ᠥᠪᠥᠷ ᠮᠣᠩᠭᠤᠯ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2019-11-20
ᠰᠤᠷᠪᠤᠯᠵᠢᠯᠠᠭᠰᠠᠨ ᠴᠠᠭ᠄      2019 ᠣᠨ ᠤ 07 ᠳ᠋ᠤᠭᠠᠷ ᠰᠠᠷ᠎ᠠ ᠶᠢᠨ 03 ᠤ ᠡᠳᠦᠷ ᠤᠨ 15 ᠴᠠᠭ ᠰᠤᠷᠪᠤᠯᠵᠢᠯᠠᠭ᠎ᠠ ᠬᠦᠯᠢᠶᠡᠭᠴᠢ᠄      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠥᠪᠥᠷ ᠮᠣᠩᠭᠤᠯ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠵᠠᠢ᠃                        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠶᠢ ᠤᠷᠢᠵᠤ᠂ ᠲᠡᠭᠦᠨ ᠢᠶᠠᠷ ᠮᠠᠨ ᠤ ᠣᠷᠣᠨ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠲᠤᠬᠠᠢ ᠣᠯᠠᠨ ᠳ᠋ᠤ᠋ ᠨᠠᠷᠢᠯᠢᠭ ᠲᠠᠨᠢᠯᠴᠠᠭᠤᠯᠭ᠎ᠠ ᠬᠢᠯᠭᠡᠬᠦ ᠪᠣᠢ ᠃ ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ ᠸᠠᠩ ᠶᠢᠨ ᠪᠣᠤ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠥᠲᠥᠯᠥᠭᠴᠢ᠄      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠦᠷᠭᠦᠯᠵᠢᠯᠡᠨ ᠬᠥᠭᠵᠢᠬᠦ ᠳᠤ ᠬᠤᠯᠪᠣᠭᠳᠠᠭᠰᠠᠨ ᠦᠨᠳᠦᠰᠦᠨ ᠪᠣᠳᠣᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠯᠤᠰ ᠢᠶᠠᠨ ᠵᠠᠰᠠᠵᠤ ᠵᠠᠰᠠᠭ ᠶᠠᠪᠤᠭᠤᠯᠬᠤ ᠲᠣᠪᠤᠶᠢᠮ᠎ᠠ ᠪᠠᠶᠢᠷᠢᠨ ᠳᠤ ᠲᠠᠯᠪᠢᠭᠰᠠᠭᠠᠷ ᠢᠷᠡᠪᠡ᠃ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖ ᠸᠠᠩ ᠶᠢᠨ ᠪᠣᠤ᠄      ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠩᠬᠠᠷᠤᠨ ᠬᠠᠯᠠᠮᠵᠢᠯᠠᠭᠰᠠᠭᠠᠷ ᠢᠷᠡᠪᠡ᠃ 2014 ᠣᠨ ᠳᠤ ᠮᠠᠨ ᠤ ᠣᠷᠣᠨ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠷᠣᠰᠢᠨ ᠲᠣᠭᠲᠠᠨᠢᠯ ᠪᠠ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠬᠤᠸᠠᠪᠧᠢ᠂ ᠵᠡᠭᠦᠨ ᠬᠤᠶᠢᠲᠤ᠂ ᠪᠠᠷᠠᠭᠤᠨ ᠬᠤᠶᠢᠲᠤ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠨ᠎ᠠ ᠭᠡᠵᠦ ᠵᠢᠭᠠᠨ ᠭᠠᠷᠭᠠᠵᠤ᠂ ᠡᠷᠬᠡᠪᠰᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠪᠢᠳᠡᠨ ᠳᠤ ᠬᠦᠰᠡᠯ ᠨᠠᠶᠢᠳᠠᠯᠭ᠎ᠠ ᠲᠠᠯᠪᠢᠵᠠᠢ᠃      2018 ᠣᠨ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠂ ᠡᠨᠡ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠡᠭᠦᠷᠭᠡ ᠪᠣᠯᠣᠨ᠎ᠠ ᠭᠡᠵᠦ ᠳᠠᠬᠢᠨᠲᠠ ᠵᠢᠭᠠᠨ ᠭᠠᠷᠭᠠᠵᠤ᠂ ᠪᠢᠳᠡᠨ ᠢ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃      ᠡᠨᠡ ᠵᠢᠯ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ ᠰᠡᠷᠭᠦᠭᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ︽ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ︾ ᠶᠢ ᠬᠦᠰᠡᠵᠦ ᠪᠠᠶᠢᠨ᠎ᠠ ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ᠃ ᠶᠡᠷᠦᠩᠬᠡᠢ ᠱᠦᠵᠢ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠣᠯᠠᠨ ᠤᠳᠠᠭ᠎ᠠ ᠴᠢᠬᠤᠯᠠᠴᠢᠯᠠᠵᠤ ᠪᠠᠶᠢᠬᠤ ᠶᠢᠨ ᠰᠢᠯᠲᠠᠭᠠᠨ ᠨᠢ᠂ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢ ᠶᠢᠨ ᠣᠷᠣᠨ ᠪᠠᠶᠢᠵᠤ᠂ ᠣᠢ ᠰᠢᠭᠤᠢ᠂ ᠲᠠᠯ᠎ᠠ ᠨᠤᠲᠤᠭ᠂ ᠨᠦᠢᠲᠠᠨ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠣᠯᠠᠨ ᠵᠦᠢᠯ ᠤᠨ ᠪᠠᠶᠢᠭᠠᠯᠢ ᠶᠢᠨ ᠳᠦᠷᠰᠦ ᠪᠠᠶᠢᠳᠠᠯ ᠲᠠᠢ ᠣᠷᠣᠨ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠠᠮᠢ ᠠᠬᠤᠢ ᠶᠢᠨ ᠰᠢᠰᠲ᠋ᠧᠮ᠂ ᠮᠥᠨ ᠴᠤ ᠠᠮᠢ ᠠᠬᠤᠢ ᠶᠢᠨ ᠰᠢᠰᠲ᠋ᠧᠮ ᠨᠢ ᠲᠦᠢᠯ ᠤᠨ ᠬᠡᠪᠡᠷᠡᠭ ᠪᠠ ᠬᠤᠷᠴᠠ ᠰᠡᠷᠭᠡᠭ ᠭᠠᠵᠠᠷ ᠣᠷᠣᠨ ᠪᠣᠯᠣᠨ᠎ᠠ᠃ ᠲᠡᠭᠦᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠥᠯᠥᠪ ᠪᠠᠶᠢᠳᠠᠯ ᠨᠢ ᠬᠤᠸᠠᠪᠧᠢ᠂ ᠵᠡᠭᠦᠨ ᠬᠤᠶᠢᠲᠤ᠂ ᠪᠠᠷᠠᠭᠤᠨ ᠬᠤᠶᠢᠲᠤ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠨᠢ ᠥᠪᠥᠷ ᠮᠣᠩᠭᠤᠯ ᠳᠤ ᠠᠪᠴᠤ ᠬᠡᠯᠡᠪᠡᠯ᠂ ᠡᠭᠦᠷᠭᠡ ᠨᠢ ᠨᠡᠩ ᠬᠦᠨᠳᠦ᠂ ᠬᠠᠷᠢᠭᠤᠴᠠᠯᠭ᠎ᠠ ᠨᠢ ᠨᠡᠩ ᠶᠡᠭᠡ᠂ ᠱᠠᠭᠠᠷᠳᠠᠯᠭ᠎ᠠ ᠨᠢ ᠨᠡᠩ ᠥᠨᠳᠥᠷ ᠪᠠᠶᠢᠳᠠᠭ᠃ ᠬᠥᠲᠥᠯᠥᠭᠴᠢ᠄      ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠰᠡᠳᠬᠢᠮᠵᠢ ᠶᠢ ᠳᠤᠷᠠᠳᠤᠨ ᠭᠠᠷᠭᠠᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠲᠠᠨᠢᠯᠴᠠᠭᠤᠯᠤᠭᠠᠳ ᠥᠭᠭᠦᠨ᠎ᠡ ᠦᠦ︖ ᠸᠠᠩ ᠶᠢᠨ ᠪᠣᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠨ᠂ ᠬᠠᠷᠢᠭᠤᠴᠠᠯᠭᠠᠲᠤ ᠣᠪᠣᠷ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠶᠡᠭᠡ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠣᠨᠣᠪᠴᠢᠲᠠᠢ ᠡᠵᠡᠮᠳᠡᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠪᠠᠷ ᠬᠥᠭᠵᠢᠭᠰᠡᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠪᠠᠷ ᠬᠦᠴᠦᠯᠡᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠣᠭᠤᠭᠠᠨ ᠥᠩᠭᠡ ᠪᠣᠯ ᠥᠪᠥᠷ ᠮᠣᠩᠭᠤᠯ ᠤᠨ ᠦᠨᠳᠦᠰᠦᠨ ᠥᠩᠭᠡ ᠪᠠ ᠥᠷᠲᠡᠭ ᠪᠠᠶᠢᠵᠤ᠂ ᠠᠮᠢ ᠠᠬᠤᠢ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ ᠭᠡᠵᠦ ᠳᠤᠷᠠᠳᠤᠨ ᠭᠠᠷᠭᠠᠪᠠ︔ ᠠᠮᠢ ᠠᠬᠤᠢ ᠶᠢᠨ ᠬᠤᠷᠢᠭ᠎ᠠ ᠱᠤᠭᠤᠮ ᠢ ᠰᠠᠬᠢᠨ᠂ ᠥᠩᠭᠡ ᠦᠵᠡᠮᠵᠢ ᠬᠢᠭᠡᠳ ᠬᠥᠭᠵᠢᠯᠲᠡ ᠶᠢᠨ ᠬᠤᠣᠰ ᠢᠯᠠᠯᠲᠠ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠬᠢᠭᠡᠳ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠨ ᠰᠢᠢᠳᠪᠦᠷᠢᠯᠡᠵᠦ᠂ ᠣᠷᠴᠢᠨ ᠲᠣᠭᠤᠷᠢᠨ ᠢ ᠰᠦᠢᠳᠬᠡᠬᠦ ᠪᠠᠷ ᠦᠷᠡᠭᠳᠡᠯ ᠪᠣᠯᠭᠠᠵᠤ ᠪᠠᠶᠢᠭᠠᠳ ᠨᠢᠭᠡ ᠴᠠᠭ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ ᠶᠠᠭᠠᠬᠢᠭᠰᠠᠨ ᠴᠤ ᠪᠣᠯᠬᠤ ᠦᠭᠡᠢ︔ ᠨᠣᠭᠤᠭᠠᠨ ᠥᠩᠭᠡᠵᠢᠭᠦᠯᠬᠦ ᠪᠠᠷ ᠬᠥᠲᠥᠴᠢ ᠪᠣᠯᠭᠠᠨ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠣᠷᠣᠨ ᠬᠡᠪᠴᠢᠶᠡᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠢ ᠪᠠᠶᠢᠭᠤᠯᠵᠠᠢ᠃      2015 ᠣᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠬᠢᠭᠡᠳ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠳᠤ ᠵᠠᠰᠠᠯᠲᠠ ᠬᠢᠬᠦ ᠶᠢ ᠴᠢᠩᠭᠠᠳᠬᠠᠵᠤ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠯᠡᠨ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠮᠢ ᠠᠬᠤᠢ ᠶᠢᠨ ᠰᠣᠶᠣᠯ ᠢ ᠶᠡᠭᠡ ᠪᠠᠷ ᠬᠥᠮᠥᠵᠢᠭᠦᠯᠦᠨ ᠪᠤᠶᠢᠵᠢᠭᠤᠯᠵᠤ᠂ ᠥᠪᠥᠷ ᠮᠣᠩᠭᠤᠯ ᠤᠨ ᠠᠮᠢ ᠠᠬᠤᠢ ᠶᠢᠨ ᠲᠥᠯᠥᠪ ᠪᠠᠶᠢᠳᠠᠯ ᠨᠢ ︽ᠪᠦᠬᠦᠯᠢ ᠴᠣᠭᠴᠠ ᠪᠠᠷ ᠨᠢ ᠬᠤᠷᠢᠭᠯᠠᠵᠤ᠂ ᠬᠡᠰᠡᠭ ᠭᠠᠵᠠᠷ ᠨᠢ ᠰᠠᠶᠢᠵᠢᠷᠠᠭᠰᠠᠨ︾ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠡᠢ᠃ ᠬᠥᠲᠥᠯᠥᠭᠴᠢ᠄      ᠮᠠᠨ ᠤ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠵᠠᠰᠠᠨ ᠰᠡᠷᠭᠦᠭᠡᠬᠦ ᠪᠠᠷ ᠢᠮᠠᠭᠲᠠ ᠬᠠᠮᠤᠭ ᠤᠨ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠪᠣᠯᠭᠠᠨ ᠠᠳᠬᠤᠵᠤ᠂ ᠠᠵᠢᠯ ᠤᠨ ᠦᠷ᠎ᠡ ᠪᠦᠲᠦᠮᠵᠢ ᠨᠢ ᠮᠠᠰᠢ ᠲᠣᠪᠤᠶᠢᠮ᠎ᠠ ᠪᠣᠯᠪᠠ᠃ ᠲᠡᠭᠡᠪᠡᠯ ᠲᠠ ᠪᠣᠳᠠᠲᠠᠢ ᠪᠠᠶᠢᠳᠠᠯ ᠢ ᠨᠢ ᠲᠠᠨᠢᠯᠴᠠᠭᠤᠯᠤᠭᠠᠳ ᠥᠭᠭᠦᠨ᠎ᠡ ᠦᠦ︖ ᠸᠠᠩ ᠶᠢᠨ ᠪᠣᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠦᠢ ᠲᠣᠭᠲᠠᠯ ᠪᠠ ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠳᠤ ᠶᠡᠷᠦᠩᠬᠡᠶᠢᠯᠡᠨ ᠵᠠᠰᠠᠯᠲᠠ ᠬᠢᠬᠦ ᠶᠢ ᠨᠢᠭᠡᠳᠦᠯᠲᠡᠢ ᠲᠥᠯᠥᠪᠯᠡᠵᠦ᠂ ᠲᠠᠯ᠎ᠠ ᠨᠤᠲᠤᠭ ᠪᠠ ᠣᠢ ᠰᠢᠭᠤᠢ ᠶᠢ ᠬᠠᠮᠠᠭᠠᠯᠠᠬᠤ ᠪᠠᠷ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢ ᠡᠬᠢ ᠰᠤᠷᠪᠤᠯᠵᠢ ᠠᠴᠠ ᠨᠢ ᠵᠠᠰᠠᠬᠤ᠂ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢ ᠪᠠᠶᠢᠭᠤᠯᠬᠤ᠂ ᠪᠠᠶᠢᠭᠠᠯᠢᠯᠢᠭ ᠣᠢ ᠶᠢᠨ ᠡᠬᠢ ᠪᠠᠶᠠᠯᠢᠭ ᠢ ᠬᠠᠮᠠᠭᠠᠯᠠᠬᠤ ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠤᠰᠤ ᠬᠥᠷᠥᠰᠥ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠢᠭᠲᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠣᠷᠣᠨ ᠢᠶᠠᠷ ᠢᠶᠠᠨ ᠵᠢᠯ ᠪᠦᠷᠢ 1290 ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠵᠦ᠂ 3000 ᠲᠦᠮᠡᠨ ᠮᠦ ᠠᠴᠠ ᠳᠡᠭᠡᠭᠰᠢ ᠡᠪᠡᠰᠦ ᠲᠠᠷᠢᠵᠤ᠂ ᠤᠰᠤ ᠬᠥᠷᠥᠰᠥᠨ ᠤ ᠤᠷᠤᠰᠬᠠᠭᠳᠠᠯ ᠢ ᠵᠠᠰᠠᠬᠤ ᠲᠠᠯᠠᠪᠠᠢ ᠶᠢ 924 ᠲᠦᠮᠡᠨ ᠮᠦ ᠠᠴᠠ ᠳᠡᠭᠡᠭᠰᠢ ᠬᠦᠷᠭᠡᠬᠦ ᠶᠢ ᠪᠡᠶᠡᠯᠡᠭᠦᠯᠪᠡ᠃ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 10.2 ᠳ᠋ᠦᠩᠰᠢᠭᠤᠷ ᠮᠦ ᠠᠰᠢᠭᠯᠠᠵᠤ ᠪᠣᠯᠬᠤᠶᠢᠴᠠ ᠲᠠᠯ᠎ᠠ ᠨᠤᠲᠤᠭ ᠢ ᠪᠦᠬᠦᠨ ᠢ ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠤᠨ᠂ 4.05 ᠳ᠋ᠦᠩᠰᠢᠭᠤᠷ ᠮᠦ ᠭᠠᠵᠠᠷ ᠲᠤ ᠮᠠᠯᠵᠢᠬᠤ ᠶᠢ ᠵᠣᠭᠰᠣᠭᠠᠬᠤ ᠪᠠ ᠰᠡᠯᠭᠦᠨ ᠮᠠᠯᠵᠢᠵᠤ᠂ 6.15 ᠳ᠋ᠦᠩᠰᠢᠭᠤᠷ ᠮᠦ ᠭᠠᠵᠠᠷ ᠤᠨ ᠮᠡᠯ ᠪᠡᠯᠴᠢᠭᠡᠷ ᠤᠨ ᠲᠡᠩᠴᠡᠭᠦᠷᠢᠰᠢᠯ ᠢ ᠪᠠᠲᠤᠯᠠᠪᠠ᠃ ᠵᠠᠰᠠᠯᠲᠠ ᠬᠢᠬᠦ ᠪᠠᠷ ᠳᠠᠮᠵᠢᠭᠤᠯᠤᠨ᠂ ᠮᠠᠨ ᠤ ᠣᠷᠣᠨ ᠤ ᠣᠢ ᠰᠢᠭᠤᠢ ᠶᠢᠨ ᠲᠠᠯᠠᠪᠠᠢ ᠪᠠ ᠨᠥᠭᠡᠴᠡ ᠶᠢᠨ ᠬᠡᠮᠵᠢᠶ᠎ᠡ ᠨᠢ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠦ᠂ ᠪᠦᠬᠦ ᠣᠷᠣᠨ ᠤ ᠳᠣᠯᠣᠳᠤᠭᠠᠷ ᠤᠳᠠᠭᠠᠨ ᠤ ᠣᠢ ᠰᠢᠭᠤᠢ ᠶᠢᠨ ᠡᠬᠢ ᠪᠠᠶᠠᠯᠢᠭ ᠢ ᠢᠯᠭᠠᠨ ᠪᠠᠶᠢᠴᠠᠭᠠᠭᠰᠠᠨ ︵2013 ᠣᠨ︶ ᠦᠷ᠎ᠡ ᠳ᠋ᠦᠩ ᠲᠠᠢ ᠬᠠᠷᠢᠴᠠᠭᠤᠯᠪᠠᠯ᠂ ᠣᠢ ᠰᠢᠭᠤᠢ ᠶᠢᠨ ᠲᠠᠯᠠᠪᠠᠢ ᠶᠢᠨ ᠴᠡᠪᠡᠷ ᠨᠡᠮᠡᠭᠳᠡᠯ ᠨᠢ 1905 ᠲᠦᠮᠡᠨ ᠮᠦ᠂ ᠣᠢ ᠰᠢᠭᠤᠢ ᠶᠢᠨ ᠨᠥᠭᠡᠴᠡ ᠶᠢᠨ ᠬᠡᠮᠵᠢᠶ᠎ᠡ ᠶᠢᠨ ᠴᠡᠪᠡᠷ ᠨᠡᠮᠡᠭᠳᠡᠯ ᠨᠢ 1.82 ᠳ᠋ᠦᠩᠰᠢᠭᠤᠷ ᠺᠦᠪ ᠮᠧᠳ᠋ᠷ ᠲᠤ ᠬᠦᠷᠴᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07 ᠵᠠᠭᠤᠨ ᠤ ᠴᠡᠭ ᠳᠡᠭᠡᠭᠰᠢᠯᠡᠪᠡ︔ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ ︽ᠬᠤᠣᠰ ᠢᠶᠠᠷ ᠪᠠᠭᠠᠰᠬᠤ︾ ᠶᠢ ᠪᠡᠶᠡᠯᠡᠭᠦᠯᠦᠨ᠂ ᠳᠥᠷᠪᠡᠳᠦᠭᠡᠷ ᠤᠳᠠᠭᠠᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠢᠨᠠᠨ ᠬᠡᠮᠵᠢᠯᠲᠡ ︵2009 ᠣᠨ︶ ᠲᠠᠢ ᠬᠠᠷᠢᠴᠠᠭᠤᠯᠪᠠᠯ᠂ ᠲᠤᠰ ᠲᠤᠰ 625 ᠲᠦᠮᠡᠨ ᠮᠦ ᠪᠠ 515 ᠲᠦᠮᠡᠨ ᠮᠦ ᠪᠠᠭᠠᠰᠪᠠ︔ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠨᠢ 44% ᠳᠤ ᠬᠦᠷᠴᠦ᠂ ︽11 · 5︾ ᠶᠢᠨ ᠰᠡᠭᠦᠯᠴᠢ ᠶᠢᠨ ᠦᠶ᠎ᠡ ᠲᠠᠢ ᠬᠠᠷᠢᠴᠠᠭᠤᠯᠪᠠᠯ 7 ᠵᠠᠭᠤᠨ ᠤ ᠴᠡᠭ ᠳᠡᠭᠡᠭᠰᠢᠯᠡᠵᠦ᠂ ᠨᠢᠭᠡᠨᠲᠡ ᠳᠡᠭᠡᠷ᠎ᠡ ᠵᠠᠭᠤᠨ ᠤ ᠨᠠᠶᠠᠭᠠᠳ ᠣᠨ ᠤ ᠳᠤᠮᠳᠠᠴᠢ ᠦᠶ᠎ᠡ ᠶᠢᠨ ᠬᠠᠮᠤᠭ ᠤᠨ ᠰᠠᠶᠢᠨ ᠬᠢᠷᠢ ᠲᠦᠪᠰᠢᠨ ᠳᠤ ᠣᠶᠢᠷᠠᠳᠴᠠᠢ᠃ᠬᠥᠲᠥᠯᠥᠭᠴᠢ᠄      ᠠᠷᠠᠳ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ᠂ ᠣᠷᠴᠢᠨ ᠲᠣᠭᠤᠷᠢᠨ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠤᠯᠭᠠᠮᠳᠠᠭᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠪᠠᠴᠢᠮ ᠡᠭᠦᠷᠭᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠤ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠳᠤ ᠵᠠᠰᠠᠯᠲᠠ ᠬᠢᠭᠰᠡᠨ ᠲᠠᠯ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ ᠸᠠᠩ ᠶᠢᠨ ᠪᠣᠤ᠄      ᠮᠠᠨ ᠤ ᠣᠷᠣᠨ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠᠷ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ᠂ ᠡᠬᠢ ᠢᠷᠡᠯᠲᠡ ᠠᠴᠠ ᠨᠢ ᠰᠡᠷᠭᠡᠶᠢᠯᠡᠬᠦ᠂ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠪᠠ ᠪᠦᠲᠦᠮᠵᠢ ᠰᠠᠶᠢᠲᠠᠢ ᠪᠠᠷ ᠵᠠᠰᠠᠯᠲᠠ ᠬᠢᠬᠦ ᠶᠢ ᠪᠠᠷᠢᠮᠲᠠᠯᠠᠪᠠ᠃ ᠥᠪᠡᠷᠲᠡᠭᠡᠨ ᠵᠠᠰᠠᠬᠤ ᠣᠷᠣᠨ ᠠᠴᠠ ︽ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠲᠣᠭᠲᠠᠭᠠᠪᠠ᠂ ᠡᠨᠡ ᠨᠢ ᠮᠥᠨ ᠴᠤ ᠪᠦᠬᠦ ᠤᠯᠤᠰ ᠤᠨ ᠠᠩᠬᠠᠳᠠᠭᠴᠢ ᠮᠤᠵᠢ ᠶᠢᠨ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠲᠠᠷᠬᠠᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠤᠬᠠᠢ ᠪᠢᠴᠢᠭ ᠮᠠᠲ᠋ᠧᠷᠢᠶᠠᠯ ᠪᠠᠶᠢᠵᠤ᠂ ᠡᠯ᠎ᠡ ᠭᠠᠵᠠᠷ ᠤᠨ ᠬᠢᠨ ︽ᠨᠠᠮ ᠵᠠᠰᠠᠭ ᠬᠠᠮᠲᠤ ᠪᠠᠷ ᠬᠠᠷᠢᠭᠤᠴᠠᠵᠤ᠂ ᠨᠢᠭᠡ ᠠᠵᠢᠯ ᠤᠨ ᠪᠠᠶᠢᠷᠢ ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠬᠦ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠴᠢᠩᠭ᠎ᠠ ᠴᠣᠬᠢᠯᠲᠠ ᠥᠭᠴᠦ᠂ ᠣᠭᠲᠣ ᠠᠭᠤᠴᠢᠯᠠᠬᠤ ᠦᠭᠡᠢ ᠣᠪᠣᠷ ᠢᠶᠠᠷ ᠠᠮᠢ ᠠᠬᠤᠢ ᠶᠢ ᠡᠪᠳᠡᠭᠰᠡᠨ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 2018 ᠣᠨ ᠳᠤ᠂ ᠪᠦᠬᠦ ᠣᠷᠣᠨ ᠤ ᠠᠭᠠᠷ ᠤᠨ ᠶᠠᠰᠤ ᠴᠢᠨᠠᠷ ᠨᠢ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ 83.6% ᠳᠤ ᠬᠦᠷᠴᠦ᠂ PM2.5 ᠶᠢᠨ ᠳᠤᠮᠳᠠᠴᠢ ᠥᠳᠬᠡᠴᠡ ᠨᠢ ᠠᠳᠠᠯᠢ ᠬᠤᠭᠤᠴᠠᠭᠠᠨ ᠤ ᠬᠢ ᠠᠴᠠ 9.7% ︵ᠡᠯᠡᠰᠦ ᠲᠣᠭᠤᠰᠣ ᠲᠠᠢ ᠴᠠᠭ ᠠᠭᠠᠷ ᠤᠨ ᠨᠥᠯᠥᠭᠡ ᠶᠢ ᠠᠷᠢᠯᠭᠠᠬᠤ︶ ᠪᠠᠷ ᠪᠠᠭᠤᠷᠠᠪᠠ︔ ᠭᠠᠵᠠᠷ ᠳᠡᠭᠡᠷᠡᠬᠢ ᠤᠰᠤᠨ ᠤ ᠰᠢᠯᠭᠠᠨ ᠬᠢᠨᠠᠬᠤ ᠣᠭᠲᠣᠯᠣᠭᠠᠰᠤ ᠶᠢᠨ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ ᠨᠢ 53.8% ᠳᠤ ᠬᠦᠷᠴᠦ᠂ ᠮᠠᠭᠤ v ᠲᠥᠷᠥᠯ ᠤᠨ ᠤᠰᠤᠨ ᠴᠣᠭᠴᠠ ᠶᠢᠨ ᠣᠭᠲᠣᠯᠣᠭᠠᠰᠤ ᠶᠢᠨ ᠬᠠᠷᠢᠴᠠᠯ ᠨᠢ 3.8% ᠳᠤ ᠬᠦᠷᠪᠡ︔ ᠬᠦᠬᠦᠷ ᠤᠨ ᠳᠠᠪᠬᠤᠷ ᠢᠰᠦᠯ᠂ ᠠᠽᠣᠲ ᠤᠨ ᠢᠰᠦᠯ ᠂ ᠬᠢᠮᠢ ᠶᠢᠨ ᠬᠦᠴᠢᠯᠲᠥ᠋ᠷᠥᠭᠴᠢ ᠱᠠᠭᠠᠷᠳᠠᠬᠤ ᠬᠡᠮᠵᠢᠶ᠎ᠡ᠂ ᠰᠢᠪᠲᠦᠷᠲᠦ ᠠᠽᠣᠲ ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠨᠢ 2015 ᠣᠨ ᠤ ᠬᠢ ᠠᠴᠠ ᠲᠤᠰ ᠲᠤᠰ 15%᠂ 10%᠂ 5.6%᠂ 10.7% ᠪᠠᠷ ᠪᠠᠭᠤᠷᠠᠪᠠ ᠃ ᠬᠥᠯᠥᠨ ᠨᠠᠭᠤᠷ ᠤᠨ ᠲᠠᠯᠠᠪᠠᠢ ᠦᠷᠭᠦᠯᠵᠢᠯᠡᠨ ᠨᠡᠮᠡᠭᠳᠡᠨ᠂ ᠲᠠᠶᠢᠭ᠎ᠠ ᠨᠠᠭᠤᠷ ᠤᠨ ᠤᠰᠤᠨ ᠲᠦᠪᠰᠢᠨ ᠤ ᠳᠣᠷᠣᠭᠰᠢᠯᠠᠬᠤ ᠬᠠᠨᠳᠤᠰᠢ ᠤᠳᠠᠭᠠᠰᠢᠷᠠᠵᠤ᠂ ᠤᠯᠠᠭᠠᠨᠰᠤᠬᠠᠢ ᠶᠢᠨ ᠰᠠᠪᠠ ᠭᠠᠵᠠᠷ ᠢ ᠵᠠᠰᠠᠨ ᠰᠡᠷᠭᠦᠭᠡᠬᠦ ᠢᠨᠵᠧᠨᠧᠷᠢᠩ ᠢ ᠤᠯᠤᠰ ᠤᠨ ᠭᠤᠷᠪᠠᠳᠤᠭᠠᠷ ᠪᠦᠯᠦᠭ ᠠᠭᠤᠯᠠ ᠤᠰᠤ ᠣᠢ ᠲᠠᠷᠢᠶ᠎ᠠ ᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠣᠷᠣᠭᠤᠯᠪᠠ᠃ ᠪᠦᠬᠦ ᠣᠷᠣᠨ ᠤ ᠣᠷᠴᠢᠨ ᠲᠣᠭᠤᠷᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠥᠪᠥᠷ ᠮᠣᠩᠭᠤᠯ ᠤᠨ ᠣᠭᠲᠠᠷᠭᠤᠢ ᠶᠢ ᠨᠡᠩ ᠴᠡᠯᠮᠡᠭ᠂ ᠠᠭᠤᠯᠠ ᠶᠢ ᠨᠡᠩ ᠬᠥᠬᠡᠮᠳᠦᠭ᠂ ᠤᠰᠤ ᠶᠢ ᠨᠡᠩ ᠲᠤᠩᠭᠠᠯᠠᠭ᠂ ᠠᠭᠠᠷ ᠢ ᠨᠡᠩ ᠴᠡᠪᠡᠷ ᠪᠣᠯᠭᠠᠵᠤ᠂ ᠥᠷᠭᠡᠨ ᠣᠯᠠᠨ ᠲᠦᠮᠡᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠴᠢᠩᠭᠠᠷᠠᠭᠤᠯᠵᠠᠢ᠃ ᠬᠥᠲᠥᠯᠥᠭᠴᠢ᠄      ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠠᠴᠠ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠠᠬᠢᠭᠤᠯᠤᠭᠰᠠᠨ ᠢ ᠣᠯᠠᠨ ᠳᠤ ᠶᠠᠷᠢᠭᠠᠳ ᠥᠭᠭᠦᠨ᠎ᠡ ᠦᠦ︖ ᠸᠠᠩ ᠶᠢᠨ ᠪᠣᠤ᠄      ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠡᠬᠢ ᠪᠠᠶᠠᠯᠢᠭ ᠤᠨ ᠣᠷᠴᠢᠨ ᠲᠣᠭᠤᠷᠢᠨ ᠤ ᠬᠦᠯᠢᠶᠡᠰᠦᠯᠡᠯ ᠢ ᠡᠪᠳᠡᠵᠦ᠂ ᠬᠥᠮᠥᠨ ᠬᠢᠭᠡᠳ ᠪᠠᠶᠢᠭᠠᠯᠢ ᠶᠢ ᠡᠶ᠎ᠡ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠠᠬᠢᠭᠤᠯᠬᠤ ᠦᠨᠳᠦᠰᠦᠨ ᠪᠣᠳᠣᠯᠭ᠎ᠠ ᠪᠣᠯᠣᠨ᠎ᠠ᠃ ᠮᠠᠨ ᠤ ᠣᠷᠣᠨ ᠠᠴᠠ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠯᠡᠭᠦᠳᠡᠭᠰᠡᠨ ᠪᠠ ᠲᠠᠶᠠᠭᠳᠠᠭᠰᠠᠨ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠲᠦᠷᠭᠡᠳᠬᠡᠨ ᠨᠠᠮᠳᠠᠭᠠᠵᠤ᠂ ︽13 · 5︾ ᠠᠴᠠ ᠨᠠᠭᠠᠰᠢ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠨᠡᠶᠢᠲᠡ 2250 ᠲᠦᠮᠡᠨ ᠲᠣᠨ ᠪᠤᠴᠠᠭᠠᠨ ᠭᠠᠷᠭᠠᠵᠤ᠂ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ 346 ᠲᠦᠮᠡᠨ ᠲᠣᠨ ᠲᠠᠶᠠᠭᠳᠠᠭᠤᠯᠵᠤ᠂ ᠤᠯᠤᠰ ᠠᠴᠠ ᠪᠠᠭᠤᠯᠭᠠᠭᠰᠠᠨ ︽13 · 5︾ ᠬᠤᠭᠤᠴᠠᠭᠠᠨ ᠳᠠᠬᠢ ᠨᠡᠭᠦᠷᠡᠰᠦ᠂ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠠᠷᠢᠯᠭᠠᠬᠤ ᠡᠭᠦᠷᠭᠡ ᠶᠢ ᠬᠤᠶᠠᠷ ᠵᠢᠯ ᠤᠷᠢᠳᠴᠢᠯᠠᠨ ᠪᠡᠶᠡᠯᠡᠭᠦᠯᠪᠡ︔ ︽ᠰᠢᠭᠠᠷᠤ ᠪᠣᠯᠣᠳ︾ ᠢ 243 ᠲᠦᠮᠡᠨ ᠲᠣᠨ ᠬᠦᠴᠦᠨ ᠦᠭᠡᠢ ᠪᠣᠯᠭᠠᠵᠤ᠂ ᠬᠤᠴᠣᠷᠤᠩᠭᠤᠢ ᠢᠯᠴᠢ ᠶᠢᠨ ᠴᠠᠬᠢᠯᠭᠠᠨ ᠤ ᠮᠠᠰᠢᠨ ᠤ ᠪᠦᠯᠦᠭ ᠢ 15.4 ᠲᠦᠮᠡᠨ ᠺᠢᠯᠣᠸᠠᠲ ᠬᠠᠭᠠᠯᠭᠠᠨ ᠲᠠᠶᠠᠭᠳᠠᠭᠤᠯᠵᠠᠢ᠃ ᠰᠢᠨ᠎ᠡ ᠬᠥᠳᠡᠯᠭᠡᠭᠴᠢ ᠡᠨᠧᠷᠭᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠪᠠᠷ ᠮᠠᠨᠳᠤᠭᠰᠠᠨ ᠠᠵᠤ ᠦᠢᠯᠡᠰ ᠢ ᠴᠢᠨᠠᠷ ᠰᠠᠶᠢᠲᠠᠢ ᠪᠠᠷ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ ︵2018 — 2020 ᠣᠨ︶︾ ᠢ ᠲᠣᠭᠲᠠᠭᠠᠨ ᠨᠡᠶᠢᠲᠡᠯᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠮᠥᠵᠢᠭᠦᠯᠦᠨ ᠪᠤᠶᠢᠵᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡ ᠪᠦᠯᠦᠭ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠯᠡᠯ ᠤᠨ ᠲᠥᠷᠥᠯ ᠵᠦᠢᠯ ᠢ ᠳᠡᠮᠵᠢᠨ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠪᠠ ᠨᠡᠭᠦᠷᠡᠰᠦᠨ ᠤ ᠪᠤᠰᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠥᠷᠲᠡᠭ ᠢᠶᠠᠨ ᠨᠡᠮᠡᠭᠳᠡᠭᠦᠯᠬᠦ ᠳᠤ ᠦᠢᠯᠡᠳᠬᠡᠯ ᠤᠨ ᠦᠢᠯᠡᠰ ᠤᠨ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠣᠷ ᠰᠢᠷᠣᠢ ᠶᠢ ᠤᠯᠠᠷᠢᠭᠤᠯᠤᠭᠰᠠᠨ ᠨᠣᠷᠮ᠎ᠠ ᠨᠢ 80.6% ᠳᠤ ᠬᠦᠷᠴᠦ᠂ ᠬᠤᠪᠣᠷ ᠰᠢᠷᠣᠢ ᠶᠢᠨ ᠨᠢᠭᠡᠳᠪᠦᠷᠢ ᠶᠢᠨ ᠦᠢᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠴᠢᠳᠠᠪᠤᠷᠢ ᠨᠢ ᠪᠦᠬᠦ ᠤᠯᠤᠰ ᠤᠨ ᠲᠡᠷᠢᠭᠦᠨ ᠳᠤ ᠣᠷᠣᠵᠠᠢ      ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠪᠠᠷ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ ᠂ ᠨᠡᠭᠦᠷᠡᠰᠦ᠂ ᠮᠧᠲ᠋ᠢᠯ ᠠᠯᠺᠣᠣᠯ᠂ ᠴᠠᠬᠢᠯᠤᠭᠤᠷ ᠴᠢᠯᠠᠭᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠯᠠᠷᠢᠭᠤᠯᠤᠭᠰᠠᠨ ᠨᠣᠷᠮ᠎ᠠ ᠨᠢ ᠲᠤᠰ ᠲᠤᠰ 38.4%᠂ 41%᠂ 60%᠂ 58% ᠳᠤ ᠬᠦᠷᠴᠦ᠂ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠭᠰᠠᠨ ᠬᠠᠷᠢᠴᠠᠯ ᠨᠢ 90% ᠠᠴᠠ ᠳᠡᠭᠡᠭᠰᠢ ᠳᠤ ᠬᠦᠷᠪᠡ᠃ ᠪᠦᠬᠦ ᠣᠷᠣᠨ ᠤ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠷᠪᠠᠨ ᠶᠡᠭᠡ ᠠᠵᠤ ᠦᠢᠯᠡᠰ ᠤᠨ ᠪᠦᠲᠦᠴᠡ ᠨᠢ 2015 ᠣᠨ ᠤ 9᠄ 51᠄ 40 ᠠᠴᠠ ᠤᠯᠠᠷᠢᠨ ᠬᠥᠭᠵᠢᠵᠦ 2018 ᠣᠨ ᠤ 10. 1᠄ 39.4᠄ 50.5 ᠳᠤ ᠬᠦᠷᠪᠡ᠃ ᠪᠣᠬᠢᠷᠲᠤᠯ ᠦᠭᠡᠢ ᠡᠷᠭᠢᠯᠲᠡᠲᠦ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠶᠡᠭᠡ ᠬᠦᠴᠦᠨ ᠢᠶᠠᠷ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷ ᠬᠥᠨᠥᠭᠡᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠤᠷᠠᠭᠤᠯᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ︽ᠳᠥᠷᠪᠡ ᠶᠢ ᠠᠬᠢᠭᠤᠯᠤᠨ ᠳᠥᠷᠪᠡ ᠶᠢ ᠬᠢᠵᠠᠭᠠᠷᠯᠠᠬᠤ︾ ᠶᠢ ᠬᠡᠷᠡᠭᠵᠢᠭᠦᠯᠵᠦ᠂ ᠰᠦᠯᠢᠶᠥᠦ ᠪᠦᠷᠬᠦᠪᠴᠢ ᠶᠢ ᠪᠤᠴᠠᠭᠠᠨ ᠬᠤᠷᠢᠶᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠮᠠᠯ ᠵᠢᠭᠦᠷᠲᠡᠨ ᠤ ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠪᠠᠷ ᠠᠬᠢᠭᠤᠯᠬᠤ ᠠᠵᠢᠯᠯᠠᠭ᠎ᠠ ᠶᠢ ᠥᠷᠨᠢᠭᠦᠯᠪᠡ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠦᠨ᠂ ᠤᠯᠤᠰ ᠤᠨ ᠳᠡᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢ 50᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ 10᠂ ᠪᠣᠬᠢᠷᠲᠤᠯ ᠦᠭᠡᠢ ᠦᠢᠯᠡᠳᠬᠦᠨ ᠢ 20᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ 3 ᠳᠤ ᠬᠦᠷᠭᠡᠵᠡᠢ᠃      ᠪᠣᠬᠢᠷᠲᠤᠯ ᠦᠭᠡᠢ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠂ ︽13 · 5︾ ᠶᠢᠨ ᠡᠮᠦᠨ᠎ᠡ ᠭᠤᠷᠪᠠᠨ ᠵᠢᠯ ᠳᠤ ᠨᠡᠶᠢᠲᠡ 3066 ᠲᠦᠮᠡᠨ ᠺᠦᠸᠠᠳ᠋ ᠮᠧᠳ᠋ᠷ ᠲᠠᠯᠠᠪᠠᠢ ᠲᠠᠢ 2653 ᠵᠦᠢᠯ ᠤᠨ ᠪᠣᠬᠢᠷᠲᠤᠯ ᠦᠭᠡᠢ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠠᠰᠠᠯᠲᠠ ᠶᠢ 1187 ᠲᠦᠮᠡᠨ ᠺᠦᠸᠠᠳ᠋ ᠮᠧᠳ᠋ᠷ ᠬᠡᠷᠡᠭᠵᠢᠭᠦᠯᠪᠡ᠃ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠪᠠ ᠰᠠᠯᠭᠠᠨ ᠵᠠᠯᠭᠠᠵᠤ ᠲᠡᠭᠡᠭᠡᠪᠦᠷᠢᠯᠡᠬᠦ ᠵᠡᠷᠭᠡ ᠲᠡᠭᠡᠭᠡᠪᠦᠷᠢᠯᠡᠨ ᠵᠣᠬᠢᠶᠠᠨ ᠪᠠᠶᠢᠭᠤᠯᠬᠤ ᠲᠡᠷᠢᠭᠦᠨ ᠤ ᠠᠷᠭ᠎ᠠ ᠬᠡᠯᠪᠡᠷᠢ ᠶᠢ ᠢᠳᠡᠪᠬᠢᠲᠡᠢ ᠪᠠᠷ ᠠᠬᠢᠭᠤᠯᠵᠤ᠂ ᠤᠯᠤᠰ ᠤᠨ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠶᠢ ᠬᠡᠷᠡᠭᠵᠢᠭᠦᠯᠦᠭᠰᠡᠨ 2 ᠵᠦᠢᠯ ᠤᠨ ᠢᠨᠵᠧᠨᠧᠷᠢᠩ᠂ 3 ᠠᠵᠤ ᠠᠬᠤᠶᠢᠯᠠᠯ ᠢ ᠤᠯᠤᠰ ᠤᠨ ᠳᠡᠰ ᠤᠨ ᠰᠠᠯᠭᠠᠨ ᠵᠠᠯᠭᠠᠵᠤ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠲᠤ ᠵᠢᠭᠰᠠᠭᠠᠨ ᠣᠷᠣᠭᠤᠯᠵᠤ᠂ ᠰᠠᠯᠭᠠᠨ ᠵᠠᠯᠭᠠᠵᠤ ᠲᠡᠭᠡᠭᠡᠪᠦᠷᠢᠯᠡᠬᠦ ᠵᠠᠮ ᠱᠤᠭᠤᠮ ᠢ 20 ᠰᠢᠬᠠᠮ ᠵᠤᠷᠪᠤᠰ ᠨᠡᠪᠲᠡᠷᠡᠭᠦᠯᠵᠦ᠂ ᠣᠷᠣᠨ ᠤ ᠳᠣᠲᠣᠷ᠎ᠠ ᠪᠠ ᠡᠷᠭᠢᠨ ᠲᠣᠭᠤᠷᠢᠨ ᠤ ᠳᠣᠯᠣᠭᠠᠨ ᠮᠤᠵᠢ ᠣᠷᠣᠨ ᠬᠤᠲᠠ ᠳᠤ ᠬᠤᠯᠪᠣᠭᠳᠠᠭᠤᠯᠪᠠ᠃ ᠲᠡᠷᠭᠡ ᠦᠭᠡᠢ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠡᠢ᠃      ᠡᠷᠭᠢᠯᠲᠡᠲᠦ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ︽ᠬᠦᠷᠢᠶᠡᠯᠡᠩ ᠲᠣᠭᠤᠷᠢᠭ ᠤᠨ ᠡᠷᠭᠢᠯᠳᠦᠭᠦᠯᠦᠨ ᠥᠭᠡᠷᠡᠴᠢᠯᠡᠵᠦ ᠵᠠᠰᠠᠬᠤ ᠠᠵᠢᠯᠯᠠᠭ᠎ᠠ ᠶᠢᠨ ᠵᠦᠭᠯᠡᠭᠦᠷ︾ ᠢ ᠲᠣᠭᠲᠠᠭᠠᠵᠤ᠂ ᠬᠦᠷᠢᠶᠡᠯᠡᠩ ᠲᠣᠭᠤᠷᠢᠭ ᠤᠨ ᠡᠷᠭᠢᠯᠳᠦᠭᠦᠯᠦᠭᠰᠡᠨ ᠥᠭᠡᠷᠡᠴᠢᠯᠡᠯᠲᠡ ᠵᠠᠰᠠᠯᠲᠠ᠂ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠨᠢ ᠢᠳᠡᠪᠬᠢᠲᠡᠢ ᠠᠬᠢᠯᠲᠠ ᠲᠠᠢ ᠪᠣᠯᠪᠠ᠃ ᠪᠡᠭᠡᠵᠢᠩ ᠥᠪᠥᠷ ᠮᠣᠩᠭᠤᠯ᠂ ᠪᠤᠭᠤᠲᠤ — ᠱᠧᠨᠵᠧᠨ ᠤ ᠣᠷᠣᠨ ᠪᠦᠰᠡ ᠠᠯᠤᠰᠯᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠰᠣᠯᠢᠯᠴᠠᠭᠠᠨ ᠤ ᠲᠤᠷᠰᠢᠯᠲᠠ ᠶᠢᠨ ᠴᠡᠭ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠰᠣᠯᠢᠯᠴᠠᠭᠠᠨ ᠤ ᠪᠠᠶᠢᠭᠤᠯᠤᠯᠲᠠ ᠶᠢᠨ ᠰᠠᠭᠤᠷᠢ ᠠᠵᠢᠯ ᠢ ᠢᠳᠡᠪᠬᠢᠲᠡᠢ ᠠᠬᠢᠭᠤᠯᠵᠤ᠂ ᠬᠥᠯᠥᠨ ᠪᠤᠶᠢᠷ ᠬᠤᠲᠠ ᠪᠠ ᠦᠬᠠᠢ ᠬᠤᠲᠠ ᠵᠡᠷᠭᠡ ᠳᠣᠣᠷ᠎ᠠ ᠨᠡᠭᠦᠷᠡᠰᠦᠲᠥ᠋ᠷᠥᠭᠴᠢ ᠶᠢᠨ ᠬᠤᠲᠠ᠂ ᠠᠭᠤᠷ ᠠᠮᠢᠰᠬᠤᠯ ᠲᠠᠢ ᠵᠣᠬᠢᠴᠠᠯᠳᠤᠬᠤ ᠬᠡᠯᠪᠡᠷᠢ ᠶᠢᠨ ᠬᠤᠲᠠ ᠪᠣᠯᠬᠤ ᠬᠥᠬᠡᠬᠤᠲᠠ᠂ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠬᠤ ᠤᠯᠠᠭᠠᠨᠬᠠᠳᠠ ᠶᠢᠨ ᠬᠤᠩ ᠱᠠᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ᠂ ᠣᠲᠤᠭ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠪᠠ ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠵᠡᠷᠭᠡ ᠳᠣᠣᠷ᠎ᠠ ᠨᠡᠭᠦᠷᠡᠰᠦᠲᠥ᠋ᠷᠥᠭᠴᠢᠲᠦ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠠᠢ᠃ ᠬᠥᠲᠥᠯᠥᠭᠴᠢ᠄      ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠢ ᠵᠣᠷᠢᠭᠲᠠᠢ ᠪᠠᠷ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠦᠷᠭᠦᠯᠵᠢᠯᠡᠬᠦ᠋ᠢᠴᠡ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠢᠳᠡᠪᠬᠢᠲᠡᠢ ᠪᠠᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠭᠡᠪᠡᠯ ᠮᠠᠨ ᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠸᠠᠩ ᠶᠢᠨ ᠪᠣᠤ᠄      ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠬᠦ ᠪᠠᠷ ᠢᠳᠡᠪᠬᠢᠲᠡᠢ ᠰᠦᠪᠡᠭᠴᠢᠯᠡᠪᠡ᠃ 2014 ᠣᠨ ᠳᠤ᠂ ᠮᠠᠨ ᠤ ᠣᠷᠣᠨ ︽ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠢ ᠤᠯᠤᠰ ᠠᠴᠠ ᠤᠷᠢᠳ ᠢᠶᠠᠷ ᠨᠡᠶᠢᠲᠡᠯᠡᠵᠦ᠂ 93 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠳᠤ ᠬᠦᠰᠡᠯ ᠨᠠᠶᠢᠳᠠᠯᠭ᠎ᠠ ᠲᠠᠯᠪᠢᠭᠰᠠᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠭᠤᠷᠪᠠᠨ ᠵᠦᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠭᠠᠪᠰᠢᠭᠠᠶᠢᠯᠠᠨ᠂ ︽ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠤᠨ ᠲᠥᠰᠥᠯ︾ ᠢ ᠨᠡᠶᠢᠲᠡᠯᠡᠵᠦ᠂ ᠪᠦᠬᠦ ᠣᠷᠣᠨ ᠤ ᠭᠠᠵᠠᠷ ᠰᠢᠷᠣᠢ᠂ ᠣᠢ ᠮᠣᠳᠣ᠂ ᠨᠤᠲᠤᠭ ᠪᠡᠯᠴᠢᠭᠡᠷ᠂ ᠤᠰᠤ ᠪᠠ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠤᠨ ᠪᠣᠳᠠᠲᠤ ᠪᠣᠳᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠮᠠᠨ ᠤ ᠣᠷᠣᠨ ᠤ ᠭᠤᠣᠯ ᠪᠣᠯᠬᠤ ᠡᠬᠢ ᠪᠠᠶᠠᠯᠢᠭ ᠤᠨ ᠬᠠᠳᠠᠭᠠᠯᠠᠭᠳᠠᠴᠠ᠂ ᠶᠠᠰᠤ ᠴᠢᠨᠠᠷ ᠵᠢᠴᠢ ᠨᠡᠮᠡᠭᠳᠡᠵᠦ ᠬᠠᠰᠤᠭᠳᠠᠭᠰᠠᠨ ᠬᠤᠪᠢᠷᠠᠯᠲᠠ ᠶᠢᠨ ᠪᠠᠶᠢᠳᠠᠯ ᠢ ᠦᠨᠳᠦᠰᠦᠨ ᠳᠤ ᠪᠠᠨ ᠲᠤᠰᠬᠠᠪᠠ︔ ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠶᠢ ᠠᠵᠢᠯᠯᠠᠭᠤᠯᠬᠤ ᠵᠦᠭᠯᠡᠭᠦᠷ︾ ᠢ ᠲᠣᠭᠲᠠᠭᠠᠵᠤ᠂ ᠭᠠᠵᠠᠷ ᠰᠢᠷᠣᠢ᠂ ᠨᠤᠲᠤᠭ ᠪᠡᠯᠴᠢᠭᠡᠷ᠂ ᠣᠢ ᠰᠢᠭᠤᠢ᠂ ᠤᠰᠤ᠂ ᠠᠭᠤᠷᠬᠠᠢ ᠶᠢᠨ ᠭᠠᠷᠤᠯᠲᠠ᠂ ᠤᠰᠤᠨ ᠤ ᠣᠷᠴᠢᠨ ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ ᠵᠡᠷᠭᠡ ᠲᠠᠯ᠎ᠠ ᠶᠢᠨ ᠳᠡᠯᠭᠡᠷᠡᠭᠦᠯᠵᠦ ᠪᠣᠯᠬᠤᠶᠢᠴᠠ᠂ ᠵᠢᠷᠤᠮᠯᠠᠨ ᠳᠠᠭᠠᠵᠤ ᠪᠣᠯᠬᠤᠶᠢᠴᠠ ᠠᠵᠢᠯ ᠤᠨ ᠰᠡᠳᠬᠢᠮᠵᠢ ᠵᠢᠴᠢ ᠬᠢᠳᠡᠯ ᠢ ᠠᠩᠬ᠎ᠠ ᠠᠯᠬᠤᠮ ᠪᠦᠷᠢᠯᠳᠦᠭᠦᠯᠪᠡ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠡᠢ᠃      ᠡᠭᠦᠨ ᠤ ᠬᠠᠮᠲᠤ᠂ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠠᠮᠢ ᠠᠬᠤᠢ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠣᠷᠣᠨ ᠲᠠᠯᠠᠪᠠᠢ ᠳᠤ ᠥᠭᠡᠷᠡᠴᠢᠯᠡᠯᠲᠡ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠪᠠ᠃ ︽ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ ᠣᠷᠣᠨ ᠢ ᠲᠥᠯᠥᠪᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ᠣᠯᠠᠨ ᠲᠣᠭᠲᠠᠭᠠᠯ ᠢ ᠨᠢᠭᠡ ᠪᠣᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠪᠡ᠃ 43 ᠬᠤᠰᠢᠭᠤ ᠰᠢᠶᠠᠨ ︵ᠬᠤᠲᠠ ᠲᠣᠭᠤᠷᠢᠭ︶ ᠪᠠ 9 ᠰᠢᠶᠠᠩ ᠪᠠᠯᠭᠠᠰᠤ ︵ᠰᠤᠮᠤ︶᠂ ᠨᠤᠲᠤᠭ ᠳᠡᠪᠢᠰᠬᠡᠷ ᠤᠨ ᠲᠠᠯᠠᠪᠠᠢ ᠶᠢᠨ 77% ᠶᠢ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠢᠶᠠᠷ ᠬᠤᠪᠢᠶᠠᠷᠢᠯᠠᠨ ᠰᠠᠯᠭᠠᠪᠠ᠃ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠬᠤᠷᠢᠭ᠎ᠠ ᠱᠤᠭᠤᠮ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠲᠥᠰᠥᠯ ︵ᠬᠢᠨᠠᠭᠤᠯᠬᠤ ᠨᠣᠣᠷᠠᠭ︶︾ ᠢ ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ 60.79 ᠲᠦᠮᠡᠨ ᠺᠦᠸᠠᠳ᠋ ᠺᠢᠯᠣᠮᠧᠳ᠋ᠷ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠵᠤ᠂ ᠡᠨᠡ ᠨᠢ ᠪᠦᠬᠦ ᠣᠷᠣᠨ ᠤ ᠨᠤᠲᠤᠭ ᠳᠡᠪᠢᠰᠬᠡᠷ ᠤᠨ ᠲᠠᠯᠠᠪᠠᠢ ᠶᠢᠨ 51.39% ᠶᠢ ᠡᠵᠡᠯᠡᠪᠡ᠃ ᠤᠯᠤᠰ ᠤᠨ ᠥᠮᠴᠢᠯᠡᠯᠲᠦ ᠣᠶᠢᠲᠤ ᠣᠷᠣᠨ ᠤ ᠥᠭᠡᠷᠡᠴᠢᠯᠡᠯᠲᠡ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠵᠤ ᠂ ᠣᠢ ᠰᠢᠭᠤᠢ ᠶᠢᠨ ᠦᠢᠯᠡᠳᠪᠦᠷᠢ ᠶᠢᠨ ᠠᠵᠤ ᠠᠬᠤᠶᠢᠯᠠᠯ ᠠᠴᠠ ᠨᠡᠶᠢᠭᠡᠮ ᠤᠨ ᠠᠵᠢᠯ ᠢ ᠡᠷᠬᠢᠯᠡᠬᠦ ᠶᠢ ᠪᠦᠬᠦ ᠲᠠᠯ᠎ᠠ ᠪᠠᠷ ᠰᠠᠯᠭᠠᠪᠠ︔ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠦᠨᠡᠯᠡᠯᠲᠡ ᠬᠢᠵᠦ ᠰᠢᠯᠭᠠᠨ ᠬᠢᠨᠠᠬᠤ ᠠᠷᠭ᠎ᠠ︾᠂ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠰᠢᠯᠭᠠᠨ ᠬᠢᠨᠠᠬᠤ ᠰᠢᠰᠲ᠋ᠧᠮᠵᠢ︾ ︽ᠪᠣᠬᠢᠷᠲᠤᠯ ᠦᠭᠡᠢ ᠪᠠᠷ ᠬᠥᠭᠵᠢᠭᠦᠯᠬᠦ ᠭᠦᠢᠴᠡᠳᠬᠡᠯ ᠲᠣᠭᠠᠨ ᠤ ᠰᠢᠰᠲ᠋ᠧᠮᠵᠢ︾᠂ ︽ᠭᠤᠣᠯ ᠮᠥᠷᠡᠨ ᠤ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠲᠥᠰᠥᠯ︾᠂ ︽ᠨᠠᠭᠤᠷ ᠴᠥᠭᠦᠷᠥᠮ ᠤᠨ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠠᠵᠢᠯ ᠤᠨ ᠲᠥᠰᠥᠯ︾᠂ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠲᠥᠯᠥᠪᠦᠷᠢ ᠠᠪᠬᠤ ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠰᠢᠰᠲ᠋ᠧᠮ ᠨᠢ ᠪᠦᠷᠢᠨ ᠲᠥᠬᠦᠷ ᠪᠠ ᠬᠠᠷᠢᠴᠠᠩᠭᠤᠢ ᠲᠡᠭᠦᠯᠳᠡᠷᠵᠢᠭᠰᠡᠨ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠶᠠᠭ ᠰᠠᠶᠢᠬᠠᠨ ᠠᠯᠬᠤᠮ ᠠᠯᠬᠤᠮ ᠢᠶᠠᠷ ᠪᠠᠶᠢᠭᠤᠯᠵᠤ ᠪᠠᠶᠢᠨ᠎ᠠ᠃ ᠬᠥᠲᠥᠯᠥᠭᠴᠢ᠄      ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠳᠤ᠂ ᠪᠦᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠵᠤ ᠪᠠᠶᠢᠨ᠎ᠠ᠃ ᠲᠡᠭᠡᠪᠡᠯ ᠮᠠᠨ ᠤ ᠣᠷᠣᠨ ᠠᠴᠠ ᠪᠦᠬᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠢ ᠡᠷᠬᠢᠮᠯᠡᠨ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠠᠬᠢᠭᠤᠯᠤᠨ ᠪᠦᠷᠢᠳᠦᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ ᠸᠠᠩ ᠶᠢᠨ ᠪᠣᠤ᠄      ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ︾ ᠭᠡᠬᠦ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠪᠣᠬᠢᠷᠲᠤᠯ ᠦᠭᠡᠢ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ︽ᠳᠡᠯᠡᠬᠡᠢ ᠶᠢᠨ ᠣᠷᠴᠢᠨ ᠲᠣᠭᠤᠷᠢᠨ ᠤ ᠡᠳᠦᠷ︾᠂ ︽ᠳᠡᠯᠡᠬᠡᠢ ᠶᠢᠨ ᠤᠰᠤᠨ ᠤ ᠡᠳᠦᠷ︾᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠯ ᠪᠦᠷᠢ ᠶᠢᠨ 7 ᠳ᠋ᠤᠭᠠᠷ ᠰᠠᠷ᠎ᠠ ᠶᠢᠨ ᠨᠢᠭᠡᠳᠦᠭᠡᠷ ᠭᠠᠷᠠᠭ ᠢ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ︾ ᠢᠶᠠᠷ ᠲᠣᠭᠲᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠭᠤᠣᠯ ᠪᠣᠯᠬᠤ ᠦᠷ᠎ᠡ ᠪᠦᠲᠦᠮᠵᠢ᠂ ᠲᠡᠷᠢᠭᠦᠨ ᠤ ᠥᠯᠢᠭᠡᠷ ᠳᠠᠭᠤᠷᠢᠶᠠᠯ ᠢ ᠶᠡᠭᠡ ᠬᠦᠴᠦᠨ ᠢᠶᠠᠷ ᠤᠬᠠᠭᠤᠯᠵᠤ᠂ ᠡᠬᠢ ᠪᠠᠶᠠᠯᠢᠭ ᠤᠨ ᠣᠷᠴᠢᠨ ᠲᠣᠭᠤᠷᠢᠨ ᠪᠠ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠳᠦᠷᠢᠮ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠬᠡᠲᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠬᠥᠲᠥᠯᠥᠨ ᠵᠢᠯᠣᠭᠤᠳᠬᠤ ᠪᠠ ᠬᠥᠮᠥᠵᠢᠭᠦᠯᠪᠡ᠃ ᠡᠭᠦᠨ ᠤ ᠬᠠᠮᠲᠤ ᠤᠬᠠᠭᠤᠯᠭ᠎ᠠ ᠬᠥᠮᠥᠵᠢᠯ ᠢ ᠪᠠᠶᠢᠭᠤᠯᠭ᠎ᠠ ᠳᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ 2016 ᠣᠨ ᠠᠴᠠ 2018 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠠᠴᠠ ᠭᠤᠷᠪᠠᠨ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢ ᠠᠮᠵᠢᠯᠲᠠ ᠲᠠᠢ ᠡᠷᠬᠢᠯᠡᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠠᠭᠤᠷ ᠠᠮᠢᠰᠬᠤᠯ ᠢ ᠡᠳᠦᠷ ᠢᠷᠡᠬᠦᠶ᠎ᠡ ᠭᠦᠨ ᠵᠤᠵᠠᠭᠠᠨ ᠪᠣᠯᠭᠠᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ᠂ ᠮᠠᠨ ᠤ ᠣᠷᠣᠨ ᠠᠴᠠ ᠳᠥᠷᠪᠡᠳᠦᠭᠡᠷ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢ ᠡᠷᠬᠢᠯᠡᠪᠡ᠃ ᠤᠬᠠᠭᠤᠯᠭ᠎ᠠ ᠬᠢᠬᠦ ᠪᠠᠷ ᠳᠠᠮᠵᠢᠭᠤᠯᠤᠨ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠢ ᠬᠥᠮᠥᠰ ᠤᠨ ᠰᠡᠳᠬᠢᠯ ᠳᠤ ᠨᠡᠩ ᠭᠦᠨᠵᠡᠭᠡᠢ ᠬᠠᠳᠠᠩᠰᠢᠭᠤᠯᠵᠤ᠂ ᠮᠠᠨ ᠤ ᠣᠷᠣᠨ ᠤ ᠥᠷᠭᠡᠨ ᠣᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠬᠤ ᠪᠠᠷ ᠴᠢᠷᠮᠠᠶᠢᠵᠤ ᠪᠠᠶᠢᠨ᠎ᠠ᠃ ᠬᠥᠲᠥᠯᠥᠭᠴᠢ᠄      ᠣᠳᠣᠬᠠᠨ ᠳᠤ᠂ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠨᠢ ᠶᠠᠭ ᠰᠠᠶᠢᠬᠠᠨ ᠵᠠᠩᠭᠢᠯᠠᠭ᠎ᠠ ᠶᠢᠨ ᠬᠤᠭᠤᠴᠠᠭ᠎ᠠ᠂ ᠰᠢᠪᠲᠤᠯᠤᠯᠲᠠ ᠶᠢᠨ ᠬᠤᠭᠤᠴᠠᠭ᠎ᠠ᠂ ᠴᠣᠩᠬᠤᠪᠴᠢ ᠪᠣᠯᠭᠠᠬᠤ ᠬᠤᠭᠤᠴᠠᠭᠠᠨ ᠳᠤ ᠣᠷᠣᠰᠢᠵᠤ᠂ ︽ᠤᠷᠤᠭᠰᠢᠯᠠᠪᠠᠯ ᠳᠠᠷᠤᠢ ᠪᠦᠬᠦ ᠲᠠᠯ᠎ᠠ ᠪᠠᠷ ᠢᠯᠠᠯᠲᠠ ᠣᠯᠵᠤ᠂ ᠤᠷᠤᠭᠰᠢᠯᠠᠬᠤ ᠦᠭᠡᠢ ᠪᠣᠯ ᠳᠠᠷᠤᠢ ᠤᠬᠤᠷᠢᠬᠤ︾ ᠲᠡᠦᠬᠡ ᠶᠢᠨ ᠵᠠᠩᠭᠢᠯᠠᠭ᠎ᠠ ᠶᠢᠨ ᠴᠠᠭ ᠮᠥᠴᠡ ᠳᠤ ᠤᠷᠤᠭᠰᠢᠯᠠᠨ ᠬᠦᠷᠴᠦ᠂ ᠡᠭᠦᠷᠭᠡ ᠨᠢ ᠨᠡᠩ ᠬᠠᠲᠠᠭᠤ ᠪᠡᠷᠬᠡᠲᠡᠢ ᠪᠥᠭᠡᠳ ᠬᠦᠨᠳᠦ ᠨᠦᠰᠡᠷ ᠪᠠᠶᠢᠨ᠎ᠠ᠃ ᠲᠡᠭᠡᠪᠡᠯ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠠᠵᠢᠯ ᠤᠨ ᠰᠡᠳᠬᠢᠮᠵᠢ ᠪᠠ ᠲᠡᠮᠡᠴᠡᠯ ᠤᠨ ᠬᠠᠷᠠᠯᠲᠠ ᠨᠢ ᠶᠠᠭᠤ ᠪᠣᠢ︖ ᠸᠠᠩ ᠶᠢᠨ ᠪᠣᠤ᠄      ᠳᠠᠷᠠᠭᠠᠴᠢ ᠶᠢᠨ ᠠᠯᠬᠤᠮ ᠤᠨ ᠠᠵᠢᠯ ᠳᠤ ᠪᠠᠨ᠂ ᠮᠠᠨ ᠤ ᠣᠷᠣᠨ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠨ ᠲᠤᠭᠤᠰᠢᠯᠠᠭᠤᠯᠵᠤ᠂ ︽ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠪᠠ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠲᠤᠬᠠᠢ ᠲᠣᠭᠲᠠᠭᠠᠯ︾ ᠢ ᠠᠬᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠭᠤᠯᠤᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ ᠂ ᠳᠦᠷᠢᠮ ᠳᠤ ᠰᠢᠨ᠎ᠡ ᠶᠢ ᠡᠭᠦᠳᠦᠨ᠂ ᠬᠠᠤᠯᠢ ᠶᠣᠰᠣᠭᠠᠷ ᠵᠠᠰᠠᠯᠲᠠ ᠬᠢᠬᠦ ᠶᠢ ᠪᠠᠷᠢᠮᠲᠠᠯᠠᠵᠤ᠂ ᠲᠥᠪᠯᠡᠷᠡᠭᠦᠯᠦᠨ ᠰᠢᠪᠲᠤᠯᠤᠯᠲᠠ ᠬᠢᠵᠦ᠂ ᠤᠷᠲᠤ ᠬᠤᠭᠤᠴᠠᠭ᠎ᠠ ᠪᠠᠷ ᠵᠢᠳᠬᠦᠯ ᠦᠵᠡᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠶᠢ ᠵᠣᠬᠢᠴᠠᠩᠭᠤᠢ ᠪᠠᠷ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠢᠳᠡᠪᠬᠢᠲᠡᠢ ᠪᠠᠷ ᠥᠷᠨᠢᠭᠦᠯᠵᠦ᠂ 2025 ᠣᠨ ᠪᠣᠯᠬᠤ ᠳᠤ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠂ 2035 ᠣᠨ ᠪᠣᠯᠬᠤ ᠳᠤ ᠦᠨᠳᠦᠰᠦᠨ ᠳᠤ ᠪᠠᠨ ᠰᠠᠶᠢᠵᠢᠷᠠᠭᠤᠯᠬᠤ ᠶᠢ ᠪᠠᠲᠤᠯᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠬᠦ ᠬᠦᠴᠦᠨ ᠢᠶᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠪᠦᠬᠦ ᠬᠦᠴᠦᠨ ᠢᠶᠠᠷ ᠰᠠᠶᠢᠲᠤᠷ ᠰᠠᠬᠢᠨ ᠬᠠᠮᠠᠭᠠᠯᠠᠨ᠎ᠠ᠃ ᠬᠥᠲᠥᠯᠥᠭᠴᠢ᠄      ᠰᠠᠶᠢᠨ ᠪᠣᠯᠣᠯ᠎ᠠ᠂ ᠸᠠᠩ ᠡᠷᠬᠢᠯᠡᠭᠴᠢ ᠶᠢᠨ ᠲᠠᠶᠢᠯᠤᠮᠵᠢ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕                                   ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ                                   ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3