ᠲᠦᠷᠭᠡᠨ ᠬᠦᠷᠭᠡᠯᠲᠡ ᠬᠢᠭᠡᠳ ᠬᠡᠷᠡᠭᠯᠡᠭᠴᠢᠳ ᠤᠨ ᠡᠷᠬᠡ ᠠᠰᠢᠭ
ᠨᠡᠶᠢᠲᠡᠯᠡᠭᠰᠡᠨ ᠴᠠᠭ᠄
2019-11-25
     ᠨᠡᠶᠢᠭᠡᠮ ᠤᠨ ᠬᠦᠭᠵᠢᠯᠲᠡ᠂ ᠰᠦᠯᠵᠢᠶᠡᠨ ᠤ ᠵᠠᠬ᠎ᠠ ᠳᠡᠯᠭᠡᠭᠦᠷ ᠤᠨ ᠬᠦᠭᠵᠢᠯᠲᠡ ᠶᠢ ᠳᠠᠭᠠᠯᠳᠤᠨ ᠲᠦᠷᠭᠡᠨ ᠬᠦᠷᠭᠡᠯᠳᠡ ᠶᠢᠨ ᠦᠢᠯᠡᠰ ᠴᠤ ᠦᠳᠲᠡᠷ ᠲᠦᠷᠭᠡᠨ ᠬᠦᠭᠵᠢᠪᠡ᠃ ᠬᠡᠷᠡᠭᠯᠡᠭᠴᠢᠳ ᠡᠳᠦᠷ ᠲᠤᠲᠤᠮ ᠤᠨ ᠬᠡᠷᠡᠭᠯᠡᠭᠡᠨ ᠤ ᠵᠦᠢᠯᠠᠰ ᠢᠶᠠᠨ ᠰᠦᠯᠵᠢᠶᠡᠨ ᠳᠡᠭᠡᠷ᠎ᠠ ᠠᠴᠠ ᠬᠤᠳᠠᠯᠳᠣᠨ ᠠᠪᠴᠤ᠂ ᠳᠦᠷᠭᠡᠨ ᠬᠦᠷᠭᠡᠯᠳᠡ ᠪᠠᠷ ᠬᠦᠷᠭᠡᠭᠦᠯᠵᠤ ᠪᠤᠯᠬᠤ ᠪᠤᠯᠤᠭᠰᠠᠨ ᠨᠢ ᠠᠮᠢᠳᠤᠷᠠᠯ ᠳᠤ ᠮᠠᠰᠢ ᠳᠦᠬᠦᠮ ᠪᠤᠯᠤᠭᠰᠠᠨ ᠪᠢᠯᠡ᠃ ᠭᠡᠪᠡᠴᠤ ᠶᠠᠮᠠᠷ ᠨᠢᠭᠡᠨ ᠪᠠᠶᠢᠳᠠᠯ ᠳᠤᠤᠷ᠎ᠠ ᠲᠦᠷᠭᠡᠨ ᠬᠦᠷᠭᠡᠭᠴᠢ ᠪᠤᠶᠤ ᠲᠦᠷᠭᠡᠨ ᠬᠦᠷᠭᠡᠯᠳᠡ ᠶᠢᠨ ᠺᠤᠮᠫᠠᠨᠢ ᠬᠡᠷᠡᠭᠯᠡᠭᠴᠢᠳ ᠤᠨ ᠡᠷᠬᠡ ᠠᠰᠢᠭ ᠢ ᠬᠤᠬᠢᠷᠠᠭᠤᠯᠤᠭᠰᠠᠨ ᠠᠰᠠᠭᠤᠳᠠᠯ ᠭᠠᠷᠪᠠᠯ ᠬᠡᠷᠬᠢᠨ ᠰᠢᠢᠳᠪᠦᠷᠢᠯᠡᠬᠦ ᠪᠤᠢ︖ ᠡᠷᠬᠡ ᠠᠰᠢᠭ ᠢᠶᠠᠨ ᠬᠡᠷᠬᠢᠨ ᠬᠠᠮᠠᠭᠠᠯᠠᠪᠠᠯ ᠵᠤᠬᠢᠬᠤ ᠪᠤᠢ︖ᠬᠡᠷᠡᠭ ᠤᠨ ᠵᠢᠱᠢᠶ᠎ᠠ ᠨᠢᠭᠡ      ᠴᠠᠩ ᠤᠪᠤᠭᠲᠤ ᠪᠤᠯ ᠭᠠᠷ ᠤᠲᠠᠰᠤᠨ ᠤ ᠳᠡᠯᠭᠡᠭᠦᠷ ᠤᠨ ᠡᠵᠡᠨ᠃ ᠲᠦᠷᠭᠡᠨ ᠬᠦᠷᠭᠡᠯᠳᠡ ᠶᠢᠨ ᠬᠡᠯᠪᠡᠷᠢ ᠪᠠᠷ ᠨᠢᠭᠡᠨ ᠬᠡᠷᠡᠭᠯᠡᠭᠴᠢ ᠳᠤ ᠪᠤᠷᠤᠯᠠᠭᠤᠯᠵᠦ ᠪᠠᠶᠢᠭ᠎ᠠ ᠭᠠᠷ ᠤᠲᠠᠰᠤ ᠪᠠᠨ ᠢᠯᠡᠭᠡᠨ ᠶᠠᠪᠤᠭᠤᠯᠵᠠᠢ᠃ ᠲᠦᠷᠭᠡᠨ ᠬᠦᠷᠭᠡᠯᠳᠡ ᠶᠢᠨ ᠭᠠᠷ ᠤᠲᠠᠰᠤᠨ ᠤ ᠮᠦᠷᠳᠡᠯ ᠰᠢᠰᠲ᠋ᠧᠮ ᠠᠴᠠ ᠲᠦᠷᠭᠡᠨ ᠬᠦᠷᠭᠡᠯᠳᠡ ᠶᠢᠨ ᠺᠤᠮᠫᠠᠨᠢ ᠲᠦᠷᠭᠡᠨ ᠬᠦᠷᠭᠡᠯᠳᠡ ᠶᠢᠨ ᠪᠤᠳᠠᠰ ᠢ ᠨᠢ ᠭᠡᠭᠡᠵᠦ ᠤᠷᠬᠢᠭᠰᠠᠨ ᠢ ᠮᠡᠳᠡᠭᠰᠡᠨ ᠪᠠᠶᠢᠨ᠎ᠠ᠃ ᠲᠡᠭᠡᠭᠡᠳ ᠴᠠᠩ ᠤᠪᠤᠭᠲᠤ ᠲᠦᠷᠭᠡᠨ ᠬᠦᠷᠭᠡᠯᠳᠡ ᠶᠢᠨ ᠺᠤᠮᠫᠠᠨᠢ ᠶᠢ ᠲᠠᠬᠢᠨ ᠳᠠᠪᠲᠠᠨ ᠡᠷᠢᠭᠰᠡᠨ ᠴᠤ ᠲᠤᠰᠠ ᠪᠤᠯᠤᠭᠰᠠᠨ ᠦᠭᠡᠢ ᠲᠤᠯᠠ ᠠᠷᠭ᠎ᠠ ᠪᠤᠰᠤ ᠰᠢᠭᠦᠬᠦ ᠬᠤᠷᠢᠶᠠᠨ ᠳᠤ ᠵᠠᠭᠠᠯᠳᠤᠵᠦ᠂ ᠭᠠᠷ ᠤᠲᠠᠰᠤᠨ ᠤ ᠮᠦᠡᠭᠭᠦ 15000 ᠲᠦᠭᠦᠷᠢᠭ ᠲᠦᠯᠦᠭᠦᠯᠬᠦ ᠪᠠᠷ ᠱᠠᠭᠠᠷᠳᠠᠪᠠ᠃ ᠱᠢ ᠠᠪᠠᠭ᠋ᠠᠢ ᠴᠤ ᠲᠦᠷᠭᠡᠨ ᠬᠦᠷᠭᠡᠯᠳᠡ ᠶᠢᠨ ᠪᠤᠳᠠᠰ ᠢᠶᠠᠨ ᠭᠡᠭᠡᠭᠰᠡᠨ ᠤᠴᠠᠷᠠᠯ ᠲᠠᠢ᠃ ᠲᠡᠭᠦᠨ ᠤ ᠨᠠᠶᠢᠵᠠ ᠶᠢᠨ ᠬᠢᠨᠢ ᠢᠯᠡᠭᠡᠨ ᠶᠠᠪᠤᠭᠤᠯᠤᠭᠰᠠᠨ iPhone ᠭᠠᠷ ᠤᠲᠠᠰᠤ᠋ ᠶᠢ ᠱᠢ ᠠᠪᠠᠭ᠋ᠠᠢ ᠤᠯᠵᠦ ᠲᠤᠰᠤᠭᠰᠠᠨ ᠦᠭᠡᠢ ᠪᠠᠶᠢᠲᠠᠯ᠎ᠠ ᠲᠦᠷᠭᠡᠨ ᠬᠦᠷᠭᠡᠯᠳᠡ ᠶᠢᠨ ᠭᠠᠷ ᠤᠲᠠᠰᠤᠨ ᠤ ᠮᠦᠷᠳᠡᠯ ᠰᠢᠰᠲ᠋ᠧᠮ ᠳᠤ ᠬᠠᠷᠢᠨ ︽ᠨᠢᠭᠡᠨᠲᠡ ᠲᠤᠰᠪᠠ︾ ᠭᠡᠰᠡᠨ ᠪᠢᠴᠢᠭᠡᠰᠦ ᠢᠯᠡᠷᠡᠵᠦ ᠪᠠᠶᠢᠪᠠ᠃ ᠲᠡᠭᠡᠭᠡᠳ ᠱᠢ ᠠᠪᠠᠭ᠋ᠠᠢ ᠬᠡᠳᠦᠨᠳᠠ ᠡᠷᠢᠭᠰᠡᠨ ᠪᠤᠯᠪᠠᠴᠤ ᠲᠦᠷᠭᠡᠨ ᠬᠦᠷᠭᠡᠯᠳᠡ ᠶᠢᠨ ᠪᠤᠳᠠᠰ ᠢᠶᠠᠨ ᠤᠯᠤᠭᠰᠠᠨ ᠦᠭᠡᠢ ᠲᠤᠯᠠ ᠲᠦᠷᠭᠡᠨ ᠬᠦᠷᠭᠡᠯᠳᠡ ᠶᠢᠨ ᠺᠤᠮᠫᠠᠨᠢ ᠶᠢ ᠰᠢᠭᠦᠬᠦ ᠬᠤᠷᠢᠶᠠᠨ ᠳᠤ ᠵᠠᠭᠠᠯᠳᠤᠪᠠ᠃ ᠰᠢᠭᠦᠬᠦ ᠬᠤᠷᠢᠶ᠎ᠠ ᠰᠢᠭᠦᠨ ᠲᠠᠰᠤᠯᠬᠤ ᠪᠠᠷ ᠳᠠᠮᠵᠢᠨ ᠪᠠᠶᠢᠴᠠᠭᠠᠨ ᠮᠡᠳᠡᠭᠰᠡᠨ ᠨᠢ᠂ ᠴᠠᠩ ᠤᠪᠤᠭᠲᠤ ᠲᠦᠷᠭᠡᠨ ᠬᠦᠷᠭᠡᠯᠳᠡ ᠶᠢᠨ ᠪᠠᠷᠠᠭ᠎ᠠ ᠳᠠᠭᠠᠨ ᠦᠷᠳᠡᠭ ᠤᠨ ᠪᠠᠲᠤᠯᠠᠭ᠎ᠠ ᠬᠢᠭᠰᠡᠨ ᠦᠭᠡᠢ ᠪᠠᠶᠢᠪᠠ᠃ ᠬᠤᠶᠠᠷ ᠲᠠᠯ᠎ᠠ ᠶᠢᠨ ᠲᠤᠭᠲᠠᠭᠰᠠᠨ ᠲᠦᠷᠭᠡᠨ ᠬᠦᠷᠭᠡᠯᠳᠡ ᠶᠢᠨ ᠦᠢᠯᠡᠴᠢᠯᠡᠭᠡᠨ ᠤ ᠭᠡᠷ᠎ᠠ ᠶᠤᠰᠤᠭᠠᠷ ᠲᠦᠷᠭᠡᠨ ᠬᠦᠷᠭᠡᠯᠳᠡ ᠶᠢᠨ ᠺᠤᠮᠫᠠᠨᠢ ᠠᠴᠠ 7 ᠲᠠᠬᠢᠨ ᠲᠡᠭᠡᠭᠡᠪᠦᠷᠢ ᠶᠢᠨ ᠰᠦᠢᠳᠭᠡᠯ ᠤᠨ ᠬᠢᠵᠠᠭᠠᠷᠯᠠᠯ ᠤᠨ ᠲᠤᠲᠤᠷ᠎ᠠ ᠬᠤᠬᠢᠷᠠᠯ ᠢ ᠲᠦᠯᠦᠪᠦᠷᠢᠯᠡᠭᠰᠡᠨ ᠳᠤ ᠴᠠᠩ ᠤᠪᠤᠭᠲᠤ ᠡᠴᠦᠰ ᠲᠤ 154 ᠲᠦᠭᠦᠷᠢᠭ ᠤᠨ ᠲᠦᠯᠦᠪᠦᠷᠢ ᠤᠯᠪᠠ᠃ ᠬᠠᠷᠢᠨ ᠱᠢ ᠠᠪᠠᠭ᠋ᠠᠢ ᠶᠢᠨ ᠨᠠᠶᠢᠵᠠ ᠨᠢ ᠪᠠᠷᠠᠭ᠎ᠠ ᠪᠠᠨ ᠭᠤᠪᠢᠭᠤᠯᠬᠤ ᠦᠶᠡᠰ 30 ᠲᠦᠭᠦᠷᠢᠭ ᠵᠠᠷᠤᠴᠠᠭᠤᠯᠤᠨ ᠲᠦᠷᠭᠡᠨ ᠬᠦᠷᠭᠡᠯᠳᠡ ᠪᠠᠷ ᠢᠯᠡᠭᠡᠬᠦ ᠪᠤᠳᠠᠰ ᠲᠠᠭᠠᠨ ᠦᠷᠳᠡᠭ ᠢ ᠪᠠᠲᠤᠯᠠᠭᠰᠠᠨ ᠢᠶᠠᠷ 6000 ᠲᠦᠭᠦᠷᠢᠭ ᠤᠨ ᠲᠦᠯᠦᠪᠦᠷᠢ ᠤᠯᠪᠠ᠃ ᠬᠠᠤᠯᠢᠴᠢ ᠶᠢᠨ ᠵᠠᠳᠠᠯᠤᠯᠳᠠ      ᠳᠣᠰ ᠬᠡᠷᠡᠭ ᠲᠤ᠂ ᠬᠡᠷᠡᠭᠯᠡᠭᠴᠢ ᠡᠳ᠋ ᠪᠤᠳᠠᠰ ᠢᠶᠠᠨ ᠲᠦᠷᠭᠡᠨ ᠬᠦᠷᠭᠡᠯᠳᠡ ᠶᠢᠨ ᠺᠤᠮᠫᠠᠨᠢ ᠪᠠᠷ ᠭᠤᠪᠢᠭᠤᠯᠤᠨ ᠶᠠᠪᠤᠭᠤᠯᠬᠤ ᠶᠢ ᠰᠤᠩᠭᠤᠭᠰᠠᠨ ᠨᠢ ᠦᠨᠡᠨᠳᠡᠭᠡᠨ ᠲᠦᠷᠭᠡᠨ ᠬᠦᠷᠭᠡᠯᠳᠡ ᠶᠢᠨ ᠺᠤᠮᠫᠠᠨᠢ ᠲᠠᠢ ᠪᠠᠷᠠᠭ᠎ᠠ ᠬᠦᠷᠭᠡᠯᠭᠡᠬᠦ ᠦᠢᠯᠡᠴᠢᠯᠡᠭᠡᠨ ᠤ ᠭᠡᠷ᠎ᠠ ᠲᠤᠭᠲᠠᠭᠰᠠᠨ ᠶᠠᠪᠤᠳᠠᠯ ᠮᠦᠨ᠃ ᠬᠤᠶᠠᠷ ᠲᠠᠯ᠎ᠠ ᠶᠢᠨ ᠲᠤᠭᠲᠠᠭᠰᠠᠨ ᠭᠡᠷ᠎ᠠ ᠶᠢᠨ ᠶᠤᠰᠤᠭᠠᠷ ᠲᠦᠷᠭᠡᠨ ᠬᠦᠷᠭᠡᠯᠳᠡ ᠶᠢᠨ ᠺᠤᠮᠫᠠᠨᠢ ᠬᠡᠷᠡᠭᠯᠡᠭᠴᠢᠳ ᠤᠨ ᠡᠳ᠋ ᠪᠠᠷᠠᠭ᠎ᠠ ᠶᠢ ᠠᠮᠤᠷ ᠲᠦᠪᠰᠢᠨ ᠢᠶᠠᠷ ᠬᠦᠷᠭᠡᠨ ᠦᠭᠬᠦ ᠡᠭᠦᠷᠭᠡ ᠬᠠᠷᠢᠭᠤᠴᠠᠯᠭ᠎ᠠ ᠲᠠᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠠ ᠶᠢᠨ ᠬᠠᠤᠯᠢ︾ ᠶᠢᠨ ᠭᠤᠷᠪᠠᠨ ᠵᠠᠭᠤ ᠠᠷᠪᠠᠨ ᠨᠢᠭᠡᠳᠦᠭᠡᠷ ᠵᠦᠢᠯ ᠳᠤ᠂ ᠳᠠᠭᠠᠭᠠᠴᠢᠯᠠᠨ ᠲᠡᠭᠡᠭᠡᠪᠦᠷᠢᠯᠡᠭᠴᠢ ᠲᠡᠭᠡᠭᠡᠪᠦᠷᠢ ᠶᠢᠨ ᠶᠠᠪᠤᠴᠠ ᠳᠠᠬᠢ ᠪᠠᠷᠠᠭ᠎ᠠ ᠡᠪᠳᠡᠷᠡᠵᠦ ᠬᠤᠬᠢᠷᠠᠭᠰᠠᠨ᠂ ᠤᠰᠠᠳᠴᠤ ᠭᠡᠭᠡᠭᠳᠡᠭᠰᠡᠨ ᠶᠠᠪᠤᠳᠠᠯ ᠳᠤ ᠬᠤᠬᠢᠷᠠᠯ ᠢ ᠲᠦᠯᠦᠪᠦᠷᠢᠯᠡᠬᠦ ᠬᠠᠷᠢᠭᠤᠴᠠᠯᠭ᠎ᠠ ᠡᠭᠦᠷᠭᠡᠯᠡᠨ᠎ᠠ᠃ ᠭᠡᠪᠡᠴᠦ ᠪᠠᠷᠠᠭᠠᠨ ᠤ ᠡᠪᠳᠡᠷᠡᠵᠦ ᠬᠤᠬᠢᠷᠠᠭᠰᠠᠨ᠂ ᠤᠰᠠᠳᠴᠤ ᠭᠡᠭᠡᠭᠳᠡᠭᠰᠡᠨ ᠨᠢ ᠬᠤᠷᠢᠭᠯᠠᠵᠦ ᠴᠢᠳᠠᠰᠢ ᠦᠭᠡᠢ ᠬᠦᠴᠦᠨ ᠵᠦᠢᠯ ᠠᠴᠠ ᠪᠤᠯᠤᠭᠰᠠᠨ ᠪᠠ ᠪᠠᠷᠠᠭᠠᠨ ᠤ ᠲᠤᠰ ᠪᠡᠶ᠎ᠠ ᠶᠢᠨ ᠪᠠᠶᠢᠭᠠᠯᠢᠯᠢᠭ ᠰᠢᠨᠵᠢ ᠠᠴᠠ ᠪᠤᠯᠤᠭᠰᠠᠨ᠂ ᠡᠰᠡᠬᠦᠯ᠎ᠠ ᠵᠦᠢ ᠵᠤᠬᠢᠰᠲᠠᠢ ᠬᠤᠷᠤᠭᠳᠠᠯ ᠵᠢᠴᠢ ᠨᠠᠶᠢᠳᠠᠨ ᠲᠡᠭᠡᠭᠡᠪᠦᠷᠢᠯᠡᠭᠴᠢ ᠂ ᠪᠠᠷᠠᠭ᠎ᠠ ᠬᠦᠯᠢᠶᠡᠨ ᠠᠪᠤᠭᠴᠢ ᠶᠢᠨ ᠠᠯᠳᠠᠭ᠎ᠠ ᠤᠰᠤᠯ ᠠᠴᠠ ᠪᠤᠯᠤᠭᠰᠠᠨ ᠬᠡᠳᠡᠭ ᠢ ᠳᠠᠭᠠᠭᠠᠴᠢᠯᠠᠨ ᠬᠦᠷᠭᠡᠭᠴᠢ ᠭᠡᠷᠡᠴᠢᠯᠡᠭᠰᠡᠨ ᠪᠠᠶᠢᠪᠠᠯ᠂ ᠬᠤᠬᠢᠷᠠᠯ ᠢ ᠲᠦᠯᠦᠪᠤᠷᠢᠯᠡᠬᠦ ᠬᠠᠷᠢᠭᠤᠴᠠᠯᠭ᠎ᠠ ᠡᠭᠦᠷᠭᠡᠯᠡᠬᠦ ᠦᠭᠡᠢ ᠭᠡᠵᠦ ᠲᠤᠭᠲᠠᠭᠠᠪᠠ᠃ ᠪᠠᠷᠠᠭ᠎ᠠ ᠬᠦᠷᠭᠡᠯᠭᠡᠬᠦ ᠦᠢᠯᠡᠴᠢᠯᠡᠭᠡᠨ ᠤ ᠭᠡᠷ᠎ᠠ ᠲᠤᠭᠲᠠᠭᠰᠠᠨ ᠪᠠᠶᠢᠪᠠᠯ᠂ ᠬᠤᠶᠠᠷ ᠲᠠᠯ᠎ᠠ ᠶᠢᠨ ᠲᠤᠭᠲᠠᠭᠰᠠᠨ ᠭᠡᠷ᠎ᠠ ᠶᠤᠰᠤᠭᠠᠷ ᠲᠦᠷᠭᠡᠨ ᠬᠦᠷᠭᠡᠯᠳᠡ ᠶᠢᠨ ᠺᠤᠮᠫᠠᠨᠢ ᠡᠳ᠋ ᠪᠠᠷᠠᠭ᠎ᠠ ᠶᠢ ᠠᠮᠤᠷ ᠲᠦᠪᠰᠢᠨ ᠢᠶᠠᠷ ᠬᠦᠷᠭᠡᠨ ᠦᠭᠬᠦ ᠡᠭᠦᠷᠭᠡ ᠬᠠᠷᠢᠭᠤᠴᠠᠯᠭ᠎ᠠ ᠲᠠᠢ᠂ ᠲᠦᠷᠭᠡᠨ ᠬᠦᠷᠭᠡᠯᠳᠡ ᠶᠢᠨ ᠪᠤᠳᠠᠰ ᠤᠰᠠᠳᠴᠤ ᠭᠡᠭᠡᠭᠳᠡᠭᠰᠡᠨ᠂ ᠡᠪᠳᠡᠷᠡᠵᠦ ᠬᠤᠬᠢᠷᠠᠭᠰᠠᠨ᠂ ᠲᠤᠲᠤᠷᠠᠬᠢ ᠪᠠᠷᠠᠭ᠎ᠠ ᠨᠢ ᠲᠤᠲᠠᠭᠰᠠᠨ ᠦᠶᠡᠰ᠂ ᠬᠠᠤᠯᠢ ᠳᠤ ᠲᠤᠭᠲᠠᠭᠰᠠᠨ ᠬᠠᠷᠢᠭᠤᠴᠠᠯᠭ᠎ᠠ ᠨᠡᠬᠡᠮᠵᠢᠯᠡᠬᠦ ᠶᠢ ᠦᠭᠡᠶᠢᠰᠭᠡᠭᠰᠡᠨ ᠪᠤᠰᠤᠳ ᠪᠠᠶᠢᠳᠠᠯ ᠠᠴᠠ ᠭᠠᠳᠠᠨ᠎ᠠ ᠬᠤᠯᠪᠤᠭᠳᠠᠯ ᠪᠦᠬᠦᠢ ᠲᠦᠯᠦᠪᠦᠷᠢᠯᠡᠬᠦ ᠡᠭᠦᠷᠭᠡ ᠶᠢ ᠲᠦᠷᠭᠡᠨ ᠬᠦᠷᠭᠡᠯᠳᠡ ᠶᠢᠨ ᠺᠤᠮᠫᠠᠨᠢ ᠡᠭᠦᠷᠭᠡᠯᠡᠨ᠎ᠠ᠃      ︽ᠲᠦᠷᠭᠡᠨ ᠬᠦᠷᠭᠡᠯᠳᠡ ᠶᠢᠨ ᠲᠦᠷ ᠬᠡᠷᠡᠭᠵᠢᠭᠦᠯᠬᠦ ᠳᠦᠷᠢᠮ︾ ᠤᠨ ᠬᠤᠷᠢᠨ ᠳᠤᠯᠤᠳᠤᠭᠠᠷ ᠵᠦᠢᠯ ᠳᠤ᠂ ᠲᠦᠷᠭᠡᠨ ᠬᠦᠷᠭᠡᠯᠳᠡ ᠴᠠᠭ ᠠᠴᠠ ᠪᠠᠨ ᠬᠤᠵᠢᠭᠤᠳᠠᠭᠰᠠᠨ᠂ ᠭᠡᠭᠡᠭᠳᠡᠵᠦ ᠤᠷᠬᠢᠭᠳᠠᠭᠰᠠᠨ᠂ ᠡᠪᠳᠡᠷᠡᠵᠦ ᠬᠤᠬᠢᠷᠠᠭᠰᠠᠨ ᠪᠤᠶᠤ ᠲᠤᠲᠤᠷᠠᠬᠢ ᠪᠠᠷᠠᠭ᠎ᠠ ᠨᠢ ᠲᠤᠲᠠᠭᠰᠠᠨ ᠪᠠᠶᠢᠪᠠᠯ᠂ ᠦᠷᠳᠡᠭ ᠢ ᠨᠢ ᠪᠠᠲᠤᠯᠠᠭᠰᠠᠨ ᠲᠦᠷᠭᠡᠨ ᠬᠦᠷᠭᠡᠯᠳᠡ ᠶᠢᠨ ᠡᠳ᠋ ᠪᠤᠳᠠᠰ ᠢ ᠲᠦᠷᠭᠡᠨ ᠬᠦᠷᠭᠡᠯᠳᠡ ᠶᠢᠨ ᠠᠵᠢᠯ ᠡᠷᠬᠢᠯᠡᠨ ᠡᠵᠡᠩᠨᠡᠵᠦ ᠪᠠᠶᠢᠭ᠎ᠠ ᠠᠵᠦ ᠠᠬᠤᠢᠢᠯᠠᠯ ᠪᠠ ᠪᠠᠷᠠᠭ᠎ᠠ ᠢᠯᠡᠭᠡᠭᠴᠢ ᠶᠢᠨ ᠪᠤᠯᠵᠤᠨ ᠲᠤᠭᠲᠠᠭᠰᠠᠨ ᠦᠷᠳᠡᠭ ᠢ ᠪᠠᠲᠤᠯᠠᠬᠤ ᠳᠦᠷᠢᠮ ᠶᠤᠰᠤᠭᠠᠷ ᠲᠦᠯᠦᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠤᠭᠲᠠᠭᠠᠨ᠎ᠠ︔ ᠦᠷᠳᠡᠭ ᠢ ᠨᠢ ᠪᠠᠲᠤᠯᠠᠭᠰᠠᠨ ᠦᠭᠡᠢ ᠲᠦᠷᠭᠡᠨ ᠬᠦᠷᠭᠡᠯᠳᠡ ᠶᠢᠨ ᠡᠳ᠋ ᠪᠤᠳᠠᠰ ᠲᠤ᠂ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠦᠯᠦᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠤᠭᠲᠠᠭᠠᠨ᠎ᠠ ᠭᠡᠵᠡᠢ᠃ ᠬᠠᠮᠢᠶ᠎ᠠ ᠪᠦᠬᠦᠢ ᠲᠦᠷᠢᠮ ᠳᠤᠭᠳᠠᠭᠠᠯ ᠢ ᠦᠨᠳᠤᠰᠤᠯᠡᠪᠡᠯ᠂ ᠦᠷᠳᠡᠭ ᠢ ᠪᠠᠲᠤᠯᠠᠭᠰᠠᠨ ᠲᠦᠷᠭᠡᠨ ᠬᠦᠷᠭᠡᠯᠳᠡ ᠶᠢᠨ ᠡᠳ᠋ ᠪᠤᠳᠠᠰ ᠢ ᠲᠦᠯᠦᠪᠤᠷᠢᠯᠡᠬᠦ ᠵᠠᠷᠴᠢᠮ ᠨᠢ ᠪᠠᠲᠤᠯᠠᠭᠰᠠᠨ ᠦᠷᠲᠡᠭ ᠤᠨ ᠬᠦᠷᠢᠶ᠎ᠠ ᠬᠡᠪᠴᠢᠶᠡᠨ ᠲᠤᠲᠤᠷ᠎ᠠ ᠲᠦᠯᠦᠪᠦᠷᠢᠯᠡᠬᠦ ᠶᠢ ᠪᠠᠷᠢᠮᠳᠠᠯᠠᠵᠦ᠂ ᠦᠷᠳᠡᠭ ᠢ ᠪᠠᠲᠤᠯᠠᠭᠰᠠᠨ ᠦᠭᠡᠢ ᠲᠦᠷᠭᠡᠨ ᠬᠦᠷᠭᠡᠯᠳᠡ ᠶᠢᠨ ᠡᠳ᠋ ᠪᠤᠳᠠᠰ ᠢ ᠲᠦᠯᠦᠪᠤᠷᠢᠯᠡᠬᠦ ᠵᠠᠷᠴᠢᠮ ᠨᠢ ᠲᠦᠷᠭᠡᠨ ᠬᠦᠷᠭᠡᠯᠳᠡ ᠶᠢᠨ ᠰᠦᠢᠳᠭᠡᠯ ᠤᠨ 5 — 8 ᠲᠠᠬᠢᠨ ᠢᠶᠠᠷ ᠲᠦᠯᠦᠪᠤᠷᠢᠯᠡᠬᠦ ᠬᠠᠮᠤᠭ ᠤᠨ ᠦᠨᠳᠦᠷ ᠬᠢᠵᠠᠭᠠᠷ ᠲᠠᠢ᠃ ᠬᠡᠷᠡᠭ ᠤᠨ ᠵᠢᠱᠢᠶ᠎ᠠ ᠬᠤᠶᠠᠷ      ᠬᠦᠬᠡ ᠲᠦᠷᠭᠡᠨ ᠬᠦᠷᠭᠡᠯᠳᠡ ᠶᠢᠨ ᠺᠤᠮᠫᠠᠨᠢ ᠶᠢᠨ ᠺᠦᠡᠭ ᠤᠪᠤᠭᠲᠤ ᠫᠠᠶᠢᠰᠠ ᠢᠯᠡᠷᠬᠡᠶᠢᠯᠡᠯ ᠦᠭᠡᠢ ᠴᠠᠬᠢᠯᠭᠠᠨ ᠬᠦᠳᠡᠯᠭᠡᠭᠦᠷᠲᠦ ᠭᠤᠷᠪᠠᠨ ᠬᠦᠷᠳᠦᠲᠦ ᠲᠡᠷᠭᠡ ︵︽ᠬᠦᠬᠡ ᠲᠦᠷᠭᠡᠨ ᠬᠦᠷᠭᠡᠯᠳᠡ ᠶᠢᠨ ᠺᠤᠮᠫᠠᠨᠢ︾ ᠭᠡᠰᠡᠨ ᠦᠰᠦᠭ ᠲᠠᠢ︶ ᠵᠢᠯᠤᠭᠤᠳᠴᠤ ᠪᠠᠶᠢᠭᠠᠳ ᠬᠢᠴᠢᠶᠠᠮᠵᠢ ᠦᠭᠡᠢ ᠪᠠᠷ ᠶᠠᠪᠠᠭᠠᠨ ᠶᠠᠪᠤᠵᠦ ᠪᠠᠶᠢᠭᠰᠠᠨ ᠯᠢ ᠤᠪᠤᠭᠲᠤ ᠶᠢ ᠳᠠᠭᠠᠷᠢᠨ ᠰᠢᠷᠬᠠᠳᠤᠭᠤᠯᠪᠠ᠃ ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠤᠨ ᠬᠢᠨ ᠲᠤᠬᠠᠢ ᠶᠢᠨ ᠲᠠᠯᠠᠪᠤᠷ ᠢ ᠪᠠᠶᠢᠴᠠᠭᠠᠳ ᠺᠦᠡᠭ ᠤᠪᠤᠭᠲᠤ ᠲᠤᠰ ᠵᠠᠮ ᠬᠠᠷᠢᠯᠴᠠᠭᠠᠨ ᠤ ᠡ᠊ᠨᠳᠡᠯ ᠳᠤ ᠪᠦᠬᠦ ᠬᠠᠷᠢᠭᠤᠴᠠᠯᠭ᠎ᠠ ᠶᠢ ᠡᠭᠦᠷᠭᠡᠯᠡᠨ᠎ᠠ ᠭᠡᠵᠦ ᠲᠤᠳᠤᠯᠠᠪᠠ᠃ ᠯᠢ ᠤᠪᠤᠭᠲᠤ ᠬᠦᠬᠡ ᠲᠦᠷᠭᠡᠨ ᠬᠦᠷᠭᠡᠯᠳᠡ ᠶᠢᠨ ᠺᠤᠮᠫᠠᠨᠢ ᠶᠢ ᠰᠢᠭᠦᠬᠦ ᠬᠤᠷᠢᠶᠠᠨ ᠳᠤ ᠵᠠᠭᠠᠯᠳᠤᠵᠦ᠂ ᠡᠮᠴᠢᠯᠡᠭᠡᠨ ᠤ ᠵᠠᠷᠤᠳᠠᠯ᠂ ᠰᠤᠪᠢᠯᠠᠯᠳᠠ ᠶᠢᠨ ᠮᠦᠩᠬᠦ᠂ ᠠᠵᠢᠯ ᠰᠠᠭᠠᠲᠠᠭᠰᠠᠨ ᠬᠤᠬᠢᠷᠠᠯ ᠵᠡᠷᠭᠡ ᠲᠦᠯᠦᠭᠦᠯᠬᠦ ᠪᠠᠷ ᠱᠠᠭᠠᠷᠳᠠᠭᠰᠠᠨ ᠳᠤ᠂ ᠬᠦᠬᠡ ᠲᠦᠷᠭᠡᠨ ᠬᠦᠷᠭᠡᠯᠳᠡ ᠶᠢᠨ ᠺᠤᠮᠫᠠᠨᠢ ᠺᠦᠡᠭ ᠤᠪᠤᠭᠲᠤ ᠲᠦᠷᠭᠡᠨ ᠬᠦᠷᠭᠡᠭᠴᠢ ᠮᠠᠨ ᠤ ᠺᠤᠮᠫᠠᠨᠢ ᠲᠠᠢ ᠬᠦᠳᠡᠯᠮᠦᠷᠢ ᠶᠢᠨ ᠭᠡᠷ᠎ᠠ ᠲᠤᠭᠲᠠᠭᠰᠠᠨ ᠦᠭᠡᠢ ᠭᠡᠬᠦ ᠰᠢᠯᠲᠠᠭ ᠢᠶᠠᠷ ᠯᠢ ᠤᠪᠤᠭᠲᠤ ᠶᠢᠨ ᠡᠯ᠎ᠠ ᠵᠦᠢᠯ ᠤᠨ ᠵᠠᠷᠤᠳᠠᠯ ᠢᠶᠠᠨ ᠲᠦᠯᠦᠬᠦᠯᠬᠦ ᠭᠡᠰᠡᠨ ᠱᠠᠭᠠᠷᠳᠠᠯᠭ᠎ᠠ ᠶᠢ ᠨᠢ ᠳᠡᠪᠴᠢᠪᠡ᠃ ᠰᠢᠭᠦᠬᠦ ᠬᠤᠷᠢᠶ᠎ᠠ ᠰᠢᠭᠦᠯᠳᠠ ᠪᠠᠷ ᠳᠠᠮᠵᠢᠨ ᠺᠦᠡᠭ ᠤᠪᠤᠭᠲᠤ ᠠᠵᠢᠯ ᠡᠭᠦᠷᠭᠡ ᠪᠠᠨ ᠭᠦᠢᠴᠡᠳᠭᠡᠬᠦ ᠶᠠᠪᠤᠴᠠ ᠳᠠᠭᠠᠨ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ ᠲᠤᠯᠠ ᠬᠦᠮᠦᠨ ᠬᠡᠷᠡᠭᠯᠡᠬᠦ ᠨᠢᠭᠡᠴᠢ ᠪᠤᠯᠤᠭᠰᠠᠨ ᠬᠦᠬᠡ ᠲᠦᠷᠭᠡᠨ ᠬᠦᠷᠭᠡᠯᠳᠡ ᠶᠢᠨ ᠺᠤᠮᠫᠠᠨᠢ ᠡᠷᠬᠡ ᠳᠤ ᠬᠠᠯᠳᠠᠭᠰᠠᠨ ᠲᠦᠯᠦᠪᠦᠷᠢᠯᠡᠬᠦ ᠬᠠᠷᠢᠭᠤᠴᠠᠯᠭ᠎ᠠ ᠡᠭᠦᠷᠭᠡᠯᠡᠵᠦ᠂ ᠯᠢ ᠤᠪᠤᠭᠲᠤ ᠶᠢᠨ ᠡᠯ᠎ᠠ ᠵᠦᠢᠯ ᠤᠨ ᠬᠤᠬᠢᠷᠠᠯ ᠤᠨ ᠵᠠᠷᠤᠳᠠᠯ ᠢ ᠲᠦᠯᠦᠪᠦᠷᠢᠯᠡᠬᠦ ᠬᠡᠷᠡᠭᠲᠠᠢ ᠭᠡᠵᠦ ᠰᠢᠭᠦᠨ ᠲᠠᠰᠤᠯᠪᠠ᠃ ᠬᠠᠣᠯᠢᠴᠢ ᠶᠢᠨ ᠵᠠᠳᠠᠯᠣᠯᠳᠠ      ᠳᠣᠰ ᠬᠡᠷᠡᠭ ᠲᠤ᠂ ᠲᠦᠷᠭᠡᠨ ᠬᠦᠷᠭᠡᠭᠴᠢ ᠲᠦᠷᠭᠡᠨ ᠬᠦᠷᠭᠡᠯᠳᠡ ᠶᠢᠨ ᠪᠤᠳᠠᠰ ᠢ ᠲᠤᠰᠴᠤ ᠬᠦᠷᠭᠡᠬᠦ ᠶᠠᠪᠤᠴᠠ ᠳᠠᠭᠠᠨ ᠵᠠᠮ ᠬᠠᠷᠢᠯᠴᠠᠭᠠᠨ ᠤ ᠡ᠊ᠨᠳᠡᠯ ᠭᠠᠷᠭᠠᠭᠰᠠᠨ ᠤ ᠳᠠᠷᠠᠭ᠎ᠠ᠂ ᠳᠡᠷᠡ ᠨᠢ ︽ᠠᠵᠢᠯ ᠡᠭᠦᠷᠭᠡ ᠪᠠᠨ ᠭᠦᠢᠴᠡᠳᠭᠡᠬᠦ ᠶᠠᠪᠣᠴᠠ︾ ᠪᠣᠯᠬᠤ ᠡᠰᠡᠬᠦ ᠶᠢ ᠨᠤᠲᠠᠯᠠᠬᠤ᠋ ᠨᠢ ᠲᠤᠰ ᠬᠡᠷᠡᠭ ᠤᠨ ᠵᠠᠩᠬᠢᠯᠠᠭ᠎ᠠ ᠪᠤᠯᠤᠨ᠎ᠠ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠭᠤᠴᠢᠨ ᠳᠦᠷᠪᠡᠳᠦᠭᠡᠷ ᠵᠦᠢᠯ ᠳᠤ᠂ ᠬᠦᠮᠦᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯ ᠡᠭᠦᠷᠭᠡ ᠪᠠᠨ ᠭᠦᠢᠴᠡᠳᠭᠡᠬᠦ ᠬᠠᠷᠠᠭ᠎ᠠ ᠪᠠᠷ ᠪᠤᠰᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠦᠮᠦᠨ ᠬᠡᠷᠡᠭᠯᠡᠬᠦ ᠨᠢᠭᠡᠴᠢ ᠨᠢ ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ ᠭᠡᠵᠦ ᠲᠤᠭᠲᠠᠭᠠᠪᠠ᠃ ᠲᠦᠷᠭᠡᠨ ᠬᠦᠷᠭᠡᠭᠴᠢ ᠬᠦᠳᠡᠯᠦᠩᠭᠦᠢ ᠴᠢᠨᠠᠷ ᠢᠶᠠᠷ ᠶᠡᠭᠡ᠂ ᠵᠠᠷᠢᠮ ᠺᠤᠮᠫᠠᠨᠢ ᠶᠢᠨ ᠬᠠᠮᠢᠶᠠᠷᠤᠯᠲᠠ ᠠᠨᠠᠢ᠂ ᠬᠦᠳᠡᠯᠮᠦᠷᠢ ᠶᠢᠨ ᠭᠡᠷ᠎ᠠ ᠲᠤᠭᠲᠠᠬᠤ ᠦᠭᠡᠢ ᠵᠡᠷᠭᠡ ᠪᠠᠶᠢᠳᠠᠯ ᠪᠤᠲᠠᠲᠠᠢ ᠳᠤ ᠬᠠᠶᠠ ᠤᠷᠤᠰᠢᠳᠠᠭ᠃ ᠭᠡᠪᠡᠴᠦ ᠨᠢᠭᠡᠲᠦᠯᠲᠡᠢ ᠫᠠᠶᠢᠰᠠ ᠢᠯᠡᠷᠬᠡᠶᠢᠯᠡᠯ ᠲᠠᠢ ᠲᠡᠷᠭᠡ ᠵᠢᠯᠤᠭᠤᠳᠴᠤ᠂ ᠨᠢᠭᠡᠲᠦᠯᠲᠠᠢ ᠠᠵᠢᠯ ᠤᠨ ᠬᠤᠪᠴᠠᠰᠤ ᠡᠮᠦᠰᠴᠤ ᠪᠠᠶᠢᠭ᠎ᠠ ᠵᠡᠷᠭᠡ ᠭᠠᠳᠠᠷ ᠤᠨᠴᠠᠯᠢᠭ ᠢᠶᠠᠷ ᠨᠢ ᠲᠤᠰ ᠲᠦᠷᠭᠡᠨ ᠬᠦᠷᠭᠡᠭᠴᠢ ᠶᠠᠮᠠᠷ ᠨᠢᠭᠡᠨ ᠲᠦᠷᠭᠡᠨ ᠬᠦᠷᠭᠡᠯᠳᠡ ᠶᠢᠨ ᠺᠤᠮᠫᠠᠨᠢ ᠶᠢᠨ ᠠᠵᠢᠯᠲᠠᠨ ᠮᠦᠨ ᠭᠡᠳᠡᠭ ᠲᠤ ᠬᠠᠮᠲᠤ ᠶᠢᠨ ᠲᠠᠨᠢᠯᠲᠠ ᠲᠠᠢ᠃ ᠡᠭᠦᠨ ᠢᠶᠠᠷ ᠦᠨᠳᠦᠰᠦᠯᠡᠯ ᠪᠤᠯᠭᠠᠵᠦ ᠬᠤᠶᠠᠷ ᠲᠠᠯ᠎ᠠ ᠪᠠᠷ ᠢᠶᠠᠨ ᠬᠦᠳᠡᠯᠮᠦᠷᠢ ᠶᠢᠨ ᠬᠠᠷᠢᠴᠠᠭ᠎ᠠ ᠤᠷᠤᠰᠢᠨ ᠎ᠠ ᠭᠡᠳᠡᠭ ᠢ ᠬᠢᠨᠠᠨ ᠲᠤᠭᠲᠠᠭᠠᠵᠦ ᠪᠤᠯᠣᠨ᠎ᠠ᠃ ᠡᠶᠢᠮᠦ ᠠᠴᠠ ᠲᠤᠰ ᠬᠡᠷᠡᠭ ᠲᠤ᠂ ᠬᠦᠬᠡ ᠲᠦᠷᠭᠡᠨ ᠬᠦᠷᠭᠡᠯᠳᠡ ᠶᠢᠨ ᠺᠤᠮᠫᠠᠨᠢ ᠲᠦᠷᠭᠡᠨ ᠳᠠᠮᠵᠢᠭᠤᠯᠤᠭᠴᠢ ᠶᠢᠨ ᠠᠵᠢᠯ ᠡᠭᠦᠷᠭᠡ ᠪᠠᠨ ᠭᠦᠢᠴᠡᠳᠭᠡᠬᠦ ᠶᠠᠪᠤᠴᠠ ᠳᠤ ᠭᠠᠷᠤᠭᠰᠠᠨ ᠬᠤᠬᠢᠷᠠᠯ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠡᠭᠦᠷᠭᠡᠯᠡᠬᠦ ᠶᠤᠰᠤᠳᠠᠢ᠃ ᠬᠡᠷᠡᠭ ᠤᠨ ᠵᠢᠱᠢᠶ᠎ᠠ ᠭᠤᠷᠪᠠ      ᠸᠠᠩ ᠠᠪᠠᠭ᠋ᠠᠢ ᠰᠦᠯᠵᠢᠶᠡᠨ ᠳᠡᠭᠡᠷ᠎ᠠ ᠠᠴᠠ ᠬᠤᠳᠠᠯᠳᠤᠨ ᠠᠪᠤᠭᠰᠠᠨ ᠪᠠᠷᠠᠭ᠎ᠠ ᠪᠠᠨ ᠬᠦᠬᠡᠭᠴᠢᠨ ᠲᠦᠷᠭᠡᠨ ᠬᠦᠷᠭᠡᠯᠳᠡ ᠶᠢᠨ ᠺᠤᠮᠫᠠᠨᠢ ᠪᠠᠷ ᠬᠦᠷᠭᠡᠯᠭᠡᠭᠰᠡᠨ ᠳᠤ᠂ ᠬᠤᠷᠢᠶᠠᠨ ᠠᠪᠬᠤ ᠴᠢᠭ᠋ ᠲᠤᠭᠲᠠᠭᠰᠠᠨ ᠦᠭᠡᠢ ᠪᠦᠭᠡᠳ ᠪᠤᠲᠠᠲᠠᠢ ᠲᠤᠰᠴᠤ ᠤᠯᠤᠭᠰᠠᠨ ᠦᠭᠡᠢ ᠪᠠᠶᠢᠳᠠᠯ ᠳᠣᠣᠷ᠎ᠠ ᠲᠦᠷᠭᠡᠨ ᠬᠦᠷᠭᠡᠯᠳᠡ ᠶᠢᠨ ᠮᠦᠷᠳᠡᠯ ᠰᠢᠰᠲ᠋ᠧᠮ ᠳᠤ ︽ᠲᠤᠰᠴᠤ ᠤᠯᠤᠭᠰᠠᠨ︾ ᠭᠡᠬᠦ ᠪᠠᠶᠢᠳᠠᠯ ᠢᠯᠡᠷᠡᠪᠡ᠃ ᠢᠡᠭᠭᠢᠭᠡᠳ ᠸᠠᠩ ᠤᠪᠤᠭᠲᠤ ᠬᠦᠬᠡᠭᠴᠢᠨ ᠲᠦᠷᠭᠡᠨ ᠬᠦᠷᠭᠡᠯᠳᠡ ᠶᠢᠨ ᠺᠤᠮᠫᠠᠨᠢ ᠳᠤ X ᠲᠦᠷᠭᠡᠨ ᠬᠦᠷᠭᠡᠭᠴᠢ ᠶᠢ ᠵᠠᠭᠠᠯᠳᠤᠭᠰᠠᠨ ᠳᠤ ᠬᠡᠷᠡᠭᠦᠯ ᠮᠠᠷᠭᠤᠭᠠᠨ ᠪᠤᠯᠵᠦ᠂ X ᠲᠦᠷᠭᠡᠨ ᠬᠦᠷᠭᠡᠭᠴᠢ ᠸᠠᠩ ᠠᠪᠠᠭ᠋ᠠᠢ ᠶᠢ ᠵᠤᠳᠤᠵᠦ ᠰᠢᠷᠬᠠᠳᠤᠭᠤᠯᠵᠠᠢ᠃ ᠸᠠᠩ ᠠᠪᠠᠭ᠋ᠠᠢ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠪᠠᠷ X ᠲᠦᠷᠭᠡᠨ ᠬᠦᠷᠭᠡᠭᠴᠢ ᠪᠤᠯᠤᠨ ᠬᠦᠬᠡᠭᠴᠢᠨ ᠲᠦᠷᠭᠡᠨ ᠬᠦᠷᠭᠡᠯᠳᠡ ᠶᠢᠨ ᠺᠤᠮᠫᠠᠨᠢ ᠶᠢ ᠰᠢᠭᠦᠬᠦ ᠬᠤᠷᠢᠶᠠᠨ ᠳᠤ ᠵᠠᠭᠠᠯᠳᠤᠵᠦ᠂ ᠡᠮᠴᠢᠯᠡᠭᠡᠨ ᠤ ᠰᠦᠢᠳᠭᠡᠯ ᠵᠡᠷᠭᠡ ᠡᠯ᠎ᠠ ᠵᠦᠢᠯ ᠤᠨ ᠬᠤᠬᠢᠷᠠᠯ ᠢᠶᠠᠨ ᠲᠦᠯᠦᠭᠦᠯᠬᠦ ᠪᠠᠷ ᠱᠠᠭᠠᠷᠳᠠᠵᠠᠢ᠃ ᠰᠢᠭᠦᠬᠦ ᠬᠤᠷᠢᠶ᠎ᠠ X ᠲᠦᠷᠭᠡᠨ ᠬᠦᠷᠭᠡᠭᠴᠢ ᠶᠢᠨ ᠸᠠᠩ ᠠᠪᠠᠭ᠋ᠠᠢ ᠶᠢ ᠵᠤᠳᠤᠵᠦ ᠰᠢᠷᠬᠠᠳᠤᠭᠤᠯᠤᠭᠰᠠᠨ ᠶᠠᠪᠤᠳᠠᠯ ᠨᠢ ᠺᠤᠮᠫᠠᠨᠢ ᠠᠴᠠ ᠡᠷᠬᠡ ᠤᠯᠭᠤᠵᠦ ᠬᠢᠯᠭᠡᠭᠰᠡᠨ ᠠᠵᠢᠯ ᠤᠨ ᠠᠭᠤᠯᠭ᠎ᠠ ᠤᠭᠲᠤ ᠪᠢᠰᠢ᠂ ᠮᠦᠨ ᠴᠤ ᠬᠦᠮᠦᠨ ᠢ ᠵᠤᠳᠤᠵᠦ ᠰᠢᠷᠬᠠᠳᠤᠭᠤᠯᠤᠭᠰᠠᠨ ᠠᠵᠢᠯᠯᠠᠭ᠎ᠠ ᠨᠢ ᠠᠵᠢᠯ ᠤᠨ ᠰᠢᠯᠲᠠᠭᠠᠨ ᠠᠴᠠ ᠪᠤᠯᠤᠭᠰᠠᠨ ᠪᠢᠰᠢ ᠤᠴᠢᠷ ᠠᠴᠠ ᠬᠦᠬᠡᠭᠴᠢᠨ ᠲᠦᠷᠭᠡᠨ ᠬᠦᠷᠭᠡᠯᠳᠡ ᠶᠢᠨ ᠺᠤᠮᠫᠠᠨᠢ ᠳᠤ ᠬᠠᠮᠲᠤ ᠶᠢᠨ ᠤᠰᠤᠯ ᠠᠯᠳᠠᠭ᠎ᠠ ᠤᠷᠤᠰᠢᠬᠤ ᠦᠭᠡᠢ᠂ ᠬᠦᠬᠡᠭᠴᠢᠨ ᠲᠦᠷᠭᠡᠨ ᠬᠦᠷᠭᠡᠯᠳᠡ ᠶᠢᠨ ᠺᠤᠮᠫᠠᠨᠢ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠬᠦ ᠦᠭᠡᠢ᠂ ᠬᠠᠷᠢᠨ X ᠲᠦᠷᠭᠡᠨ ᠬᠦᠷᠭᠡᠭᠴᠢ ᠬᠤᠬᠢᠷᠠᠯ ᠢ ᠲᠦᠯᠦᠪᠦᠷᠢᠯᠡᠬᠦ ᠬᠠᠷᠢᠭᠤᠴᠠᠯᠭ᠎ᠠ ᠶᠢ ᠡᠭᠦᠷᠭᠡᠯᠡᠨ᠎ᠠ ᠭᠡᠵᠤ ᠰᠢᠭᠦᠨ ᠲᠠᠰᠤᠯᠪᠠ᠃ ᠬᠠᠣᠯᠢᠴᠢ ᠶᠢᠨ ᠵᠠᠳᠠᠯᠣᠯᠳᠠ      ᠳᠣᠰ ᠬᠡᠷᠡᠭ ᠲᠤ᠂ ᠲᠤᠰ ᠬᠡᠷᠡᠭ ᠤᠨ ᠭᠤᠤᠯᠳᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠭᠤᠤᠯ ᠴᠤᠭᠴᠠ ᠨᠢ ᠠᠯᠪᠠᠨ ᠠᠵᠢᠯ ᠤᠨ ᠠᠵᠢᠯᠯᠠᠭ᠎ᠠ ᠮᠦᠨ ᠡᠰᠡᠬᠦ ᠶᠢ ᠲᠤᠭᠲᠠᠭᠠᠬᠤ ᠳᠤ ᠪᠤᠢ᠃ ᠲᠦᠷᠭᠡᠨ ᠬᠦᠷᠭᠡᠭᠴᠢ ᠲᠦᠷᠭᠡᠨ ᠬᠦᠷᠭᠡᠯᠳᠡ ᠶᠢᠨ ᠡᠳ᠋ ᠪᠤᠳᠠᠰ ᠢ ᠲᠤᠰᠴᠤ ᠬᠦᠷᠭᠡᠬᠦ ᠶᠠᠪᠤᠴᠠ ᠳᠠᠭᠠᠨ ᠬᠡᠷᠡᠭᠯᠡᠭᠴᠢᠳ ᠲᠠᠢ ᠵᠦᠷᠢᠴᠡᠯ ᠵᠢᠭᠤᠷᠠᠭᠠᠨ ᠡᠭᠦᠰᠴᠦ᠂ ᠬᠦᠮᠦᠨ ᠤ ᠪᠡᠶ᠎ᠠ ᠰᠡᠳᠭᠢᠯ ᠳᠤ ᠬᠤᠬᠢᠷᠠᠯ ᠤᠴᠠᠷᠠᠭᠤᠯᠪᠠᠯ ᠶᠡᠷᠦᠳᠡᠭᠡᠨ ᠠᠵᠢᠯ ᠤᠨ ᠠᠭᠤᠯᠭ᠎ᠠ ᠶᠢᠨ ᠲᠤᠳᠤᠭᠠᠳᠤ ᠪᠠ ᠭᠠᠳᠠᠭᠠᠳᠤ ᠬᠠᠷᠢᠴᠠᠭ᠎ᠠ ᠶᠢ ᠤᠮᠳᠤᠭᠠᠢᠢᠯᠠᠵᠦ᠂ ᠠᠵᠢᠯ ᠤᠨ ᠦᠢᠯᠡ ᠠᠵᠢᠯᠯᠠᠭ᠎ᠠ ᠪᠠᠷ ᠲᠤᠭᠲᠠᠭᠠᠳᠠᠬ ᠤᠢᠭᠡᠢ᠂ ᠬᠠᠷᠢᠨ ᠲᠦᠷᠭᠡᠨ ᠬᠦᠷᠭᠡᠭᠴᠢ ᠶᠢᠨ ᠬᠤᠪᠢ ᠬᠦᠮᠦᠨ ᠤ ᠦᠢᠯᠡ ᠠᠵᠢᠯᠯᠠᠭ᠎ᠠ ᠳᠤ ᠬᠠᠷᠢᠶᠠᠯᠠᠭᠳᠠᠳᠠᠭ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠠᠷᠪᠠᠨ ᠵᠢᠷᠭᠤᠳᠤᠭᠠᠷ ᠵᠦᠢᠯ ᠳᠤ᠂ ᠪᠤᠰᠤᠳ ᠲᠠᠢ ᠬᠠᠯᠳᠠᠵᠦ ᠬᠦᠮᠦᠨ ᠤ ᠪᠡᠶ᠎ᠠ ᠮᠠᠬᠠᠪᠤᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠡᠮᠴᠢᠯᠡᠬᠦ ᠵᠠᠷᠤᠳᠠᠯ᠂ ᠰᠤᠪᠢᠯᠠᠬᠤ ᠵᠠᠷᠤᠳᠠᠯ᠂ ᠵᠠᠮ ᠬᠠᠷᠢᠯᠴᠠᠭᠠᠨ ᠤ ᠵᠠᠷᠤᠳᠠᠯ ᠵᠡᠷᠭᠡ ᠡᠮᠴᠢᠯᠡᠬᠦ ᠪᠠ ᠡᠷᠡᠭᠦᠯᠵᠢᠭᠦᠯᠬᠦ ᠳᠤ ᠵᠠᠷᠤᠴᠠᠭᠤᠯᠤᠭᠰᠠᠨ ᠵᠦᠢ ᠵᠤᠬᠢᠰᠲᠠᠢ ᠵᠠᠷᠤᠳᠠᠯ ᠵᠢᠴᠢ ᠠᠵᠢᠯ ᠰᠠᠭᠠᠲᠠᠭᠰᠠᠨ ᠠᠴᠠ ᠪᠤᠯᠵᠦ ᠬᠠᠰᠤᠭᠳᠠᠭᠰᠠᠨ ᠤᠷᠤᠯᠭ᠎ᠠ ᠶᠢ ᠨᠢ ᠲᠦᠯᠦᠬᠦ ᠬᠡᠷᠡᠭᠲᠠᠢ ᠭᠡᠵᠦ ᠲᠤᠭᠲᠠᠭᠠᠪᠠ᠃ ︽ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠬᠠᠤᠯᠢ︾ ᠶᠢᠨ ᠬᠤᠷᠢᠨ ᠵᠢᠷᠭᠤᠳᠤᠭᠠᠷ ᠵᠦᠢᠯ ᠳᠤ᠂ ᠡᠷᠬᠡ ᠳᠤ ᠬᠠᠯᠳᠠᠭᠳᠠᠭᠴᠢ ᠨᠢ ᠬᠤᠬᠢᠷᠠᠯ ᠤᠨ ᠡᠭᠦᠰᠬᠦ ᠳᠤ ᠤᠰᠤᠯ ᠲᠠᠢ ᠪᠠᠶᠢᠪᠠᠯ᠂ ᠡᠷᠬᠡ ᠳᠤ ᠬᠠᠯᠳᠠᠭᠴᠢ ᠶᠢᠨ ᠬᠠᠷᠢᠭᠤᠴᠠᠯᠭ᠎ᠠ ᠶᠢ ᠬᠦᠡᠭᠭᠡᠷᠡᠭᠦᠯᠵᠦ ᠪᠤᠯᠤᠨ᠎ᠠ ᠭᠡᠵᠦ ᠲᠤᠭᠲᠠᠭᠠᠪᠠ᠃ ᠲᠤᠰ ᠬᠡᠷᠡᠭ ᠲᠤ᠂ ᠬᠡᠷᠪᠡ ᠬᠡᠷᠡᠭᠯᠡᠭᠴᠢ ᠸᠠᠩ ᠠᠪᠠᠭ᠋ᠠᠢ ᠲᠤᠰ ᠵᠢᠭᠤᠷᠠᠭᠠᠨ ᠤ ᠬᠤᠬᠢᠷᠠᠯ ᠡᠭᠦᠰᠬᠦ ᠳᠤ ᠠᠯᠳᠠᠭ᠎ᠠ ᠤᠰᠤᠯ ᠲᠠᠢ ᠪᠤᠯ ᠡᠷᠬᠡ ᠳᠤ ᠬᠠᠯᠳᠠᠭᠴᠢ X ᠲᠦᠷᠭᠡᠨ ᠬᠦᠷᠭᠡᠭᠴᠢ ᠶᠢᠨ ᠬᠠᠷᠢᠭᠤᠴᠠᠯᠭ᠎ᠠ ᠶᠢ ᠬᠦᠡᠭᠭᠡᠷᠡᠭᠦᠯᠵᠦ ᠪᠤᠯᠤᠨ᠎ᠠ᠃ ᠰᠠᠨᠠᠭᠤᠯᠤᠮᠵᠢ      ᠪᠢᠳᠡ ᠡᠳᠤᠷ ᠲᠤᠳᠤᠮ ᠤᠨ ᠠᠮᠢᠳᠤᠷᠠᠯ ᠳᠣᠮᠳᠠ ᠪᠠᠨ ᠲᠦᠷᠭᠡᠨ ᠬᠦᠷᠭᠡᠯᠳᠡ ᠪᠠᠷ ᠡᠳ᠋ ᠪᠤᠳᠠᠰ ᠢᠶᠠᠨ ᠭᠤᠪᠢᠭᠤᠯᠬᠤ ᠦᠶᠡᠰ᠂ ᠲᠦᠷᠭᠡᠨ ᠬᠦᠷᠭᠡᠯᠳᠡ ᠶᠢᠨ ᠴᠠᠭᠠᠰᠤᠨ ᠬᠦᠰᠦᠨᠦᠭᠲᠦ ᠶᠢ ᠲᠠᠭᠯᠠᠭᠰᠠᠨ ᠪᠠᠶᠢᠪᠠᠯ ᠡᠨᠡ ᠨᠢ ᠨᠢᠭᠡᠨᠲᠡ ᠲᠦᠷᠭᠡᠨ ᠬᠦᠷᠭᠡᠯᠳᠡ ᠶᠢᠨ ᠺᠤᠮᠫᠠᠨᠢ ᠲᠠᠢ ︽ᠤᠯᠤᠰ ᠤᠨ ᠲᠤᠳᠤᠭᠠᠳᠤ ᠶᠢᠨ ᠲᠦᠷᠭᠡᠨ ᠬᠦᠷᠭᠡᠯᠳᠡ ᠶᠢᠨ ᠦᠢᠯᠡᠴᠢᠯᠡᠭᠡᠨ ᠤ ᠬᠡᠷ᠎ᠡ︾ ᠲᠤᠭᠲᠠᠭᠰᠠᠨ ᠤᠴᠢᠷ ᠪᠤᠯᠤᠨ᠎ᠠ᠃ ᠡᠭᠦᠨ ᠳᠤ᠂ ᠦᠨ᠎ᠠ ᠬᠠᠩᠰᠢ ᠶᠢ ᠪᠠᠲᠤᠯᠠᠬᠤ ᠲᠤᠭᠲᠠᠭᠠᠯ ᠪᠠᠶᠢᠳᠠᠭ ᠢ ᠠᠩᠬᠠᠷᠪᠠᠯ ᠵᠤᠬᠢᠨ᠎ᠠ᠃ ᠦᠷᠳᠡᠭ ᠢ ᠪᠠᠲᠤᠯᠠᠬᠰᠠᠨ ᠡᠳ᠋ ᠪᠤᠳᠠᠰ ᠤᠨ ᠲᠦᠯᠦᠪᠦᠷᠢᠯᠡᠬᠦ ᠲᠤᠭ᠎ᠠ ᠬᠡᠮᠵᠢᠶ᠎ᠠ ᠪᠠ ᠦᠷᠳᠡᠭ ᠢ ᠪᠠᠲᠤᠯᠠᠭᠰᠠᠨ ᠦᠭᠡᠢ ᠶᠢᠨ ᠲᠦᠯᠦᠪᠦᠷᠢᠯᠡᠬᠦ ᠪᠠᠷᠢᠮᠵᠢᠶ᠎ᠠ ᠶᠢ ᠪᠤᠯᠵᠤᠨ ᠲᠤᠭᠲᠠᠵᠦ᠂ ᠲᠦᠷᠭᠡᠨ ᠬᠦᠷᠭᠡᠯᠳᠡ ᠶᠢᠨ ᠡᠳ᠋ ᠪᠤᠳᠠᠰ ᠤᠨ ᠦᠷᠳᠡᠭ ᠢ ᠪᠠᠲᠤᠯᠠᠪᠠᠯ ᠭᠤᠪᠢᠭᠤᠯᠤᠭᠰᠠᠨ ᠡᠳ᠋ ᠪᠤᠳᠠᠰ ᠤᠨ ᠢᠶᠠᠨ ᠬᠤᠬᠢᠷᠠᠯ ᠢ ᠵᠤᠬᠢᠬᠤ ᠬᠡᠮᠵᠢᠶᠡᠨ ᠳᠤ ᠪᠠᠭᠠᠰᠬᠠᠵᠦ ᠴᠢᠳᠠᠨ᠎ᠠ ᠭᠡᠳᠡᠭ ᠢ ᠰᠠᠨᠠᠵᠦ ᠤᠢᠢᠯᠠᠭᠠᠭᠠᠷᠠᠢ︕                     ᠵᠣᠬᠢᠶᠠᠭᠴᠢ᠄ ᠦᠨᠢᠷ                     ᠨᠠᠶᠢᠷᠠᠭᠤᠯᠤᠭᠴᠢ᠄ ᠠᠷᠢᠭᠤᠨ᠎ᠠ                     ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ                     ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3