ᠰᠢᠩ ᠾᠧ ᠰᠢᠶᠠᠨ ᠤ ᠥᠨᠳᠥᠷ ᠬᠤᠷᠳᠤᠴᠠᠲᠤ ᠲᠡᠮᠦᠷ ᠵᠠᠮ ᠨᠢ ᠠᠰᠢᠭᠯᠠᠯᠲᠠ ᠳᠤ ᠣᠷᠣᠬᠤ ᠪᠠᠷ ᠪᠡᠯᠡᠬᠡᠨ ᠪᠣᠯᠪᠠ
ᠨᠡᠶᠢᠲᠡᠯᠡᠭᠰᠡᠨ ᠴᠠᠭ᠄
2019-11-28
     11 ᠳ᠋ᠦᠭᠡᠷ ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠥᠬᠦ ᠣᠷᠣᠨ ᠤ ᠠᠵᠤ ᠦᠢᠯᠡᠳᠪᠦᠷᠢ ᠶᠢᠨ ᠡᠨᠧᠷᠭᠢ ᠶᠢᠨ ᠵᠠᠮ ᠬᠠᠷᠢᠯᠴᠠᠭᠠᠨ ᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠡ ᠲᠣᠪᠴᠢᠶᠠᠨ ᠤ ᠪᠦᠯᠦᠭᠯᠡᠯ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠳ᠋ᠠᠶ ᠬᠤᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠦᠬᠡᠬᠤᠲᠡ ᠠᠴᠠ ᠦᠨᠳᠦᠷ ᠬᠤᠷᠳᠤᠴᠠᠲᠤ ᠲᠡᠮᠦᠷ ᠵᠠᠮ ᠢᠶᠠᠷ ᠪᠡᠭᠡᠵᠢᠩ ᠳᠤ ᠬᠦᠷᠬᠦ ᠳᠤ ᠬᠠᠮᠤᠭ ᠬᠤᠷᠳᠤᠨ ᠳᠠᠭᠠᠨ 2 ᠴᠠᠭ 18 ᠮᠢᠨᠦ᠋ᠲ ᠬᠡᠷᠡᠭᠰᠡᠨ᠎ᠡ ᠭᠡᠵᠦ ᠣᠯᠠᠨ ᠳᠤ ᠲᠠᠨᠢᠯᠴᠠᠭᠤᠯᠪᠠ᠃      ᠲᠠᠨᠢᠯᠴᠠᠭᠤᠯᠤᠭᠰᠠᠨ ᠢᠶᠠᠷ᠂ ᠵᠠᠩ ᠬᠤ᠋ ᠦᠨᠳᠦᠷ ᠬᠤᠷᠳᠣᠴᠠᠲᠦ ᠲᠡᠮᠦᠷ ᠵᠠᠮ ᠪᠣᠯᠤᠨ ᠵᠢᠩ ᠵᠠᠩ ᠦᠨᠳᠦᠷ ᠬᠤᠷᠳᠣᠴᠠᠲᠦ ᠲᠡᠮᠦᠷ ᠵᠠᠮ ᠨᠢ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ ᠠᠰᠢᠭᠯᠠᠯᠲᠠ ᠳᠤ ᠣᠷᠣᠬᠤ ᠪᠣᠯᠤᠨ᠎ᠠ᠃ ᠲᠥᠯᠥᠪᠯᠡᠭᠡ ᠶᠣᠰᠣᠭᠠᠷ᠂ ᠵᠠᠩ ᠬᠤ᠋ ᠦᠨᠳᠦᠷ ᠬᠤᠷᠳᠣᠴᠠᠲᠦ ᠲᠡᠮᠦᠷ ᠵᠠᠮ ᠪᠣᠯᠤᠨ ᠵᠢᠩ ᠵᠠᠩ ᠦᠨᠳᠦᠷ ᠬᠤᠷᠳᠣᠴᠠᠲᠦ ᠲᠡᠮᠦᠷ ᠵᠠᠮ ᠨᠢ 12 ᠰᠠᠷ᠎ᠠ ᠶᠢᠨ ᠰᠡᠭᠦᠯᠴᠢ ᠪᠠᠷ ᠵᠡᠷᠭᠡᠪᠡᠷ ᠨᠡᠪᠲᠡᠷᠡᠨ᠎ᠡ᠃ 20 ᠬᠤᠤᠰ ᠣᠷᠴᠢᠮ ᠦᠨᠳᠦᠷ ᠬᠤᠷᠳᠤᠴᠠᠲᠤ ᠲᠡᠮᠦᠷ ᠵᠠᠮ ᠤᠨ ᠭᠠᠯᠲᠤ ᠲᠡᠷᠭᠡ ᠶᠢ ᠨᠡᠪᠲᠡᠷᠡᠭᠦᠯᠬᠦ ᠪᠠᠷ ᠲᠣᠬᠢᠷᠠᠭᠤᠯᠵᠤ᠂ ᠬᠥᠬᠡᠬᠤᠲᠠ᠂ ᠪᠤᠭᠤᠲᠤ᠂ ᠤᠯᠠᠭᠠᠨᠴᠠᠪ ᠬᠤᠲᠠ ᠳᠤ ᠴᠥᠮ ᠪᠡᠭᠡᠵᠢᠩ ᠳᠤ ᠣᠷᠣᠬᠤ ᠦᠨᠳᠦᠷ ᠬᠤᠷᠳᠤᠴᠠᠲᠤ ᠲᠡᠮᠦᠷ ᠵᠠᠮ ᠤᠨ ᠭᠠᠯᠲᠤ ᠲᠡᠷᠭᠡ ᠶᠢ ᠡᠬᠢᠯᠡᠨ ᠶᠠᠪᠤᠭᠤᠯᠵᠤ᠂ ᠬᠥᠬᠡᠬᠤᠲᠠ ᠠᠴᠠ ᠪᠡᠭᠡᠵᠢᠩ ᠳᠤ ᠣᠷᠣᠬᠤ ᠴᠠᠭ ᠢ ᠣᠳᠣᠬᠠᠨ ᠤ ᠬᠠᠮᠤᠭ ᠤᠨ ᠬᠤᠷᠳᠤᠨ ᠳᠠᠭᠠᠨ 9 ᠴᠠᠭ ᠭᠠᠷᠤᠶ ᠪᠠᠶᠢᠭᠰᠠᠨ ᠠᠴᠠ 3 ᠴᠠᠭ ᠤᠨ ᠳᠣᠲᠣᠷ᠎ᠠ ᠪᠣᠭᠤᠨᠢᠰᠬᠠᠵᠤ᠂ ᠬᠠᠮᠤᠭ ᠤᠨ ᠬᠤᠷᠳᠤᠨ ᠳᠠᠭᠠᠨ 2 ᠴᠠᠭ 18 ᠮᠢᠨᠦ᠋ᠲ ᠲᠤ ᠪᠡᠭᠡᠵᠢᠩ ᠤᠨ ᠬᠤᠶᠢᠲᠤ ᠦᠷᠲᠡᠭᠡᠨ ᠳᠤ ᠬᠦᠷᠬᠦ ᠪᠣᠯᠤᠨ᠎ᠠ᠃      ᠰᠢᠩ ᠾᠧ ᠰᠢᠶᠠᠨ ᠪᠣᠯ ᠪᠡᠭᠡᠵᠢᠩ ᠠᠴᠠ ᠬᠠᠮᠤᠭ ᠣᠶᠢᠷ᠎ᠠ ᠥᠪᠥᠷ ᠮᠣᠩᠭᠤᠯ ᠤᠨ ᠬᠤᠰᠢᠭᠤ ᠰᠢᠶᠠᠨ ᠪᠠᠶᠢᠵᠤ᠂ ᠦᠨᠳᠦᠷ ᠬᠤᠷᠳᠤᠴᠠᠲᠤ ᠲᠡᠮᠦᠷ ᠵᠠᠮ ᠢᠶᠠᠷ ᠪᠡᠭᠡᠵᠢᠩ ᠳᠤ ᠬᠦᠷᠬᠦ ᠳᠤ ᠬᠠᠮᠤᠭ ᠤᠨ ᠬᠤᠷᠳᠤᠨ ᠳᠠᠭᠠᠨ 1 ᠴᠠᠭ ᠬᠡᠷᠡᠭᠰᠡᠨ᠎ᠡ  ᠃                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3