ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠦᠢᠯᠡᠴᠢᠯᠡᠭᠡ ᠶᠢᠨ ᠵᠦᠭᠯᠡᠭᠦᠷ
ᠨᠡᠶᠢᠲᠡᠯᠡᠭᠰᠡᠨ ᠴᠠᠭ᠄
2019-12-04
     ᠨᠢᠭᠡ᠂ ᠤᠴᠢᠷ ᠶᠠᠪᠤᠳᠠᠯ ᠤᠨ ᠲᠣᠪᠴᠢ ᠲᠤᠭᠠᠴᠢᠯᠲᠠ      ︽ᠪᠥᠭᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠡᠶᠢᠭᠡᠮ ᠤᠨ ᠲᠠᠭᠠᠳᠬᠠᠯ ᠤᠨ ᠬᠠᠤᠯᠢ︾᠎ ᠶᠢᠨ ᠭᠤᠴᠢᠨ ᠵᠢᠷᠭᠤᠳᠤᠭᠠᠷ ᠵᠤᠷᠪᠤᠰ ᠠᠵᠢᠯᠳᠠᠨ ᠠᠵᠢᠯ ᠤᠨ ᠰᠢᠯᠳᠠᠭᠠᠨ ᠠᠴᠠ ᠪᠣᠯᠵᠤ ᠠᠳᠡᠯ ᠳᠤ ᠬᠡᠮᠳᠦᠬᠦ ᠪᠤᠶᠤ ᠠᠵᠢᠯ ᠤᠨ ᠨᠦᠯᠦᠭᠡᠨ ᠤ ᠡᠪᠡᠳᠴᠢᠨ ᠤᠯᠤᠭᠰᠠᠨ ᠪᠦᠭᠡᠳ ᠠᠵᠢᠯ ᠠᠴᠠ ᠪᠤᠯᠤᠭᠰᠠᠨ ᠬᠡᠮᠳᠦᠯ ᠤᠨ ᠮᠠᠭᠠᠳᠯᠠᠨ ᠲᠤᠭᠲᠠᠭᠠᠯᠲᠠ ᠶᠢ ᠦᠩᠭᠡᠷᠡᠭᠰᠡᠨ ᠨᠢ ᠠᠵᠢᠯ ᠤᠨ ᠬᠡᠮᠳᠦᠯ ᠤᠨ ᠲᠠᠭᠠᠳᠬᠠᠯ ᠤᠨ ᠤᠯᠭᠤᠮᠵᠢ ᠶᠢ ᠡᠳ᠋ᠯᠡᠨ᠎ᠡ ᠁᠃      ᠬᠤᠶᠠᠷ᠂ ᠦᠨᠳᠦᠰᠦᠨ ᠡᠯᠧᠮᠧᠨ᠋ᠲ      ︵ᠨᠢᠭᠡ︶ ᠤᠴᠢᠷ ᠶᠠᠪᠤᠳᠠᠯ ᠤᠨ ᠨᠡᠷᠡᠶᠢᠳᠦᠯ      ᠠᠵᠢᠯ ᠠᠴᠠ ᠪᠤᠯᠤᠭᠰᠠᠨ ᠭᠡᠮᠳᠦᠯ ᠤᠨ ᠮᠠᠭᠠᠳᠯᠠᠨ ᠲᠤᠭᠲᠠᠭᠠᠯᠲᠠ      ︵ᠬᠤᠶᠠᠷ︶ ᠬᠦᠢᠴᠡᠳᠭᠡᠬᠦ ᠮᠠᠲ᠋ᠧᠷᠢᠶᠠᠯ      1. ᠭᠤᠶᠤᠴᠢᠯᠠᠭᠴᠢ ︽ᠠᠵᠢᠯ ᠠᠴᠠ ᠪᠤᠯᠤᠭᠰᠠᠨ ᠭᠡᠮᠳᠦᠯ ᠤᠨ ᠭᠤᠶᠤᠴᠢᠯᠠᠯ ᠤᠨ ᠬᠦᠰᠦᠨᠦᠭᠲᠦ︾᠎ ᠶᠢᠨ ᠤᠤᠯ ᠬᠡᠪ ᠨᠢᠭᠡ ᠬᠤᠪᠢ ᠶᠢ ᠦᠪᠡᠷ ᠢᠶᠠᠨ ᠪᠡᠯᠡᠳᠭᠡᠵᠦ ᠲᠠᠭᠯᠠᠭᠠᠳ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      2. ᠭᠤᠶᠤᠴᠢᠯᠠᠭᠴᠢ ᠬᠦᠳᠡᠯᠮᠦᠷᠢ ᠶᠢᠨ ᠭᠡᠷ᠎ᠡ ᠶᠢᠨ ᠬᠠᠭᠤᠯᠪᠤᠷᠢ ᠪᠤᠶᠤ ᠬᠦᠮᠦᠨ ᠬᠡᠷᠡᠭᠯᠡᠬᠦ ᠨᠢᠭᠡᠴᠡ ᠯᠦᠭᠡ ᠬᠦᠳᠡᠯᠮᠦᠷᠢ ᠶᠢᠨ ᠬᠠᠷᠢᠴᠠᠭ᠎ᠠ ︵ᠪᠤᠳᠠᠳᠤ ᠬᠦᠳᠡᠯᠮᠦᠷᠢ ᠶᠢᠨ ᠬᠠᠷᠢᠴᠠᠭ᠎ᠠ ᠶᠢ ᠪᠠᠭᠲᠠᠭᠠᠨ᠎ᠠ︶ ᠤᠷᠤᠰᠢᠬᠤ ᠬᠦᠴᠦᠨ ᠪᠦᠬᠦᠢ ᠮᠠᠲ᠋ᠧᠷᠢᠶᠠᠯ ᠢ ᠦᠪᠡᠷ ᠢᠶᠠᠨ ᠨᠢᠭᠡ ᠬᠤᠪᠢ ᠪᠡᠯᠡᠳᠭᠡᠵᠦ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      3. ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ ᠦᠭᠭᠦᠭᠰᠡᠨ ᠤᠨᠤᠰᠢᠯᠠᠯᠲᠠ ᠶᠢᠨ ᠪᠢᠴᠢᠭ᠂ ᠠᠩᠬ᠎ᠠ ᠤᠨᠤᠰᠢᠯᠠᠭᠰᠠᠨ ᠡᠪᠡᠳᠴᠢᠨ ᠤ ᠲᠡᠦᠭᠡ᠂ ᠡᠮᠨᠡᠯᠭᠡ ᠳᠤ ᠰᠠᠭᠤᠭᠰᠠᠨ ᠡᠪᠡᠳᠴᠢᠨ ᠤ ᠲᠡᠥᠭᠡ᠂ ᠠᠵᠢᠯ ᠤᠨ ᠨᠦᠯᠦᠭᠡᠨ ᠤ ᠡᠪᠡᠳᠴᠢᠨ ᠳᠤ ᠬᠠᠷᠢᠶᠠᠯᠠᠭᠳᠠᠬᠤ ᠨᠢ ᠬᠠᠤᠯᠢ ᠳᠤ ᠨᠡᠶᠢᠴᠡᠭᠰᠡᠨ ᠬᠦᠴᠦᠨ ᠪᠦᠬᠦᠢ ᠠᠵᠢᠯ ᠤᠨ ᠨᠦᠯᠦᠭᠡᠨ ᠤ ᠡᠪᠡᠳᠴᠢᠨ ᠤ ᠤᠨᠤᠰᠢᠯᠠᠯᠳᠠ ᠶᠢᠨ ᠪᠢᠴᠢᠭ ᠪᠤᠶᠤ ᠰᠢᠯᠭᠠᠨ ᠲᠤᠭᠲᠠᠭᠠᠭᠰᠠᠨ ᠪᠢᠴᠢᠭ ᠨᠢᠭᠡ ᠬᠤᠪᠢ ᠶᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠬᠤ ᠰᠠᠯᠠᠭ᠎ᠠ ᠮᠦᠴᠢᠷ ᠲᠤ ᠬᠦᠷᠭᠡᠵᠦ ᠰᠢᠢᠳᠪᠦᠷᠢᠯᠡᠭᠦᠯᠦᠨ᠎ᠡ᠃      ᠲᠤᠤᠷᠠᠬᠢ ᠪᠠᠶᠢᠳᠠᠯ ᠲᠠᠢ ᠪᠣᠯ ᠪᠠᠰᠠ ᠲᠤᠤᠷᠠᠬᠢ ᠬᠠᠮᠢᠶ᠎ᠠ ᠪᠦᠬᠦᠢ ᠲᠠᠰᠤᠯᠠᠨ ᠲᠤᠭᠲᠠᠭᠠᠯᠲᠠ ᠪᠤᠶᠤ ᠳ᠋ᠦᠩᠨᠡᠯᠲᠠ ᠶᠢ ᠲᠤᠰᠢᠶᠠᠨ᠎ᠠ᠃      ︵1︶ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠠᠴᠠ ᠬᠦᠴᠦᠷᠭᠡᠭᠯᠡᠯ ᠳᠤ ᠬᠡᠮᠳᠦᠭᠰᠡᠨ ᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠷᠭᠠᠵᠤ ᠦᠭᠬᠦᠭᠰᠡᠨ ᠬᠠᠤᠯᠢ ᠶᠢᠨ ᠪᠢᠴᠢᠭ ᠪᠤᠶᠤ ᠠᠷᠠᠳ ᠤᠨ ᠰᠢᠬᠦᠬᠦ ᠬᠤᠷᠢᠶ᠎ᠠ ᠶᠢᠨ ᠰᠢᠭᠦᠨ ᠲᠠᠰᠤᠯᠤᠯᠳᠠ ᠶᠢᠨ ᠪᠢᠴᠢᠭ ᠢᠶᠠᠨ ᠲᠤᠰᠢᠶᠠᠨ᠎ᠠ᠃      ︵2︶ ᠠᠵᠢᠯ ᠢᠶᠠᠷ ᠭᠠᠳᠠᠭᠰᠢ ᠭᠠᠷᠤᠭᠰᠠᠨ ᠶᠠᠪᠤᠴᠠ ᠳᠤ ᠠᠳᠡᠯ ᠭᠠᠷᠴᠤ ᠰᠤᠷᠠᠭ ᠲᠠᠰᠤᠷᠠᠨ᠂ ᠠᠵᠢᠯ ᠠᠴᠠ ᠪᠣᠯᠵᠤ ᠦᠬᠦᠭᠰᠡᠨ ᠢᠶᠠᠷ ᠮᠠᠭᠠᠳᠯᠠᠨ ᠲᠤᠭᠲᠠᠭᠠᠯᠭᠠᠬᠤ ᠶᠢ ᠱᠠᠭᠠᠷᠳᠠᠭᠰᠠᠨ ᠨᠢ᠂ ᠪᠠᠶᠢᠭᠤᠯᠭ᠎ᠠ ᠠᠴᠠ ᠨᠢ ᠭᠠᠳᠠᠭᠰᠢ ᠲᠤᠮᠢᠯᠠᠭᠰᠠᠨ ᠬᠠᠮᠢᠶᠠᠳᠠᠢ ᠭᠡᠷᠡᠴᠢ ᠪᠠ ᠠᠷᠠᠳ ᠤᠨ ᠰᠢᠬᠦᠬᠦ ᠬᠤᠷᠢᠶ᠎ᠠ ᠶᠢᠨ ᠦᠬᠦᠭᠰᠡᠨ ᠢᠶᠠᠷ ᠵᠠᠷᠯᠠᠭᠰᠠᠨ ᠳ᠋ᠦᠩᠨᠡᠯᠲᠡ ᠶᠢ ᠲᠤᠰᠢᠶᠠᠨ᠎ᠠ᠃      ︵3︶ ᠠᠵᠢᠯ ᠳᠤ ᠶᠠᠪᠤᠵᠤ ᠠᠵᠢᠯ ᠠᠴᠠ ᠪᠠᠭᠤᠬᠤ ᠵᠠᠮ ᠵᠠᠭᠤᠷ᠎ᠠ᠂ ᠲᠤᠰ ᠬᠦᠮᠦᠨ ᠤ ᠭᠤᠣᠯ ᠬᠠᠷᠢᠭᠤᠴᠠᠯᠭ᠎ᠠ ᠪᠤᠰᠤ ᠵᠠᠮ ᠤᠨ ᠠᠳᠡᠯ ᠪᠤᠶᠤ ᠬᠤᠳᠠ ᠶᠢᠨ ᠵᠢᠮᠲᠦ ᠵᠠᠮ ᠬᠠᠷᠢᠯᠴᠠᠭ᠎ᠠ᠂ ᠠᠶᠠᠨᠴᠢᠳ ᠤᠨ ᠵᠦᠭᠡᠭᠡᠪᠦᠷᠢ ᠶᠢᠨ ᠤᠩᠭᠤᠴᠠ᠂ ᠭᠠᠯᠳᠤ ᠲᠡᠷᠭᠡ ᠶᠢᠨ ᠠᠳᠡᠯ ᠠᠴᠠ ᠪᠣᠯᠵᠤ ᠦᠬᠦᠵᠦ ᠰᠢᠷᠬᠠᠳᠤᠭᠰᠠᠨ ᠠᠳᠡᠯ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠠᠮ ᠬᠠᠷᠢᠯᠴᠠᠭ᠎ᠠ ᠶᠢᠨ ᠠᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠤᠭᠲᠠᠭᠠᠭᠰᠠᠨ ᠪᠢᠴᠢᠭ ᠪᠣᠶᠣ ᠠᠷᠠᠳ ᠤᠨ ᠰᠢᠬᠦᠬᠦ ᠬᠤᠷᠢᠶ᠎ᠠ ᠶᠢᠨ ᠰᠢᠭᠦᠨ ᠲᠠᠰᠤᠯᠤᠯᠳᠠ ᠶᠢᠨ ᠪᠢᠴᠢᠭ ᠪᠤᠶᠤ ᠪᠤᠰᠤᠳ ᠬᠠᠮᠢᠶᠠᠳᠠᠢ ᠰᠠᠯᠠᠭ᠎ᠠ ᠮᠦᠴᠢᠷ ᠤᠨ ᠬᠦᠴᠦᠨ ᠪᠦᠬᠦᠢ ᠳ᠋ᠦᠩᠨᠡᠯᠲᠡ ᠪᠠᠨ ᠲᠤᠰᠢᠶᠠᠨ᠎ᠠ᠃      ︵4︶ ᠠᠵᠢᠯᠯᠠᠬᠤ ᠴᠠᠭ ᠪᠠ ᠠᠵᠢᠯ ᠤᠨ ᠪᠠᠶᠢᠷᠢᠨ ᠳᠠᠭᠠᠨ ᠬᠡᠨᠡᠳᠲᠡ ᠡᠪᠡᠳᠴᠢᠨ ᠨᠢ ᠬᠥᠳᠡᠯᠵᠦ ᠦᠬᠦᠭᠰᠡᠨ ᠪᠤᠶᠤ 48 ᠴᠠᠭ ᠤᠨ ᠲᠤᠳᠤᠷ᠎ᠠ ᠲᠦᠷᠭᠡᠨ ᠠᠪᠤᠷᠠᠭᠠᠳ ᠲᠤᠰᠠ ᠪᠤᠯᠤᠭᠰᠠᠨ ᠦᠭᠡᠢ ᠥᠬᠦᠭᠰᠡᠨ ᠨᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠠᠪᠤᠷᠠᠭᠰᠠᠨ ᠲᠡᠮᠳᠡᠭᠯᠡᠯ ᠪᠠ ᠤᠨᠤᠰᠢᠯᠠᠯᠳᠠ ᠶᠢᠨ ᠪᠢᠴᠢᠭ ᠵᠢᠴᠢ ᠬᠠᠮᠢᠶᠠᠳᠠᠢ ᠡᠪᠡᠳᠴᠢᠨ ᠤ ᠲᠡᠦᠭᠡ ᠶᠢᠨ ᠮᠠᠲ᠋ᠧᠷᠢᠶᠠᠯ ᠢ ᠲᠤᠰᠢᠶᠠᠨ᠎ᠠ᠃      ︵5︶ ᠠᠶᠤᠯ ᠭᠠᠮᠰᠢᠭ ᠠᠴᠠ ᠠᠪᠤᠷᠠᠬᠤ ᠵᠡᠷᠭᠡ ᠤᠯᠤᠰ ᠤᠨ ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠠᠵᠢᠯᠯᠠᠭᠠᠨ ᠳᠤᠮᠳᠠ ᠬᠡᠮᠳᠦᠭᠰᠡᠨ ᠨᠢ ᠬᠠᠤᠯᠢ ᠳᠥᠷᠢᠮ ᠲᠤᠭᠲᠠᠭᠠᠯ ᠶᠤᠰᠤᠭᠠᠷ᠂ ᠬᠡᠷᠡᠭ ᠭᠠᠷᠤᠭᠰᠠᠨ ᠭᠠᠵᠠᠷ ᠤᠨ ᠬᠤᠰᠢᠭᠤ ᠰᠢᠶᠠᠨ ᠤ ᠲᠡᠰ ᠠᠴᠠ ᠲᠡᠭᠡᠭᠰᠢᠬᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠭᠠᠷᠭᠠᠵᠤ ᠦᠭᠭᠦᠭᠰᠡᠨ ᠬᠠᠮᠢᠶᠠᠳᠠᠢ ᠭᠡᠷᠡᠴᠢ ᠪᠠᠨ ᠲᠤᠰᠢᠶᠠᠨ᠎ᠠ᠃      ᠬᠦᠮᠦᠨ ᠬᠡᠷᠡᠭᠯᠡᠬᠦ ᠨᠢᠭᠡᠴᠡ ᠭᠤᠶᠤᠴᠢᠯᠠᠬᠤ ᠳᠤ ᠪᠠᠶᠢᠭᠤᠯᠭ᠎ᠠ ᠠᠴᠠ ᠨᠢ ᠲᠠᠮᠠᠭ᠎ᠠ ᠲᠠᠷᠤᠵᠤ ᠭᠠᠷ ᠤᠨ ᠦᠰᠦᠭ ᠵᠢᠷᠤᠵᠤ᠂ ᠠᠵᠢᠯ ᠠᠴᠠ ᠪᠣᠯᠵᠤ ᠭᠡᠮᠳᠦᠭᠰᠡᠨ ᠠᠵᠢᠯᠳᠠᠨ ᠪᠤᠶᠤ ᠲᠡᠭᠦᠨ ᠤ ᠲᠥᠷᠥᠯ ᠰᠠᠳᠤᠨ ᠭᠠᠷ ᠤᠨ ᠦᠰᠦᠭ ᠵᠢᠷᠤᠵᠤ ᠬᠤᠷᠤᠭᠤᠨ ᠤᠷᠤᠮ ᠢᠶᠠᠨ ᠲᠠᠷᠤᠨ᠎ᠠ᠂ ᠬᠤᠪᠢ ᠬᠦᠮᠦᠨ ᠭᠤᠶᠤᠴᠢᠯᠠᠬᠤ ᠳᠤ᠂ ᠠᠵᠢᠯ ᠠᠴᠠ ᠪᠣᠯᠵᠤ ᠭᠡᠮᠳᠦᠭᠰᠡᠨ ᠠᠵᠢᠯᠳᠠᠨ ᠪᠤᠶᠤ ᠲᠡᠭᠦᠨ ᠤ ᠲᠦᠷᠦᠯ ᠰᠠᠳᠤᠨ ᠭᠠᠷ ᠤᠨ ᠦᠰᠦᠭ ᠵᠢᠷᠤᠵᠤ ᠬᠤᠷᠤᠭᠤᠨ ᠤᠷᠤᠮ ᠢᠶᠠᠨ ᠲᠠᠷᠤᠨ᠎ᠠ᠂ ᠪᠠᠶᠢᠭᠤᠯᠭ᠎ᠠ ᠠᠴᠠ ᠨᠢ ᠲᠠᠮᠠᠭ᠎ᠠ ᠲᠠᠷᠤᠵᠤ ᠭᠠᠷ ᠤᠨ ᠦᠰᠦᠭ ᠵᠢᠷᠤᠬᠤ ᠴᠢᠬᠤᠯᠠ ᠦᠭᠡᠢ᠃      ︵ᠭᠤᠷᠪᠠ︶ ᠬᠦᠢᠴᠡᠳᠭᠡᠬᠦ ᠠᠷᠭ᠎ᠠ ᠬᠡᠯᠪᠡᠷᠢ      ᠲᠤᠬᠠᠢ ᠶᠢᠨ ᠲᠠᠯᠠᠪᠤᠷ ᠲᠤ ᠬᠦᠢᠴᠡᠳᠭᠡᠨ᠎ᠡ᠃      ︵ᠳᠥᠷᠪᠡ︶ ᠬᠦᠢᠴᠡᠳᠭᠡᠬᠦ ᠴᠠᠭ ᠤᠨ ᠬᠢᠵᠠᠭᠠᠷᠯᠠᠯ      ᠬᠠᠤᠯᠢ ᠳᠤ ᠲᠤᠭᠳᠠᠭᠰᠠᠨ 60 ᠪᠠᠶᠢᠭᠠᠯᠢ ᠶᠢᠨ ᠡᠳᠦᠷ      ︵ᠲᠠᠪᠤ︶ ᠦᠷ᠎ᠡ ᠳ᠋ᠦᠩ ᠤᠨ ᠬᠠᠷᠢᠭᠤ ᠲᠤᠰᠬᠠᠯᠲᠠ      ᠠᠵᠢᠯ ᠠᠴᠠ ᠪᠤᠯᠤᠭᠰᠠᠨ ᠭᠡᠮᠳᠦᠯ ᠢ ᠮᠠᠭᠠᠳᠯᠠᠨ ᠲᠤᠭᠲᠠᠭᠠᠭᠰᠠᠨ ᠰᠢᠢᠳᠪᠦᠷᠢ ᠶᠢ ᠭᠠᠷᠭᠠᠭᠰᠠᠨ ᠡᠳᠦᠷ ᠠᠴᠠ ᠡᠬᠢᠯᠡᠭᠰᠡᠨ 20 ᠡᠳᠦᠷ ᠤᠨ ᠲᠤᠳᠤᠷ᠎ᠠ᠂ ︽ᠠᠵᠢᠯ ᠠᠴᠠ ᠪᠤᠯᠤᠭᠰᠠᠨ ᠭᠡᠮᠳᠦᠯ ᠢᠶᠠᠷ ᠮᠠᠭᠠᠳᠯᠠᠨ ᠲᠤᠭᠲᠠᠭᠠᠭᠰᠠᠨ ᠰᠢᠢᠳᠪᠦᠷᠢ ᠶᠢᠨ ᠪᠢᠴᠢᠭ︾ ᠪᠤᠶᠤ ︽ᠠᠵᠢᠯ ᠠᠴᠠ ᠪᠤᠯᠤᠭᠰᠠᠨ ᠬᠡᠮᠳᠦᠯ ᠢᠶᠠᠷ ᠮᠠᠭᠠᠳᠯᠠᠨ ᠲᠤᠭᠲᠠᠭᠠᠵᠤ ᠥᠭᠭᠦ ᠦᠭᠡᠢ ᠰᠢᠢᠳᠪᠦᠷᠢ ᠶᠢᠨ ᠪᠢᠴᠢᠭ︾᠎ ᠢ ᠬᠡᠮᠳᠦᠭᠰᠡᠨ ᠠᠵᠢᠯᠳᠠᠨ ︵ᠪᠤᠶᠤ ᠲᠡᠭᠦᠨ ᠤ ᠲᠦᠷᠦᠯ ᠰᠠᠳᠤᠨ︶ ᠪᠠ ᠬᠦᠮᠦᠨ ᠬᠡᠷᠡᠭᠯᠡᠬᠦ ᠪᠠᠶᠢᠭᠤᠯᠭ᠎ᠠ ᠳᠤ ᠬᠦᠷᠭᠡᠨ ᠥᠭᠭᠦ ᠶᠢᠨ ᠬᠠᠮᠳᠤ ᠨᠡᠶᠢᠭᠡᠮ ᠤᠨ ᠲᠠᠭᠠᠳᠬᠠᠯ ᠢ ᠭᠠᠷᠳᠠᠨ ᠬᠦᠢᠴᠡᠳᠭᠡᠭᠴᠢ ᠪᠠᠶᠢᠭᠤᠯᠤᠮᠵᠢ ᠳᠤ ᠬᠠᠭᠤᠯᠤᠨ ᠬᠦᠷᠭᠡᠨ᠎ᠡ᠃      ︵ᠵᠢᠷᠭᠤᠭ᠎ᠠ︶ ᠰᠦᠢᠳᠭᠡᠯ ᠬᠤᠷᠢᠶᠠᠬᠤ ᠦᠨᠳᠦᠰᠦᠯᠡᠯ ᠵᠢᠴᠢ ᠪᠠᠷᠢᠮᠵᠢᠶ᠎ᠠ      ᠰᠦᠢᠳᠭᠡᠯ ᠬᠤᠷᠢᠶᠠᠬᠤ ᠦᠭᠡᠢ᠃      ︵ᠲᠤᠯᠤᠭ᠎ᠠ︶ ᠬᠦᠢᠴᠡᠳᠭᠡᠬᠦ ᠴᠠᠭ      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠤᠯᠲᠠᠯ᠎ᠠ ᠦᠳᠡ ᠶᠢᠨ ᠡᠮᠦᠨ᠎ᠡ 9᠄ 00-12᠄ 00︔ ᠦᠳᠡ ᠶᠢᠨ ᠬᠤᠶᠢᠨ᠎ᠠ 13᠄ 30 -17᠄ 00 ︵ᠬᠠᠤᠯᠢ ᠳᠤ ᠲᠤᠭᠳᠠᠭᠠᠭᠰᠠᠨ ᠪᠠᠶᠠᠷ ᠲᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ︵ᠨᠠᠢᠮᠠ︶ ᠬᠦᠢᠴᠡᠳᠭᠡᠬᠦ ᠪᠠᠶᠢᠭᠤᠯᠤᠮᠵᠢ ᠵᠢᠴᠢ ᠭᠠᠵᠠᠷ      ᠬᠦᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ      ᠬᠠᠶ᠋ᠢᠭ᠄ ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠭ ᠤᠨ ᠬᠠᠢ ᠰᠢ ᠵᠠᠮ ᠤᠨ ᠶᠢᠨ ᠬᠠᠢ ᠤᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ E ᠪᠠᠶᠢᠷᠢ      ︵ᠶᠢᠰᠦ︶ ᠠᠰᠠᠭᠤᠨ ᠯᠠᠪᠯᠠᠬᠤ ᠠᠷᠭ᠎ᠠ ᠵᠠᠮ      ᠬᠥᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ      ᠬᠠᠶ᠋ᠢᠭ᠄ ᠬᠦᠬᠡᠬᠤᠳᠠ ᠶᠢᠨ ᠬᠤᠳᠤᠩ ᠠᠷᠠᠳ ᠤᠨ ᠲᠤᠭᠤᠷᠢᠭ ᠤᠨ ᠬᠠᠢ ᠰᠢ ᠵᠠᠮ ᠤᠨ ᠶᠢᠨ ᠬᠠᠢ ᠤᠯᠠᠨ ᠤᠯᠤᠰ ᠤᠨ ᠲᠡᠮᠦᠷᠯᠢᠭ ᠮᠠᠰᠢᠨ ᠴᠠᠬᠢᠯᠭᠠᠨ ᠤ ᠬᠤᠳᠠ ᠶᠢᠨ E ᠪᠠᠶᠢᠷᠢ      ᠤᠳᠠᠰᠤ᠄ 0471-5181233          ︵ᠠᠷᠪᠠ︶ ᠬᠢᠨᠠᠯᠲᠠ ᠲᠠᠯᠪᠢᠬᠤ ᠵᠠᠭᠠᠯᠳᠤᠬᠤ ᠠᠷᠭ᠎ᠠ ᠵᠠᠮ      12333᠎ ᠳᠤ ᠤᠳᠠᠰᠤᠳᠠᠵᠤ ᠵᠠᠭᠠᠯᠳᠤᠨ᠎ᠠ᠃      ᠭᠤᠷᠪᠠ᠂ ᠬᠦᠢᠴᠡᠳᠭᠡᠬᠦ ᠲᠠᠷᠠᠭᠠᠯᠠᠯ ᠤᠨ ᠵᠢᠷᠤᠭ ᠢ ᠲᠠᠭᠠᠯᠳᠤᠭᠤᠯᠤᠯ ᠠᠴᠠ ᠦᠵᠡᠭᠡᠷᠡᠢ      ᠲᠠᠭᠠᠯᠳᠤᠭᠤᠯᠤᠯ᠄      ᠠᠵᠢᠯ ᠠᠴᠠ ᠪᠤᠯᠤᠭᠰᠠᠨ ᠬᠡᠮᠳᠦᠯ ᠢ ᠮᠠᠭᠠᠳᠯᠠᠨ ᠲᠤᠭᠲᠠᠭᠠᠬᠤ ᠦᠢᠯᠡᠴᠢᠯᠡᠭᠡ ᠶᠢᠨ ᠵᠦᠭᠯᠡᠭᠦᠷ ᠲᠤᠰ ᠪᠢᠴᠢᠭ ᠢ ᠨᠡᠶᠢᠳᠡᠯᠡᠭᠰᠡᠨ ᠪᠠᠶᠢᠭᠤᠯᠭ᠎ᠠ᠄ ᠬᠦᠬᠡᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ                              ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                              ᠪᠡᠯᠡᠳᠬᠡᠭᠰᠡᠨ ᠨᠢ᠄ ᠰᠣᠷᠭᠤᠭ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3