ᠮᠠᠨ ᠤ ᠰᠢᠶᠠᠨ ᠤ ᠲᠠᠷᠢᠶᠠᠯᠠᠩ ᠤᠨ ᠮᠠᠰᠢᠨ ᠤ ᠶᠡᠷᠥᠩᠬᠡᠢ ᠬᠦᠳᠡᠯᠭᠡᠬᠦ ᠬᠦᠴᠦ ᠨᠢ 22 ᠲᠦᠮᠡᠨ ᠺᠢᠯᠦᠸᠠᠲ ᠳᠤ ᠬᠦᠷᠪᠡ
ᠨᠡᠶᠢᠲᠡᠯᠡᠭᠰᠡᠨ ᠴᠠᠭ᠄
2019-02-13
    2018 ᠤᠨ ᠳᠤ᠂ ᠰᠢᠩ ᠾᠧ ᠰᠢᠶᠠᠨ ᠤ ᠲᠠᠷᠢᠶᠠᠯᠠᠩ ᠤᠨ ᠮᠧᠬᠠᠨᠢᠭᠵᠢᠭᠤᠯᠤᠯᠲᠠ ᠶᠢᠨ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠵᠦ᠂ ᠪᠦᠬᠦ ᠰᠢᠶᠠᠨ ᠤ ᠲᠠᠷᠢᠶᠠᠯᠠᠩ ᠤᠨ ᠮᠠᠰᠢᠨ ᠲᠤᠨᠤᠭᠯᠠᠯ ᠤᠨ ᠶᠡᠷᠥᠩᠬᠡᠢ ᠬᠡᠮᠵᠢᠶ᠎ᠡ ᠥᠳᠲᠥᠷ ᠲᠦᠷᠭᠡᠨ ᠨᠡᠮᠡᠭᠳᠡᠨ᠂ ᠶᠡᠷᠥᠩᠬᠡᠢ ᠦᠷᠲᠡᠭ ᠨᠢ 2.8  ᠳ᠋ᠦᠩᠰᠢᠭᠤᠷ ᠲᠦᠭᠦᠷᠢᠭ ᠬᠦᠷᠪᠡ᠃ ᠡᠨᠡ ᠨᠢ ᠳᠡᠭᠡᠷ᠎ᠡ ᠵᠢᠯ ᠠᠴᠠ ᠪᠠᠨ 7.69% ᠪᠠᠷ ᠨᠡᠮᠡᠭᠳᠡᠨ᠂ ᠲᠠᠷᠢᠶᠠᠯᠠᠩ ᠤᠨ ᠮᠠᠰᠢᠨ ᠤ ᠶᠡᠷᠥᠩᠬᠡᠢ ᠬᠦᠳᠡᠯᠭᠡᠬᠦ ᠬᠦᠴᠦ ᠨᠢ 22 ᠲᠦᠮᠡᠨ ᠺᠢᠯᠦᠸᠠᠲ ᠳᠤ ᠬᠦᠷᠪᠡ᠃ ᠪᠦᠬᠦ ᠵᠢᠯ ᠳᠤ ᠶᠢᠷᠡᠨ ᠵᠢᠷᠭᠤᠭᠠᠨ ᠲᠦᠮᠡᠨ ᠮᠦ ᠭᠠᠵᠠᠷ ᠢ ᠮᠠᠰᠢᠨ ᠢᠶᠠᠷ ᠬᠠᠭᠠᠯᠪᠣᠷᠢᠯᠠᠵᠦ᠂ ᠨᠠᠶᠠᠨ ᠵᠢᠷᠭᠤᠭᠠᠨ ᠲᠦᠮᠡᠨ ᠮᠦ ᠭᠠᠵᠠᠷ ᠢ ᠮᠠᠰᠢᠨ ᠢᠶᠠᠷ ᠲᠠᠷᠢᠵᠦ᠂ ᠵᠢᠷᠠᠨ ᠲᠦᠮᠡᠨ ᠮᠦ ᠭᠠᠵᠠᠷ ᠢ ᠮᠠᠰᠢᠨ ᠢᠶᠠᠷ ᠬᠤᠷᠢᠶᠠᠪᠠ᠃ ᠮᠠᠰᠢᠨ ᠢᠶᠠᠷ ᠬᠠᠭᠠᠯᠪᠣᠷᠢᠯᠠᠬᠤ᠂ ᠲᠠᠷᠢᠬᠤ ᠵᠢᠴᠢ ᠬᠤᠷᠢᠶᠠᠬᠤ ᠲᠥᠪᠰᠢᠨ ᠨᠢ ᠲᠣᠰ ᠪᠦᠷᠢ 86.5%᠂ 77.5% ᠪᠤᠯᠤᠨ 54.1% ᠳᠤ ᠬᠦᠷᠪᠡ᠃ ᠶᠡᠷᠥᠩᠬᠡᠢ ᠮᠧᠬᠠᠨᠢᠭᠴᠢᠯᠠᠭᠰᠠᠨ ᠬᠡᠮᠵᠢᠶ᠎ᠡ ᠨᠢ 74.08% ᠬᠦᠷᠴᠦ᠂ ᠳᠡᠭᠡᠷ᠎ᠡ ᠵᠢᠯ ᠠᠴᠠ ᠪᠠᠨ 1.44 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃                                                         ᠤᠷᠴᠢᠭᠤᠯᠤᠭᠴᠢ᠄ ᠰᠣᠷᠭᠤᠭ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3