ᠰᠢᠩ ᠾᠧ ᠰᠢᠶᠠᠨ ᠤ 2019 ᠣᠨ ᠤ 1-10 ᠳ᠋ᠤᠭᠠᠷ ᠰᠠᠷ᠎ᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2019-11-15
     2019 ᠣᠨ ᠤ 10 ᠰᠠᠷ᠎ᠠ ᠪᠣᠯᠲᠠᠯ᠎ᠠ᠂ ᠰᠢᠩ ᠾᠧ ᠰᠢᠶᠠᠨ ᠤ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠤᠭᠰᠠᠨ ᠪᠠᠯᠠ ᠣᠷᠣᠭᠤᠯᠤᠯᠲᠠ ᠶᠢᠨ ᠲᠥᠷᠥᠯ ᠵᠦᠢᠯ ᠨᠢ ᠨᠡᠶᠢᠲᠡ 49 ︵ᠡᠭᠦᠨ ᠳᠤ ᠰᠢᠨ᠎ᠡ ᠲᠥᠷᠥᠯ ᠵᠦᠢᠯ ᠨᠢ 21 ᠪᠣᠶ︶ ᠪᠠᠶᠢᠵᠤ᠂ ᠲᠦᠯᠦᠪᠯᠡᠭᠰᠡᠨ ᠢᠶᠠᠷ ᠶᠡᠷᠥᠩᠬᠡᠢ ᠪᠠᠯᠠ ᠣᠷᠣᠭᠤᠯᠤᠯᠲᠠ ᠨᠢ 91.7 ᠳ᠋ᠦᠩᠰᠢᠭᠤᠷ ᠲᠥᠭᠦᠷᠢᠭ ᠪᠠᠶᠢᠵᠤ᠂ ᠦᠯᠡᠳᠡᠵᠦ ᠪᠠᠶᠢᠭ᠎ᠠ ᠪᠠᠯᠠ ᠣᠷᠣᠭᠤᠯᠤᠯᠲᠠ ᠨᠢ 58.5 ᠳ᠋ᠦᠩᠰᠢᠭᠤᠷ ᠲᠥᠭᠦᠷᠢᠭ ᠪᠣᠶ᠃ ᠣᠳᠣᠬᠠᠨ ᠳᠤ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠣᠭᠰᠠᠨ ᠲᠥᠷᠥᠯ ᠵᠦᠢᠯ ᠨᠢ ᠨᠡᠶᠢᠲᠡ 35 ᠪᠠᠶᠢᠵᠤ᠂ 1-10 ᠳ᠋ᠤᠭᠠᠷ ᠰᠠᠷ᠎ᠠ ᠳᠤ 10.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ ︵ᠡᠭᠦᠨ ᠳᠤ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠥᠷᠥᠯ ᠵᠦᠢᠯ ᠨᠢ 16.9 %᠎ ᠶᠢ ᠡᠵᠡᠯᠡᠵᠦ᠂ ᠠᠵᠤ ᠦᠢᠯᠡᠳᠪᠦᠷᠢ ᠶᠢᠨ ᠲᠥᠷᠥᠯ ᠵᠦᠢᠯ ᠨᠢ 60.0 %᠎ ᠶᠢ ᠡᠵᠡᠯᠡᠵᠦ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ 11.8 %᠎ ᠶᠢ ᠡᠵᠡᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠨᠢ 9.4 %᠎ ᠶᠢ ᠡᠵᠡᠯᠡᠵᠦ᠂ ᠪᠤᠰᠤᠳ ᠲᠥᠷᠥᠯ ᠤᠨ ᠲᠥᠷᠥᠯ ᠵᠦᠢᠯ ᠨᠢ 1.9 %᠎ ᠶᠢ ᠡᠵᠡᠯᠡᠵᠦ ᠪᠣᠶ︶᠂ ᠨᠢᠳᠤᠨᠤᠨ ᠤ ᠠᠳᠠᠯᠢ ᠬᠤᠭᠤᠴᠠᠭᠠᠨ ᠳᠤ 9.7 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.8 %᠎ ᠪᠠᠷ ᠨᠡᠮᠡᠭᠳᠡᠵᠦ᠂ ᠵᠢᠯ ᠤᠨ ᠲᠥᠯᠥᠪᠯᠡᠭᠡ 11.8 ᠳ᠋ᠦᠩᠰᠢᠭᠤᠷ ᠲᠥᠭᠦᠷᠢᠭ ᠤᠨ 89 %᠎ ᠶᠢ ᠪᠡᠶᠡᠯᠡᠭᠦᠯᠵᠡᠶ᠃                                                     ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3