ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠨᠢ ︽12.4 ᠤᠯᠤᠰ ᠤᠨ ᠦᠨᠳᠦᠰᠦᠨ ᠬᠠᠤᠯᠢ ᠶᠢᠨ ᠡᠳᠦᠷ ︾᠎ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2019-12-05
     2019 ᠣᠨ ᠤ 12 ᠰᠠᠷ᠎ᠠ ᠶᠢᠨ 4᠎ ᠤ ᠡᠳᠦᠷ ᠪᠣᠯ ᠮᠠᠨ ᠤ ᠤᠯᠤᠰ ᠤᠨ ᠵᠢᠷᠭᠤᠳᠣᠭᠠᠷ ᠤᠳᠠᠭᠠᠨ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠤᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠣ᠂ ᠪᠦᠬᠦ ᠰᠢᠶᠠᠨ ᠳᠤ ᠦᠨᠳᠦᠰᠦᠨ ᠬᠠᠤᠯᠢ ᠶᠢ ᠲᠥᠪᠯᠡᠷᠡᠭᠦᠯᠦᠨ ᠤᠬᠠᠭᠤᠯᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠠᠷᠠᠳ ᠣᠯᠠᠨ ᠤ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠬᠤ ᠶᠢᠨ ᠲᠥᠯᠥᠭᠡ᠂ ᠰᠢᠩ ᠾᠧ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠨᠢ ᠪᠦᠬᠦ ᠰᠢᠶᠠᠨ ᠤ ᠬᠡᠪᠴᠢᠶᠡᠨ ᠳᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     ᠠᠵᠢᠯᠯᠠᠭ᠎ᠠ ᠶᠢᠨ ᠬᠤᠭᠤᠴᠠᠭᠠᠨ ᠳᠤ᠂ ᠬᠠᠤᠯᠢ ᠴᠠᠭᠠᠵᠠ ᠶᠢᠨ ᠲᠣᠪᠴᠢᠶ᠎ᠠ ᠠᠴᠠ ᠲᠠᠪᠤᠨ ᠤᠬᠠᠭᠤᠯᠬᠤ ᠲᠡᠷᠭᠡ ᠬᠥᠳᠡᠯᠭᠡᠵᠦ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ︾᠎ ᠪᠠᠷ ᠠᠵᠢᠯᠯᠠᠭ᠎ᠠ ᠶᠢᠨ ᠭᠤᠤᠯ ᠰᠡᠳᠦᠪ ᠪᠣᠯᠭᠠᠵᠤ᠂ ᠣᠯᠠᠨ ᠲᠦᠮᠡᠨ ᠳᠤ ᠤᠬᠠᠭᠤᠯᠭ᠎ᠠ ᠶᠢᠨ ᠭᠠᠷ ᠳᠡᠪᠲᠡᠷ ᠪᠣᠯᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠥᠭᠪᠡ᠃ ᠣᠯᠠᠨ ᠲᠦᠮᠡᠨ ᠳᠤ ᠮᠠᠨ ᠤ ᠤᠯᠤᠰ ᠤᠨ ᠦᠨᠳᠦᠰᠦᠨ ᠬᠠᠤᠯᠢ ᠪᠠᠷ ᠭᠤᠤᠯ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠠᠨᠢᠯᠴᠠᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ᠂ ᠭᠠᠯ ᠢ ᠰᠡᠷᠭᠡᠶᠢᠯᠡᠵᠦ ᠭᠠᠮᠰᠢᠭ ᠢ ᠰᠡᠷᠭᠡᠶᠢᠯᠡᠬᠦ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠰᠡᠵᠢᠭᠯᠡᠯ ᠪᠠ ᠠᠰᠠᠭᠤᠳᠠᠯ ᠳᠤ ᠬᠦᠯᠢᠴᠡᠩᠭᠦᠢ ᠬᠠᠷᠢᠭᠤᠯᠲᠠ ᠥᠭᠴᠦ᠂ ᠦᠨᠳᠦᠰᠦᠨ ᠬᠠᠤᠯᠢ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠤᠬᠠᠮᠰᠠᠷ ᠠᠴᠠ ᠪᠠᠨ ᠬᠠᠤᠯᠢ ᠶᠢ ᠰᠤᠷᠤᠯᠴᠠᠬᠤ᠂ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ ᠦᠵᠡᠯᠲᠡ ᠪᠠᠨ ᠴᠢᠩᠭᠠᠳᠬᠠᠵᠤ᠂ ᠬᠠᠤᠯᠢ ᠪᠠᠷ ᠵᠠᠰᠠᠭᠰᠠᠨ ᠰᠢᠩ ᠾᠧ᠂ ᠠᠮᠤᠷ ᠲᠦᠪᠰᠢᠨ ᠰᠢᠩ ᠾᠧ ᠶᠢ ᠪᠦᠲᠦᠭᠡᠨ ᠪᠠᠶᠢᠭᠤᠯᠬᠤ ᠪᠠᠷ ᠬᠠᠮᠲᠤ ᠪᠠᠷ ᠴᠢᠷᠮᠠᠶᠢᠬᠤ ᠶᠢ ᠵᠣᠷᠢᠪᠠ᠃
     ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠣᠯᠤᠨ ᠬᠠᠤᠯᠢᠵᠢᠯ ᠤᠨ ᠦᠵᠡᠯᠲᠡ ᠶᠢ ᠪᠦᠲᠦᠮᠵᠢᠲᠡᠶ ᠴᠢᠩᠭᠠᠳᠬᠠᠵᠦ᠂ ᠪᠦᠬᠦ ᠠᠷᠠᠳ ᠢᠶᠠᠷ ᠢᠶᠠᠨ ᠬᠠᠤᠯᠢ ᠶᠢ ᠲᠦᠭᠡᠮᠡᠯᠵᠢᠭᠦᠯᠬᠦ᠂ ᠬᠠᠤᠯᠢ ᠶᠢ ᠰᠤᠷᠬᠤ᠂ ᠬᠠᠤᠯᠢ ᠶᠢ ᠬᠡᠷᠡᠭᠯᠡᠬᠦ ᠠᠵᠢᠯᠯᠠᠭ᠎ᠠ ᠳᠤ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃                                                           ᠵᠣᠬᠢᠶᠠᠭᠴᠢ᠄ ᠸᠠᠩ ᠢᠦᠢ                                                       ᠣᠷᠴᠢᠭᠤᠯᠣᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3