ᠮᠠᠨ ᠤ ᠰᠢᠶᠠᠨ ᠨᠢ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2019-12-30
     2019 ᠣᠨ ᠳᠤ᠂ ᠮᠠᠨ ᠤ ᠰᠢᠶᠠᠨ ᠨᠢ ᠦᠷᠭᠦᠯᠵᠢᠯᠡᠨ ᠰᠤᠷᠭᠠᠭᠤᠯᠢ ᠡᠷᠬᠢᠯᠡᠬᠦ ᠨᠥᠬᠦᠴᠡᠯ ᠢᠶᠠᠨ ᠰᠠᠶᠢᠵᠢᠷᠠᠭᠤᠯᠵᠤ᠂ ᠴᠠᠭ ᠠᠮᠵᠢᠨ ᠳᠥᠷᠪᠡᠨ ᠵᠦᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠢᠳᠡᠪᠬᠢᠲᠡᠢ ᠠᠬᠢᠭᠤᠯᠪᠠ᠃      ᠨᠢᠭᠡ ᠳᠤ᠂ 1857.36 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠬᠤᠲᠠ ᠶᠢᠨ ᠲᠣᠭᠤᠷᠢᠭ ᠲᠤ 7032 ᠲᠡᠭᠰᠢ ᠳᠥᠷᠪᠡᠯᠵᠢᠨ ᠮᠧᠲᠷ ᠲᠠᠯᠠᠪᠠᠢ ᠲᠠᠢ 24 ᠵᠢᠭᠠᠨ ᠰᠤᠷᠭᠠᠬᠤ ᠠᠩᠭᠢ ᠲᠠᠢ ᠪᠠᠷᠢᠮᠵᠢᠶᠠᠵᠢᠭᠰᠠᠨ ᠪᠠᠭ᠎ᠠ ᠰᠤᠷᠭᠠᠭᠤᠯᠢ — ᠰᠢᠩ ᠾᠧ ᠰᠢᠶᠠᠨ ᠤ ᠱᠦ ᠭᠤᠸᠠᠩ ᠪᠠᠭ᠎ᠠ ᠰᠤᠷᠭᠠᠭᠤᠯᠢ ᠶᠢ ᠪᠠᠶᠢᠭᠤᠯᠪᠠ᠃ ᠡᠨᠡ ᠵᠢᠯ ᠰᠤᠷᠭᠠᠭᠤᠯᠢ ᠡᠬᠢᠯᠡᠭᠡᠳ ᠨᠢᠭᠡᠨᠲᠡ 600 ᠭᠠᠷᠤᠶ ᠰᠤᠷᠤᠭᠴᠢ ᠡᠯᠰᠡᠪᠡ᠃ 1800 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ 4680 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠪᠡᠭᠡᠵᠢᠩ ᠥᠪᠥᠷ ᠮᠣᠩᠭᠤᠯ ᠤᠨ ᠬᠡᠤᠬᠡᠳ ᠤᠨ ᠴᠡᠴᠡᠷᠯᠢᠭ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃      ᠬᠤᠶᠠᠷ ᠲᠤ᠂ 709 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠢᠭᠡᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠪᠠ᠂ ᠣᠳᠣᠬᠠᠨ ᠳᠤ᠂ ᠵᠢᠭᠠᠨ ᠰᠤᠷᠭᠠᠯᠲᠠ ᠶᠢᠨ ᠠᠰᠠᠷ ᠤᠨ ᠭᠠᠳᠠᠷ ᠬᠡᠷᠡᠮ᠂ ᠡᠭᠦᠳᠡ ᠴᠣᠩᠬᠤ᠂ ᠭᠠᠯ ᠤᠨᠲᠠᠷᠠᠭᠠᠬᠤ ᠰᠢᠰᠲ᠋ᠧᠮ᠂ ᠬᠠᠲᠠᠭᠤᠷᠠᠯᠲᠠ ᠵᠡᠷᠭᠡ ᠢᠨᠵᠧᠨᠧᠷᠢᠩ ᠢ ᠳᠠᠭᠤᠰᠬᠠᠵᠤ᠂ ᠵᠢᠯ ᠤᠨ ᠡᠴᠦᠰ ᠲᠤ ᠪᠦᠬᠦᠨ ᠢ ᠳᠠᠭᠤᠰᠬᠠᠬᠤ ᠪᠠᠷ ᠲᠦᠯᠦᠪᠯᠡᠵᠦ ᠪᠠᠶᠢᠨ᠎ᠠ᠃      ᠭᠤᠷᠪᠠ ᠳᠤ᠂ 1800 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ 4680 ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠢᠦᠢ ᠶᠢᠩ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠢ ᠪᠦᠲᠦᠭᠡᠨ ᠪᠠᠶᠢᠭᠤᠯᠵᠣ᠂ ᠣᠳᠣᠬᠠᠨ ᠪᠣᠯᠲᠠᠯ᠎ᠠ᠂ ᠵᠢᠭᠠᠨ ᠰᠤᠷᠭᠠᠯᠲᠠ ᠶᠢᠨ ᠠᠰᠠᠷ ᠢ ᠨᠢᠭᠡᠨᠲᠡ ᠪᠠᠶᠢᠭᠤᠯᠣᠨ ᠳᠠᠭᠤᠰᠬᠠᠵᠤ᠂ ᠰᠤᠷᠭᠠᠭᠤᠯᠢ ᠶᠢᠨ ᠬᠦᠷᠢᠶ᠎ᠡ ᠶᠢ ᠬᠠᠲᠠᠭᠤᠷᠠᠭᠤᠯᠬᠤ ᠵᠡᠷᠭᠡ ᠳᠠᠭᠠᠯᠲᠠ ᠪᠠᠷᠢᠯᠭ᠎ᠠ ᠶᠢ ᠭᠦᠢᠴᠡᠳᠬᠡᠵᠦ ᠪᠠᠶᠢᠨ᠎ᠠ᠃      ᠳᠥᠷᠪᠡ ᠳᠤ᠂ 1060 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠲᠥᠷᠥᠯ ᠵᠦᠢᠯ ᠪᠣᠯᠤᠨ ᠹᠦ᠋ ᠷᠦᠢ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠢ ᠶᠢᠨ ᠲᠥᠷᠥᠯ ᠵᠦᠢᠯ ᠤᠨ ᠢᠨᠵᠧᠨᠧᠷᠢᠩ ᠨᠢ ᠶᠠᠭ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ᠃                                                      ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3