| | 11 ᠳ᠋ᠦᠭᠡᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠥᠬᠦ | ᠣᠷᠣᠨ ᠤ ᠠᠵᠤ ᠦᠢᠯᠡᠳᠪᠦᠷᠢ ᠶᠢᠨ ᠡᠨᠧᠷᠭᠢ ᠶᠢᠨ ᠵᠠᠮ ᠬᠠᠷᠢᠯᠴᠠᠭᠠᠨ ᠤ ᠬᠦᠷᠢᠶᠡᠨ ᠳᠠᠬᠢ ᠭᠤᠤᠯᠳᠠᠯᠭ᠎ᠠ ᠲᠠᠢ | ᠠᠵᠢᠯ ᠢ ᠠᠬᠢᠭᠤᠯᠤᠭᠰᠠᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠳᠤᠮᠳᠠᠳᠤ ᠤᠯᠤᠰ ᠤᠨ ᠲᠡᠮᠦᠷ | ᠵᠠᠮ ᠤᠨ ᠬᠦᠬᠡᠬᠤᠲᠡ ᠲᠣᠪᠴᠢᠶᠠᠨ ᠤ ᠪᠦᠯᠦᠭᠯᠡᠯ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠦᠬᠡᠬᠤᠲᠡ ᠠᠴᠠ ᠦᠨᠳᠦᠷ ᠬᠤᠷᠳᠤᠴᠠᠲᠤ ᠲᠡᠮᠦᠷ ᠵᠠᠮ ᠢᠶᠠᠷ | ᠪᠡᠭᠡᠵᠢᠩ ᠳᠤ ᠬᠦᠷᠬᠦ ᠳᠤ ᠬᠠᠮᠤᠭ ᠬᠤᠷᠳᠤᠨ ᠳᠠᠭᠠᠨ 2 ᠴᠠᠭ 18 ᠮᠢᠨᠦ᠋ᠲ ᠬᠡᠷᠡᠭᠰᠡᠨ᠎ᠡ ᠭᠡᠵᠦ ᠣᠯᠠᠨ ᠳᠤ | ᠲᠠᠨᠢᠯᠴᠠᠭᠤᠯᠪᠠ᠃ | ᠲᠠᠨᠢᠯᠴᠠᠭᠤᠯᠤᠭᠰᠠᠨ ᠢᠶᠠᠷ᠂ ᠵᠠᠩ ᠬᠤ᠋ ᠦᠨᠳᠦᠷ ᠬᠤᠷᠳᠣᠴᠠᠲᠦ ᠲᠡᠮᠦᠷ ᠵᠠᠮ ᠪᠣᠯᠤᠨ ᠵᠢᠩ ᠵᠠᠩ ᠦᠨᠳᠦᠷ | ᠬᠤᠷᠳᠣᠴᠠᠲᠦ ᠲᠡᠮᠦᠷ ᠵᠠᠮ ᠨᠢ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ | ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂ ᠵᠠᠩ ᠬᠤ᠋ ᠦᠨᠳᠦᠷ ᠬᠤᠷᠳᠣᠴᠠᠲᠦ | ᠲᠡᠮᠦᠷ ᠵᠠᠮ ᠪᠣᠯᠤᠨ ᠵᠢᠩ ᠵᠠᠩ ᠦᠨᠳᠦᠷ ᠬᠤᠷᠳᠣᠴᠠᠲᠦ ᠲᠡᠮᠦᠷ ᠵᠠᠮ ᠨᠢ 12 ᠰᠠᠷ᠎ᠠ ᠶᠢᠨ ᠰᠡᠭᠦᠯᠴᠢ ᠪᠠᠷ ᠵᠡᠷᠭᠡᠪᠡᠷ | ᠨᠡᠪᠲᠡᠷᠡᠨ᠎ᠡ᠃ 20 ᠬᠤᠤᠰ ᠣᠷᠴᠢᠮ ᠦᠨᠳᠦᠷ ᠬᠤᠷᠳᠤᠴᠠᠲᠤ ᠲᠡᠮᠦᠷ ᠵᠠᠮ ᠤᠨ ᠭᠠᠯᠲᠤ ᠲᠡᠷᠭᠡ ᠶᠢ | ᠨᠡᠪᠲᠡᠷᠡᠭᠦᠯᠬᠦ ᠪᠠᠷ ᠲᠣᠬᠢᠷᠠᠭᠤᠯᠵᠤ᠂ ᠬᠥᠬᠡᠬᠤᠲᠠ᠂ ᠪᠤᠭᠤᠲᠤ᠂ ᠤᠯᠠᠭᠠᠨᠴᠠᠪ ᠬᠤᠲᠠ ᠳᠤ ᠴᠥᠮ ᠪᠡᠭᠡᠵᠢᠩ ᠳᠤ | ᠣᠷᠣᠬᠤ ᠦᠨᠳᠦᠷ ᠬᠤᠷᠳᠤᠴᠠᠲᠤ ᠲᠡᠮᠦᠷ ᠵᠠᠮ ᠤᠨ ᠭᠠᠯᠲᠤ ᠲᠡᠷᠭᠡ ᠶᠢ ᠡᠬᠢᠯᠡᠨ ᠶᠠᠪᠤᠭᠤᠯᠵᠤ᠂ ᠬᠥᠬᠡᠬᠤᠲᠠ ᠠᠴᠠ | ᠪᠡᠭᠡᠵᠢᠩ ᠳᠤ ᠣᠷᠣᠬᠤ ᠴᠠᠭ ᠢ ᠣᠳᠣᠬᠠᠨ ᠤ ᠬᠠᠮᠤᠭ ᠤᠨ ᠬᠤᠷᠳᠤᠨ ᠳᠠᠭᠠᠨ 9 ᠴᠠᠭ ᠭᠠᠷᠤᠶ ᠪᠠᠶᠢᠭᠰᠠᠨ ᠠᠴᠠ 3 | ᠴᠠᠭ ᠤᠨ ᠳᠣᠲᠣᠷ᠎ᠠ ᠪᠣᠭᠤᠨᠢᠰᠬᠠᠵᠤ᠂ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠲᠤ ᠪᠡᠭᠡᠵᠢᠩ ᠤᠨ | ᠬᠤᠶᠢᠲᠤ ᠦᠷᠲᠡᠭᠡᠨ ᠳᠤ ᠬᠦᠷᠬᠦ ᠪᠣᠯᠤᠨ᠎ᠠ᠃ | ᠰᠢᠩ ᠾᠧ ᠰᠢᠶᠠᠨ ᠪᠣᠯ ᠪᠡᠭᠡᠵᠢᠩ ᠠᠴᠠ ᠬᠠᠮᠤᠭ ᠣᠶᠢᠷ᠎ᠠ ᠥᠪᠥᠷ ᠮᠣᠩᠭᠤᠯ ᠤᠨ ᠬᠤᠰᠢᠭᠤ ᠰᠢᠶᠠᠨ | ᠪᠠᠶᠢᠵᠤ᠂ ᠦᠨᠳᠦᠷ ᠬᠤᠷᠳᠤᠴᠠᠲᠤ ᠲᠡᠮᠦᠷ ᠵᠠᠮ ᠢᠶᠠᠷ ᠪᠡᠭᠡᠵᠢᠩ ᠳᠤ ᠬᠦᠷᠬᠦ ᠳᠤ ᠬᠠᠮᠤᠭ ᠤᠨ ᠬᠤᠷᠳᠤᠨ ᠳᠠᠭᠠᠨ 1 | ᠴᠠᠭ ᠬᠡᠷᠡᠭᠰᠡᠨ᠎ᠡ ᠃ | | | ᠣᠷᠴᠢᠭᠤᠯᠣᠭᠴᠢ᠄ ᠰᠣᠷᠭᠤᠭ | | |