ᠮᠠᠨ ᠤ ᠰᠢᠶᠠᠨ ᠨᠢ 2019 ᠣᠨ ᠤ 1-11 ᠰᠠᠷ᠎ᠠ ᠳᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠨᠡᠶᠢᠲᠡ 71124.24 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2019-12-03
     ᠡᠨᠡ ᠵᠢᠯ ᠠᠴᠠ ᠨᠠᠰᠢ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠪᠠᠶᠢᠬᠤ ︽ᠪᠦᠬᠦᠨ ᠳᠤ ᠲᠣᠬᠢᠷᠠᠬᠤ ᠺᠠᠷᠲ︾᠎ ᠶᠢᠨ ᠲᠠᠷᠬᠠᠬᠤ ᠠᠵᠢᠯ ᠢ ᠲᠠᠰᠤᠷᠠᠯᠲᠠ ᠦᠭᠡᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠲᠠᠷᠢᠶᠠᠴᠢᠳ ᠲᠤ ᠴᠠᠭ ᠲᠤᠬᠠᠶ ᠳᠤᠨᠢ᠂ ᠭᠦᠢᠴᠡᠳ ᠣᠨᠣᠪᠴᠢᠲᠠᠶ ᠣᠯᠭᠤᠬᠤ ᠶᠢ ᠦᠨᠡᠨᠬᠦ ᠪᠠᠲᠣᠯᠠᠪᠠ᠃ 11 ᠰᠠᠷ᠎ᠠ ᠶᠢᠨ ᠰᠡᠭᠦᠯᠴᠢ ᠪᠣᠯᠲᠠᠯ᠎ᠠ᠂ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠭᠤᠯᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠣᠯᠭᠤᠬᠤ ᠲᠥᠷᠥᠯ ᠵᠦᠢᠯ ᠨᠢ 8 ᠬᠦᠷᠢᠶᠠᠨ ᠤ 36 ᠲᠥᠷᠥᠯ ᠤᠨ 42 ᠵᠦᠢᠯ ᠳᠤ ᠬᠤᠯᠪᠣᠭᠳᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠨᠡᠶᠢᠲᠡ 71124.24 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠣᠯᠭᠤᠬᠤ ᠬᠥᠮᠦᠨ ᠤ ᠲᠤᠭ᠎ᠠ ᠨᠢ 879841 ᠬᠥᠮᠦᠨ ᠤᠳᠠᠭ᠎ᠠ ᠳᠤ ᠬᠦᠷᠴᠡᠶ᠃ ᠵᠢᠯ ᠤᠨ ᠡᠴᠦᠰ ᠪᠣᠯᠲᠠᠯ᠎ᠠ᠂ ᠪᠥᠬᠦ ᠵᠢᠯ ᠳᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ 72224.24 ᠲᠦᠮᠡᠨ ᠲᠥᠭᠦᠷᠢᠭ ᠲᠠᠷᠬᠠᠭᠠᠬᠤ ᠪᠠᠷ ᠲᠦᠯᠦᠪᠯᠡᠵᠦ ᠪᠠᠶᠢᠨ᠎ᠠ᠃                                              ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3