ᠮᠠᠨ ᠤ ᠰᠢᠶᠠᠨ ᠤ ᠠᠵᠢᠯ ᠣᠯᠭᠤᠯᠲᠠ ᠪᠠ ᠦᠢᠯᠡᠰ ᠴᠣᠭᠴᠠᠯᠠᠬᠤ ᠠᠵᠢᠯ ᠨᠢ ᠢᠯᠡᠷᠬᠡᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2019-02-01
     2018 ᠣᠨ ᠳᠤ᠂ ᠰᠢᠩ ᠾᠧ ᠰᠢᠶᠠᠨ ᠨᠢ ᠠᠵᠢᠯ ᠣᠯᠭᠤᠯᠲᠠ ᠶᠢᠨ ᠠᠵᠢᠯ ᠢ ᠲᠡᠷᠢᠭᠦᠨ ᠪᠠᠶᠢᠷᠢᠨ ᠳᠤ ᠲᠠᠯᠪᠢᠨ᠂ ᠢᠳᠡᠪᠬᠢᠲᠠᠢ ᠪᠠᠷ ᠠᠵᠢᠯ ᠣᠯᠭᠤᠯᠲᠠ ᠪᠠ ᠦᠢᠯᠡᠰ ᠴᠣᠭᠴᠠᠯᠠᠬᠤ ᠲᠦᠷᠦ ᠶᠢᠨ ᠪᠣᠳᠣᠯᠭ᠎ᠠ ᠶᠢ ᠭᠦᠨᠵᠡᠭᠡᠶᠢᠷᠡᠭᠦᠯᠦᠨ ᠶᠠᠪᠣᠭᠳᠠᠭᠤᠯᠵᠣ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠭᠰᠡᠨ ᠠᠴᠠ ᠡᠯ᠎ᠡ ᠲᠦᠷᠦᠯ ᠤᠨ ᠬᠠᠮᠲᠣᠯᠢᠭ ᠤᠨ ᠴᠢᠨᠠᠷ ᠰᠠᠶᠢᠲᠠᠢ ᠠᠵᠢᠯ ᠣᠯᠭᠤᠯᠲᠠ ᠶᠢᠨ ᠠᠵᠢᠯ ᠶᠢ ᠪᠦᠲᠦᠮᠵᠢᠲᠠᠢ ᠠᠬᠢᠭᠤᠯᠪᠠ᠃ ᠪᠦᠬᠦ ᠵᠢᠯ ᠳᠤ᠂ ᠬᠤᠲᠠ ᠪᠠᠯᠭᠠᠰᠣᠨ ᠤ ᠠᠵᠢᠯ ᠣᠯᠭᠤᠯᠲᠠ ᠳᠤ ᠰᠢᠨ᠎ᠡ ᠪᠠᠷ ᠨᠡᠮᠡᠭᠳᠡᠭᠰᠡᠨ ᠬᠦᠮᠦᠨ ᠤ ᠲᠤᠭ᠎ᠠ 1279 ᠪᠠᠶᠢᠵᠦ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ ᠬᠡᠪᠴᠢᠶᠡᠨ ᠳᠤ ᠪᠠᠲᠤᠯᠠᠨ᠂ ᠦᠢᠯᠡᠰ ᠴᠣᠭᠴᠠᠯᠠᠬᠤ ᠳᠠᠭᠠᠭᠠᠯᠳᠠᠲᠤ ᠵᠢᠭᠡᠯᠡᠯᠭᠡ ᠨᠢ 1100 ᠲᠦᠮᠡᠨ ᠲᠦᠭᠦᠷᠢᠭ ᠬᠦᠷᠴᠦ᠂ ᠪᠦᠬᠦ ᠰᠢᠶᠠᠨ ᠤ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠬᠦᠮᠦᠨ ᠤ ᠲᠤᠭ᠎ᠠ 8607 ᠪᠠᠶᠢᠵᠦ᠂ ᠬᠢᠨᠠᠨ ᠲᠣᠭᠲᠠᠭᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠢ ᠲᠠᠲᠠᠪᠦᠷᠢᠯᠠᠵᠤ ᠲᠤᠰᠢᠶᠠᠬᠤ ᠲᠤᠭ᠎ᠠ 270 ᠲᠦᠮᠡᠨ ᠲᠦᠭᠦᠷᠢᠭ ᠬᠦᠷᠴᠦ᠂ ᠲᠠᠷᠢᠶᠠᠴᠢᠨ ᠮᠠᠯᠴᠢᠳ ᠠᠴᠠ ᠠᠵᠢᠯ ᠣᠯᠭᠤᠯᠲᠠ ᠳᠤ ᠰᠢᠯᠵᠢᠭᠰᠡᠨ ᠬᠦᠮᠦᠨ ᠤ ᠲᠤᠭ᠎ᠠ 41000 ᠳᠤ ᠬᠦᠷᠪᠡ᠃                                                      ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3