ᠮᠠᠨ ᠤ ᠰᠢᠶᠠᠨ ᠤ 3000 ᠲᠦᠮᠡᠨ ᠲᠥᠭᠦᠷᠢᠭ ᠵᠢᠴᠢ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠠᠬᠢᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2019-11-07
     10 ᠰᠠᠷ᠎ᠠ ᠳᠤ᠂ ᠮᠠᠨ ᠤ ᠰᠢᠶᠠᠨ ᠤ 11 ᠲᠥᠷᠥᠯ ᠤᠨ 3000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠨᠢ ᠨᠡᠶᠢᠲᠡ 2500 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠭᠦᠳᠡ ᠨᠡᠶᠢᠳᠠ 7.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠶ᠃ ᠡᠭᠦᠨ ᠳᠤ ᠥᠪᠥᠷ ᠮᠣᠩᠭᠤᠯ ᠤᠨ ᠷᠦᠢ ᠱᠧᠩ ᠨᠡᠭᠦᠷᠡᠰᠦᠳᠦ᠋ᠷᠦᠭᠴᠢᠲᠦ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 4 ᠲᠦᠮᠡᠨ ᠲᠣᠨ ᠪᠠᠯ ᠴᠢᠯᠠᠭᠤᠵᠢᠭᠰᠠᠨ ᠦᠢᠯᠡᠳᠪᠦᠷᠢᠯᠡᠯ ᠤᠨ ᠲᠥᠷᠥᠯ ᠵᠦᠢᠯ ᠤᠨ ᠬᠡᠰᠡᠭ ᠪᠦᠯᠦᠭ ᠢ ᠠᠰᠢᠭᠯᠠᠯᠲᠠ ᠳᠤ ᠣᠷᠣᠭᠤᠯᠪᠠ᠃ ᠰᠢᠨ ᠱᠧᠩ ᠰᠢᠨ᠎ᠡ ᠮᠠᠲ᠋ᠧᠷᠢᠶᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 35 ᠲᠦᠮᠡᠨ ᠲᠣᠨ ᠣᠷᠭᠠᠨᠢᠭ ᠪᠤᠰᠤ ᠰᠢᠷᠬᠡᠭ ᠵᠢᠴᠢ ᠲᠡᠭᠦᠨ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠱᠣᠭᠤᠮ ᠤᠨ ᠢᠨᠵᠧᠨᠧᠷᠢᠩ ᠤᠨ ᠲᠥᠷᠥᠯ ᠵᠦᠢᠯ ᠤᠨ ᠮᠥᠬᠦᠯᠢᠭᠲᠦ ᠬᠥᠪᠥᠩ ᠤᠨ ᠦᠢᠯᠡᠳᠪᠦᠷᠢᠯᠡᠯ ᠤᠨ ᠲᠠᠰᠤᠭ ᠢ ᠨᠢᠭᠡᠨᠲᠡ ᠠᠰᠢᠭᠯᠠᠯᠲᠠ ᠳᠤ ᠣᠷᠣᠭᠤᠯᠪᠠ᠃ ᠰᠢᠩ ᠾᠧ ᠰᠢᠶᠠᠨ ᠤ ᠰᠢᠨ ᠶᠤᠸᠠᠨ ᠨᠡᠭᠦᠷᠡᠰᠦᠳᠦ᠋ᠷᠦᠭᠴᠢᠲᠦ ᠡᠳ᠋ ᠤᠨ ᠬᠢᠵᠠᠭᠠᠷᠲᠤ ᠺᠣᠮᠫᠠᠨᠢ ᠶᠢᠨ ᠵᠢᠯ ᠳᠤ 6000 ᠲᠣᠨ ᠨᠡᠭᠦᠷᠡᠰᠦᠳᠦ᠋ᠷᠦᠭᠴᠢᠲᠦ ᠡᠳ᠋ ᠤᠨ ᠦᠢᠯᠡᠳᠬᠦᠨ ᠢ ᠳᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠥᠪᠥᠷ ᠮᠣᠩᠭᠤᠯ ᠤᠨ ᠯᠦᠩ ᠰᠢᠩ ᠰᠢᠨ᠎ᠡ ᠮᠠᠲ᠋ᠧᠷᠢᠶᠠᠯ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠤ ᠯᠢᠩ ᠰᠢᠷᠣᠶ᠂ ᠴᠢᠭᠢᠭᠯᠢᠭ ᠰᠢᠷᠣᠶ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠨᠢ ᠶᠠᠭ ᠲᠤᠷᠰᠢᠨ ᠲᠣᠬᠢᠷᠠᠭᠤᠯᠬᠤ ᠶᠠᠪᠣᠴᠠ ᠳᠤ ᠪᠣᠶ᠃                                                     ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3