᠷᠦ᠋ᠰ ᠠᠴᠠ ᠡᠭᠦᠰᠦᠭᠰᠡᠨ ᠨᠢᠭᠡ ᠵᠦᠢᠯ ᠤᠨ ᠲᠦᠷᠭᠡᠨ ᠴᠢᠨᠠᠷᠲᠠᠢ ᠸᠢᠷᠦ᠋ᠰᠲᠦ ᠬᠠᠯᠳᠠᠪᠤᠷᠢᠲᠤ ᠡᠪᠡᠳᠴᠢᠨ ᠪᠣᠯᠣᠨ᠎ᠠ᠃ ᠬᠠᠯᠠᠭᠤᠷᠠᠬᠤ᠂ ᠠᠮᠠᠨ ᠬᠥᠨᠳᠡᠢ ᠶᠢᠨ ᠦᠷᠪᠢᠰᠦᠯ᠂ ᠴᠢᠴᠠᠭ᠎ᠠ ᠠᠯᠳᠠᠬᠤ᠂ ᠠᠭᠤᠰᠬᠢᠨ ᠦᠷᠪᠢᠰᠦᠯ ᠵᠡᠷᠭᠡ ᠡᠪᠡᠳᠴᠢᠨ ᠤ ᠢᠯᠡᠷᠡᠯ ᠲᠠᠢ᠃ ᠡᠮᠦᠨ᠎ᠡ ᠨᠢ ᠲᠤᠰ ᠡᠪᠡᠳᠴᠢᠨ ᠶᠡᠷᠦ ᠳᠡᠯᠭᠡᠷᠡᠵᠦ ᠥᠩᠭᠡᠷᠡᠭᠰᠡᠨ ᠦᠭᠡᠢ ᠭᠠᠵᠠᠷ ᠣᠷᠣᠨ ᠳᠤ ᠬᠡᠷᠪᠡ ᠡᠪᠡᠳᠴᠢᠨ ᠢᠯᠡᠷᠡᠪᠡᠯ ᠴᠢᠩᠭ᠎ᠠ ᠪᠢᠲᠡᠭᠦᠮᠵᠢᠯᠡᠵᠦ᠂ ᠡᠪᠡᠳᠴᠢᠲᠡᠢ ᠬᠤᠨᠢ ᠶᠢ ᠠᠯᠠᠵᠤ᠂ ᠲᠤᠰᠠᠭᠠᠷᠯᠠᠨ ᠠᠷᠢᠭᠤᠳᠬᠠᠬᠤ ᠬᠡᠷᠡᠭᠲᠡᠢ᠃ ᠲᠤᠰ ᠡᠪᠡᠳᠴᠢᠨ ᠤ ᠰᠡᠷᠭᠡᠶᠢᠯᠡᠯᠲᠡ ᠨᠢ ᠭᠤᠣᠯᠳᠠᠭᠤ ᠡᠬᠡᠯᠢᠯᠡᠪᠦᠷᠢ ᠶᠢᠨ ᠲᠠᠷᠢᠯᠭ᠎ᠠ ᠳᠤ ᠲᠦᠰᠢᠭᠯᠡᠨ᠎ᠡ᠃ ᠡᠬᠡᠯᠢᠯᠡᠪᠦᠷᠢ ᠶᠢᠨ ᠬᠤᠭᠤᠴᠠᠭ᠎ᠠ ᠨᠢ 36 ᠰᠠᠷ᠎ᠠ᠃ ᠸᠠᠺᠽᠢᠨ ᠤ ᠲᠣᠳᠣᠷᠬᠠᠶᠢᠯᠠᠯᠲᠠ ᠶᠢᠨ ᠪᠢᠴᠢᠭ ᠶᠣᠰᠣᠭᠠᠷ ᠡᠬᠡᠯᠢᠯᠡᠪᠦᠷᠢ ᠬᠢᠵᠦ᠂ ᠪᠠᠺᠲ᠋ᠧᠷᠢ ᠦᠭᠡᠶᠢᠳᠡᠭᠦᠯᠦᠭᠰᠡᠨ ᠹᠢᠽᠢᠣᠯᠣᠭᠢ ᠶᠢᠨ ᠳᠠᠪᠤᠰᠤᠨ ᠠᠭᠤᠰᠤᠮᠠᠯ ᠢᠶᠠᠷ ᠰᠢᠩᠭᠡᠷᠡᠭᠦᠯᠵᠦ᠂ ᠬᠤᠨᠢ ᠨᠢᠭᠡᠪᠦᠷᠢ ᠶᠢᠨ ᠰᠢᠯᠢ ᠶᠢᠨ ᠬᠦᠵᠦᠭᠦᠨ ᠤ ᠠᠷᠠᠰᠤᠨ ᠳᠣᠣᠷ᠎ᠠ ᠲᠠᠷᠢᠨ᠎ᠠ᠃                                           ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ                                           ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠥᠪᠥᠷ ᠮᠣᠩᠭᠤᠯ ᠤᠨ ᠮᠠᠯ ᠠᠵᠤ ᠠᠬᠤᠢ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3