| | ᠭᠦᠢᠴᠡᠳᠬᠡᠬᠦ ᠨᠥᠬᠦᠴᠡᠯ | ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠬᠠᠷᠢᠶ᠎ᠠ ᠭᠠᠵᠠᠷ ᠠᠴᠠ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ | ᠡᠷᠦᠬᠡ ᠠᠮᠠ ᠨᠢ ᠬᠥᠬᠡᠬᠤᠲᠠ ᠳᠤ ᠪᠠᠶᠢᠭ᠎ᠠ᠂ ︽ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠵᠡᠮᠳᠡᠭ ᠬᠥᠮᠥᠰ ᠢ | ᠰᠤᠭᠤᠴᠢᠨ ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾ ᠳᠤ ᠨᠡᠶᠢᠴᠡᠭᠰᠡᠨ ᠬᠠᠷᠠᠭ᠎ᠠ᠂ ᠰᠣᠨᠣᠷ᠂ ᠦᠭᠡ ᠬᠡᠯᠡ᠂ | ᠮᠥᠴᠢ᠂ ᠣᠶᠣᠨ᠂ ᠮᠡᠳᠡᠷᠡᠯ ᠵᠢᠴᠢ ᠳᠠᠪᠬᠤᠴᠠᠯ ᠵᠡᠮᠳᠡᠭ ᠵᠡᠷᠭᠡ ᠵᠡᠮᠳᠡᠭ ᠬᠥᠮᠥᠨ ᠴᠦᠮ ᠭᠤᠶᠤᠴᠢᠯᠠᠵᠤ ᠪᠣᠯᠣᠨ᠎ᠠ᠃ | | ᠱᠠᠭᠠᠷᠳᠠᠭᠳᠠᠬᠤ ᠮᠠᠲ᠋ᠧᠷᠢᠶᠠᠯ | ᠵᠡᠮᠳᠡᠭ ᠬᠥᠮᠥᠨ ᠪᠡᠶ᠎ᠡ ᠪᠠᠷ ᠢᠶᠠᠨ ᠦᠨᠡᠮᠯᠡᠬᠦ ᠶᠢ ᠭᠦᠢᠴᠡᠳᠬᠡᠬᠦ ᠳᠤ ᠪᠢᠴᠢᠭ ᠤᠨ ᠮᠠᠶ᠋ᠢᠭ ᠢᠶᠠᠷ ᠭᠤᠶᠤᠴᠢᠯᠠᠨ᠎ᠠ | ︵ᠨᠡᠶᠢᠭᠡᠮ ᠲᠣᠭᠤᠷᠢᠭ ︵ᠲᠣᠰᠬᠤᠨ︶ ᠪᠣᠯᠣᠨ ᠰᠢᠶᠠᠩ ︵ᠪᠠᠯᠭᠠᠰᠤ︶ ᠲᠤᠰᠪᠦᠷᠢ ᠠᠯᠪᠠᠨ ᠲᠠᠮᠠᠭ᠎ᠠ ᠳᠠᠷᠤᠭᠰᠠᠨ | ᠪᠠᠶᠢᠬᠤ ᠬᠡᠷᠡᠭᠲᠡᠢ︶᠃ ᠪᠡᠶ᠎ᠡ ᠶᠢᠨ ᠦᠨᠡᠮᠯᠡᠬᠦ ︵ᠡᠷᠦᠬᠡ ᠠᠮᠠ ᠶᠢᠨ ᠳᠡᠪᠲᠡᠷ︶᠃ 7 ᠬᠤᠪᠢ 2 ᠢᠮᠠᠬᠤ ᠶᠢᠨ | ᠬᠥᠬᠡ ᠳᠡᠪᠢᠰᠬᠡᠷ ᠲᠠᠢ ᠭᠡᠷᠡᠯ ᠵᠢᠷᠤᠭ᠃ | ᠭᠦᠢᠴᠡᠳᠬᠡᠬᠦ ᠠᠯᠬᠤᠮ ᠳᠠᠷᠠᠭ᠎ᠠ | ᠲᠤᠰ ᠬᠥᠮᠥᠨ ᠠᠴᠠ ᠦᠨᠡᠮᠯᠡᠬᠦ ᠠᠪᠬᠤ ᠭᠤᠶᠤᠴᠢᠯᠠᠯ ᠤᠨ ᠪᠢᠴᠢᠭ ᠲᠤᠰᠢᠶᠠᠵᠤ᠂ ᠨᠡᠶᠢᠭᠡᠮ ᠲᠣᠭᠤᠷᠢᠭ ︵ | ᠲᠣᠰᠬᠤᠨ︶ ᠪᠣᠯᠣᠨ ᠰᠢᠶᠠᠩ ︵ᠪᠠᠯᠭᠠᠰᠤ︶ ᠠᠴᠠ ᠬᠢᠨᠠᠨ ᠬᠠᠷᠭᠤᠭᠤᠯᠵᠤ᠂ ᠪᠠᠶᠢᠳᠠᠯ ᠨᠢ ᠦᠨᠡᠨ ᠪᠣᠳᠠᠲᠠᠢ ᠪᠣᠯ | ᠭᠤᠶᠤᠴᠢᠯᠠᠯ ᠤᠨ ᠪᠢᠴᠢᠭ ᠳᠡᠭᠡᠷ᠎ᠡ ᠲᠤᠰᠪᠦᠷᠢ ᠠᠯᠪᠠᠨ ᠲᠠᠮᠠᠭ᠎ᠠ ᠳᠠᠷᠤᠨ᠎ᠠ᠃ | ᠰᠦᠢᠳᠬᠡᠯ ᠬᠤᠷᠢᠶᠠᠬᠤ ᠪᠠᠷᠢᠮᠵᠢᠶ᠎ᠠ | ︽ᠵᠡᠮᠳᠡᠭ ᠬᠥᠮᠥᠨ ᠤ ᠦᠨᠡᠮᠯᠡᠬᠦ︾ ᠶᠢ ᠭᠦᠢᠴᠡᠳᠬᠡᠬᠦ ᠳᠤ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ | ᠶᠠᠮᠠᠷ ᠴᠤ ᠰᠦᠢᠳᠬᠡᠯ ᠬᠤᠷᠢᠶᠠᠵᠤ ᠪᠣᠯᠬᠤ ᠦᠭᠡᠢ᠃ ᠬᠢᠨᠠᠨ ᠲᠣᠭᠲᠠᠭᠠᠬᠤ ᠰᠦᠢᠳᠬᠡᠯ ᠢ ᠲᠤᠬᠠᠢ ᠶᠢᠨ ᠭᠠᠵᠠᠷ ᠤᠨ | ᠵᠡᠮᠳᠡᠭᠴᠦᠳ ᠤᠨ ᠬᠤᠯᠪᠣᠭ᠎ᠠ ᠠᠴᠠ ᠬᠢᠨᠠᠨ ᠲᠣᠭᠲᠠᠭᠠᠬᠤ ᠡᠮᠨᠡᠯᠭᠡ ᠶᠢᠨ ᠬᠤᠷᠢᠶ᠎ᠠ ᠶᠢ ᠵᠣᠬᠢᠴᠠᠭᠤᠯᠵᠤ ᠪᠣᠯᠬᠤ ᠶᠢᠨ | ᠳᠣᠲᠣᠷ᠎ᠠ ᠰᠦᠢᠳᠬᠡᠯ ᠲᠤᠰᠢᠶᠠᠬᠤ ᠦᠭᠡᠢ ᠪᠤᠶᠤ ᠪᠠᠭᠤᠷᠠᠭᠤᠯᠵᠤ᠂ ᠭᠡᠷᠡᠯ ᠵᠢᠷᠤᠭ ᠤᠨ ᠰᠦᠢᠳᠬᠡᠯ ᠢ ᠥᠪᠡᠷᠲᠡᠭᠡᠨ | ᠳᠠᠭᠠᠭᠠᠨ᠎ᠠ᠃ | ᠭᠦᠢᠴᠡᠳᠬᠡᠬᠦ ᠦᠨᠳᠦᠰᠦ ᠪᠠᠷᠢᠮᠲᠠ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠬᠤᠶᠠᠳᠤᠭᠠᠷ ᠤᠳᠠᠭ᠎ᠠ ᠶᠢᠨ ᠪᠦᠬᠦ | ᠤᠯᠤᠰ ᠤᠨ ᠵᠡᠮᠳᠡᠭ ᠬᠥᠮᠥᠨ ᠢ ᠰᠤᠭᠤᠴᠢᠨ ᠪᠠᠶᠢᠴᠠᠭᠠᠭᠰᠠᠨ ᠵᠡᠮᠳᠡᠭ ᠤᠨ ᠪᠠᠷᠢᠮᠵᠢᠶ᠎ᠠ︾᠃ | ᠭᠦᠢᠴᠡᠳᠬᠡᠬᠦ ᠪᠠᠶᠢᠭᠤᠯᠤᠮᠵᠢ | ᠡᠯ᠎ᠡ ᠬᠤᠰᠢᠭᠤ ᠰᠢᠶᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠣᠯᠣᠨ ᠲᠤᠬᠠᠢ ᠶᠢᠨ ᠭᠠᠵᠠᠷ ᠤᠨ | ᠲᠣᠭᠲᠠᠭᠠᠭᠰᠠᠨ ᠡᠮᠨᠡᠯᠭᠡ ᠶᠢᠨ ᠬᠤᠷᠢᠶ᠎ᠠ᠃ | | | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | ᠪᠡᠯᠡᠳᠬᠡᠭᠰᠡᠨ ᠨᠢ᠄ ᠰᠣᠷᠭᠤᠭ | | | | | | |