ᠰᠢᠩ ᠾᠧ ᠰᠢᠶᠠᠨ ᠤ 2019 ᠣᠨ ᠤ ᠠᠮᠤ ᠪᠤᠳᠠᠭᠠᠨ ᠤ ᠶᠡᠷᠦᠩᠬᠡᠢ ᠭᠠᠷᠣᠯᠲᠠ ᠨᠢ 2.7 ᠳ᠋ᠦᠩᠰᠢᠭᠤᠷ ᠵᠢᠩ ᠬᠦᠷᠪᠡ
ᠨᠡᠶᠢᠲᠡᠯᠡᠭᠰᠡᠨ ᠴᠠᠭ᠄
2019-12-02
     ᠡᠨᠡ ᠵᠢᠯ᠂ ᠰᠢᠩ ᠾᠧ ᠰᠢᠶᠠᠨ ᠦᠷᠭᠦᠯᠵᠢᠯᠡᠨ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠪᠠᠷ ᠲᠤᠬᠢᠷᠠᠭᠤᠯᠤᠨ ᠰᠢᠯᠢᠳᠡᠭᠵᠢᠭᠦᠯᠵᠦ᠂ ᠲᠥᠮᠥᠰᠥ᠂ ᠢᠳᠡᠰᠢᠨ ᠨᠣᠭᠤᠭ᠎ᠠ᠂ ᠡᠯᠳᠡᠪ ᠠᠮᠤ ᠡᠯᠳᠡᠪ ᠪᠤᠷᠴᠠᠭ ᠵᠡᠷᠭᠡ ᠭᠤᠤᠯᠯᠠᠬᠤ ᠠᠵᠤ ᠦᠢᠯᠡᠰ ᠢ ᠬᠦᠭᠵᠢᠭᠦᠯᠬᠦ ᠶᠢ ᠵᠣᠷᠢᠭᠵᠢᠭᠤᠯᠪᠠ᠃ ᠪᠦᠬᠦ ᠰᠢᠶᠠᠨ ᠤ ᠲᠠᠷᠢᠮᠠᠯ ᠲᠠᠷᠢᠬᠤ ᠲᠠᠯᠠᠪᠠᠢ ᠨᠢ 115 ᠲᠦᠮᠡᠨ ᠮᠦ ᠪᠠᠶᠢᠵᠦ᠂ ᠡᠭᠦᠨ ᠳᠤ ᠲᠥᠮᠥᠰᠥ ᠨᠢ 39 ᠲᠦᠮᠡᠨ ᠮᠦ᠂ ᠢᠳᠡᠰᠢᠨ ᠨᠣᠭᠤᠭ᠎ᠠ ᠨᠢ 8 ᠲᠦᠮᠡᠨ ᠮᠦ᠂ ᠡᠷᠳᠡᠨᠢ ᠰᠢᠰᠢ ᠨᠢ 20 ᠲᠦᠮᠡᠨ ᠮᠦ᠂ ᠰᠢᠬᠢᠷ ᠯᠤᠤᠪᠠᠩ᠂ ᠨᠡᠷᠡᠨ ᠬᠤᠸᠠᠷ᠂ ᠬᠤᠮᠠ ᠵᠡᠷᠭᠡ ᠲᠠᠷᠢᠮᠠᠯ ᠨᠢ ᠨᠡᠶᠢᠲᠡ 26 ᠲᠦᠮᠡᠨ ᠮᠦ᠂ ᠡᠯᠳᠡᠪ ᠠᠮᠤ ᠡᠯᠳᠡᠪ ᠪᠤᠷᠴᠠᠭ ᠵᠢᠴᠢ ᠪᠤᠰᠤᠳ ᠲᠠᠷᠢᠮᠠᠯ ᠨᠢ 22 ᠲᠦᠮᠡᠨ ᠮᠦ ᠬᠦᠷᠪᠡ᠃ ᠪᠦᠷᠢᠳᠬᠡᠯ ᠢ ᠦᠨᠳᠦᠰᠦᠯᠡᠪᠡᠯ᠂ 2019 ᠣᠨ ᠳᠤ ᠰᠢᠩ ᠾᠧ ᠰᠢᠶᠠᠨ ᠤ ᠠᠮᠤ ᠪᠤᠳᠠᠭᠠᠨ ᠤ ᠶᠡᠷᠦᠩᠬᠡᠢ ᠭᠠᠷᠣᠯᠲᠠ ᠨᠢ 2.07 ᠳ᠋ᠦᠩᠰᠢᠭᠤᠷ ᠵᠢᠩ ᠬᠦᠷᠴᠦ᠂ ᠲᠥᠮᠥᠰᠥᠨ ᠤ ᠭᠠᠷᠤᠯᠲᠠ ᠨᠢ 7 ᠳ᠋ᠦᠩᠰᠢᠭᠤᠷ ᠭᠠᠷᠤᠶ ᠵᠢᠩ᠂ ᠢᠳᠡᠰᠢᠨ ᠨᠣᠭᠤᠭ᠎ᠠ ᠶᠢᠨ ᠭᠠᠷᠤᠯᠲᠠ ᠨᠢ 5.1 ᠳ᠋ᠦᠩᠰᠢᠭᠤᠷ ᠵᠢᠩ ᠬᠦᠷᠪᠡ᠃                                                  ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3