ᠵᠡᠮᠳᠡᠭ ᠬᠥᠮᠥᠨ ᠤ ᠦᠨᠡᠮᠯᠡᠬᠦ ᠶᠢ ᠭᠦᠢᠴᠡᠳᠬᠡᠬᠦ
ᠨᠡᠶᠢᠲᠡᠯᠡᠭᠰᠡᠨ ᠴᠠᠭ᠄
2019-12-16
ᠭᠦᠢᠴᠡᠳᠬᠡᠬᠦ ᠨᠥᠬᠦᠴᠡᠯ      ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠬᠠᠷᠢᠶ᠎ᠠ ᠭᠠᠵᠠᠷ ᠠᠴᠠ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠡᠷᠦᠬᠡ ᠠᠮᠠ ᠨᠢ ᠬᠥᠬᠡᠬᠤᠲᠠ ᠳᠤ ᠪᠠᠶᠢᠭ᠎ᠠ᠂ ︽ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭ ᠬᠥᠮᠥᠰ ᠢ ᠰᠤᠭᠤᠴᠢᠨ ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾᠎ ᠳᠤ ᠨᠡᠶᠢᠴᠡᠭᠰᠡᠨ ᠬᠠᠷᠠᠭ᠎ᠠ᠂ ᠰᠣᠨᠣᠷ᠂ ᠦᠭᠡ ᠬᠡᠯᠡ᠂ ᠮᠥᠴᠢ᠂ ᠣᠶᠣᠨ᠂ ᠮᠡᠳᠡᠷᠡᠯ ᠵᠢᠴᠢ ᠳᠠᠪᠬᠤᠴᠠᠯ ᠵᠡᠮᠳᠡᠭ ᠵᠡᠷᠭᠡ ᠵᠡᠮᠳᠡᠭ ᠬᠥᠮᠥᠨ ᠴᠦᠮ ᠭᠤᠶᠤᠴᠢᠯᠠᠵᠤ ᠪᠣᠯᠣᠨ᠎ᠠ᠃ ᠱᠠᠭᠠᠷᠳᠠᠭᠳᠠᠬᠤ ᠮᠠᠲ᠋ᠧᠷᠢᠶᠠᠯ      ᠵᠡᠮᠳᠡᠭ ᠬᠥᠮᠥᠨ ᠪᠡᠶ᠎ᠡ ᠪᠠᠷ ᠢᠶᠠᠨ ᠦᠨᠡᠮᠯᠡᠬᠦ ᠶᠢ ᠭᠦᠢᠴᠡᠳᠬᠡᠬᠦ ᠳᠤ ᠪᠢᠴᠢᠭ ᠤᠨ ᠮᠠᠶ᠋ᠢᠭ ᠢᠶᠠᠷ ᠭᠤᠶᠤᠴᠢᠯᠠᠨ᠎ᠠ ︵ᠨᠡᠶᠢᠭᠡᠮ ᠲᠣᠭᠤᠷᠢᠭ ︵ᠲᠣᠰᠬᠤᠨ︶ ᠪᠣᠯᠣᠨ ᠰᠢᠶᠠᠩ ︵ᠪᠠᠯᠭᠠᠰᠤ︶ ᠲᠤᠰᠪᠦᠷᠢ ᠠᠯᠪᠠᠨ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠢ︶᠃ ᠪᠡᠶ᠎ᠡ ᠶᠢᠨ ᠦᠨᠡᠮᠯᠡᠬᠦ ︵ᠡᠷᠦᠬᠡ ᠠᠮᠠ ᠶᠢᠨ ᠳᠡᠪᠲᠡᠷ︶᠃ 7 ᠬᠤᠪᠢ 2 ᠢᠮᠠᠬᠤ ᠶᠢᠨ ᠬᠥᠬᠡ ᠳᠡᠪᠢᠰᠬᠡᠷ ᠲᠠᠢ ᠭᠡᠷᠡᠯ ᠵᠢᠷᠤᠭ᠃ ᠭᠦᠢᠴᠡᠳᠬᠡᠬᠦ ᠠᠯᠬᠤᠮ ᠳᠠᠷᠠᠭ᠎ᠠ      ᠲᠤᠰ ᠬᠥᠮᠥᠨ ᠠᠴᠠ ᠦᠨᠡᠮᠯᠡᠬᠦ ᠠᠪᠬᠤ ᠭᠤᠶᠤᠴᠢᠯᠠᠯ ᠤᠨ ᠪᠢᠴᠢᠭ ᠲᠤᠰᠢᠶᠠᠵᠤ᠂ ᠨᠡᠶᠢᠭᠡᠮ ᠲᠣᠭᠤᠷᠢᠭ ︵ᠲᠣᠰᠬᠤᠨ︶ ᠪᠣᠯᠣᠨ ᠰᠢᠶᠠᠩ ︵ᠪᠠᠯᠭᠠᠰᠤ︶᠎ ᠠᠴᠠ ᠬᠢᠨᠠᠨ ᠬᠠᠷᠭᠤᠭᠤᠯᠵᠤ᠂ ᠪᠠᠶᠢᠳᠠᠯ ᠨᠢ ᠦᠨᠡᠨ ᠪᠣᠳᠠᠲᠠᠢ ᠪᠣᠯ ᠭᠤᠶᠤᠴᠢᠯᠠᠯ ᠤᠨ ᠪᠢᠴᠢᠭ ᠳᠡᠭᠡᠷ᠎ᠡ ᠲᠤᠰᠪᠦᠷᠢ ᠠᠯᠪᠠᠨ ᠲᠠᠮᠠᠭ᠎ᠠ ᠳᠠᠷᠤᠨ᠎ᠠ᠃ ᠰᠦᠢᠳᠬᠡᠯ ᠬᠤᠷᠢᠶᠠᠬᠤ ᠪᠠᠷᠢᠮᠵᠢᠶ᠎ᠠ      ︽ᠵᠡᠮᠳᠡᠭ ᠬᠥᠮᠥᠨ ᠤ ᠦᠨᠡᠮᠯᠡᠬᠦ︾᠎ ᠶᠢ ᠭᠦᠢᠴᠡᠳᠬᠡᠬᠦ ᠳᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠃ ᠬᠢᠨᠠᠨ ᠲᠣᠭᠲᠠᠭᠠᠬᠤ ᠰᠦᠢᠳᠬᠡᠯ ᠢ ᠲᠤᠬᠠᠢ ᠶᠢᠨ ᠭᠠᠵᠠᠷ ᠤᠨ ᠵᠡᠮᠳᠡᠭᠴᠦᠳ ᠤᠨ ᠬᠤᠯᠪᠣᠭ᠎ᠠ ᠠᠴᠠ ᠬᠢᠨᠠᠨ ᠲᠣᠭᠲᠠᠭᠠᠬᠤ ᠡᠮᠨᠡᠯᠭᠡ ᠶᠢᠨ ᠬᠤᠷᠢᠶ᠎ᠠ ᠶᠢ ᠵᠣᠬᠢᠴᠠᠭᠤᠯᠵᠤ ᠪᠣᠯᠬᠤ ᠶᠢᠨ ᠳᠣᠲᠣᠷ᠎ᠠ ᠰᠦᠢᠳᠬᠡᠯ ᠲᠤᠰᠢᠶᠠᠬᠤ ᠦᠭᠡᠢ ᠪᠤᠶᠤ ᠪᠠᠭᠤᠷᠠᠭᠤᠯᠵᠤ᠂ ᠭᠡᠷᠡᠯ ᠵᠢᠷᠤᠭ ᠤᠨ ᠰᠦᠢᠳᠬᠡᠯ ᠢ ᠥᠪᠡᠷᠲᠡᠭᠡᠨ ᠳᠠᠭᠠᠭᠠᠨ᠎ᠠ᠃ ᠭᠦᠢᠴᠡᠳᠬᠡᠬᠦ ᠦᠨᠳᠦᠰᠦ ᠪᠠᠷᠢᠮᠲᠠ      ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭ ᠬᠥᠮᠥᠨ ᠢ ᠰᠤᠭᠤᠴᠢᠨ ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾᠃ ᠭᠦᠢᠴᠡᠳᠬᠡᠬᠦ ᠪᠠᠶᠢᠭᠤᠯᠤᠮᠵᠢ      ᠡᠯ᠎ᠡ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠣᠯᠣᠨ ᠲᠤᠬᠠᠢ ᠶᠢᠨ ᠭᠠᠵᠠᠷ ᠤᠨ ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠃                              ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                              ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3