| | ᠡᠨᠡ ᠵᠢᠯ ᠠᠴᠠ ᠨᠠᠰᠢ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠪᠠᠶᠢᠬᠤ ︽ | ᠪᠦᠬᠦᠨ ᠳᠤ ᠲᠣᠬᠢᠷᠠᠬᠤ ᠺᠠᠷᠲ︾ ᠶᠢᠨ ᠲᠠᠷᠬᠠᠬᠤ ᠠᠵᠢᠯ ᠢ ᠲᠠᠰᠤᠷᠠᠯᠲᠠ ᠦᠭᠡᠢ ᠵᠢᠷᠤᠮᠵᠢᠭᠤᠯᠤᠨ | ᠲᠡᠭᠦᠯᠳᠡᠷᠵᠢᠭᠦᠯᠵᠦ᠂ ᠡᠯ᠎ᠡ ᠱᠠᠲᠤᠨ ᠤ ᠡᠯ᠎ᠡ ᠲᠥᠷᠥᠯ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ | ᠮᠥᠩᠭᠦ ᠶᠢ ᠲᠠᠷᠢᠶᠠᠴᠢᠳ ᠲᠤ ᠴᠠᠭ ᠲᠤᠬᠠᠶ ᠳᠤᠨᠢ᠂ ᠭᠦᠢᠴᠡᠳ ᠣᠨᠣᠪᠴᠢᠲᠠᠶ ᠣᠯᠭᠤᠬᠤ ᠶᠢ ᠦᠨᠡᠨᠬᠦ ᠪᠠᠲᠣᠯᠠᠪᠠ᠃ | 11 ᠰᠠᠷ᠎ᠠ ᠶᠢᠨ ᠰᠡᠭᠦᠯᠴᠢ ᠪᠣᠯᠲᠠᠯ᠎ᠠ᠂ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠲᠠᠷᠢᠶᠠᠴᠢᠳ ᠲᠤ | ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠣᠯᠭᠤᠬᠤ ᠲᠥᠷᠥᠯ ᠵᠦᠢᠯ ᠨᠢ 8 ᠬᠦᠷᠢᠶᠠᠨ ᠤ 36 ᠲᠥᠷᠥᠯ ᠤᠨ | 42 ᠵᠦᠢᠯ ᠳᠤ ᠬᠤᠯᠪᠣᠭᠳᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠮᠥᠩᠭᠦ ᠶᠢ ᠨᠡᠶᠢᠲᠡ | 71124.24 ᠲᠦᠮᠡᠨ ᠲᠥᠭᠦᠷᠢᠭ ᠲᠠᠷᠬᠠᠭᠠᠵᠤ᠂ ᠨᠥᠬᠦᠪᠥᠷᠢ ᠣᠯᠭᠤᠬᠤ ᠬᠥᠮᠦᠨ ᠤ ᠲᠤᠭ᠎ᠠ ᠨᠢ 879841 | ᠬᠥᠮᠦᠨ ᠤᠳᠠᠭ᠎ᠠ ᠳᠤ ᠬᠦᠷᠴᠡᠶ᠃ ᠵᠢᠯ ᠤᠨ ᠡᠴᠦᠰ ᠪᠣᠯᠲᠠᠯ᠎ᠠ᠂ ᠪᠥᠬᠦ ᠵᠢᠯ ᠳᠤ ᠲᠠᠷᠢᠶᠠᠴᠢᠳ ᠲᠤ ᠠᠰᠢᠭ | ᠬᠦᠷᠲᠡᠭᠡᠬᠦ ᠨᠥᠬᠦᠪᠥᠷᠢ ᠶᠢᠨ ᠮᠥᠩᠭᠦ ᠶᠢ 72224.24 ᠲᠦᠮᠡᠨ ᠲᠥᠭᠦᠷᠢᠭ ᠲᠠᠷᠬᠠᠭᠠᠬᠤ ᠪᠠᠷ ᠲᠦᠯᠦᠪᠯᠡᠵᠦ | ᠪᠠᠶᠢᠨ᠎ᠠ᠃ | | | ᠣᠷᠴᠢᠭᠤᠯᠣᠭᠴᠢ᠄ ᠰᠣᠷᠭᠤᠭ | | |