ᠣᠢ ᠰᠢᠭᠤᠢ ᠲᠠᠯ᠎ᠠ ᠨᠣᠲᠤᠭ ᠤᠨ ᠭᠠᠯ ᠢ ᠰᠡᠷᠭᠡᠶᠢᠯᠡᠬᠦ ᠬᠤᠷᠢᠭ᠎ᠠ ᠴᠡᠭᠡᠷ
ᠨᠡᠶᠢᠲᠡᠯᠡᠭᠰᠡᠨ ᠴᠠᠭ᠄
2019-03-16
     ᠣᠶᠢᠷ᠎ᠠ ᠶᠢᠨ ᠵᠢᠯ ᠳᠤ ᠡᠯᠡᠰᠦ ᠰᠢᠷᠣᠢ ᠶᠢᠨ ᠡᠬᠢ ᠡᠭᠦᠰᠦᠯ ᠢ ᠵᠠᠰᠠᠨ ᠰᠠᠶᠢᠵᠢᠷᠠᠭᠤᠯᠵᠤ᠂ ᠲᠠᠷᠢᠶᠠᠯᠠᠬᠤ ᠪᠠᠨ ᠪᠤᠯᠢᠵᠤ ᠣᠶᠢᠵᠢᠭᠤᠯᠬᠤ ᠲᠠᠯ᠎ᠠ ᠶᠢᠨ ᠰᠡᠷᠭᠡᠶᠢᠯᠡᠯᠲᠡ ᠵᠡᠷᠭᠡ ᠠᠮᠢ ᠠᠬᠤᠢ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠣᠢ ᠰᠢᠭᠤᠢ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ ᠦᠳᠲᠦᠷ ᠲᠦᠷᠭᠡᠨ ᠢᠶᠠᠷ ᠰᠡᠷᠭᠦᠵᠦ᠂ ᠭᠠᠯ ᠤᠨ ᠠᠶᠤᠯ ᠤᠨ ᠨᠦᠬᠦᠴᠡᠯ ᠰᠢᠯᠲᠠᠭᠠᠨ ᠢ ᠮᠡᠳᠡᠭᠳᠡᠮ᠎ᠡ ᠳᠡᠭᠡᠭᠰᠢᠯᠡᠭᠦᠯᠦᠭᠰᠡᠨ ᠪᠦᠭᠡᠳ ᠣᠢ ᠰᠢᠭᠤᠢ ᠲᠠᠯ᠎ᠠ ᠨᠤᠲᠤᠭ ᠤᠨ ᠭᠠᠯ ᠤᠨ ᠭᠠᠮᠰᠢᠭ ᠡᠭᠦᠰᠬᠦ ᠠᠶᠤᠯ ᠲᠠᠢ ᠬᠤᠭᠤᠴᠠᠭ᠎ᠠ ᠪᠣᠯᠵᠠᠢ᠃      ᠣᠳᠤᠬᠢ ᠪᠦᠬᠦ ᠰᠢᠶᠠᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠠᠵᠢᠯᠯᠠᠭ᠎ᠠ ᠶᠢᠨ ᠲᠤᠯᠭᠠᠷᠠᠵᠤ ᠪᠠᠶᠢᠭ᠎ᠠ ᠬᠠᠲᠠᠭᠤ ᠴᠢᠩᠭ᠎ᠠ ᠪᠠᠶᠢᠳᠠᠯ ᠳᠤ ᠴᠢᠭᠯᠡᠭᠦᠯᠦᠨ᠂ ᠲᠣᠰ ᠴᠡᠭᠡᠷ ᠬᠤᠷᠢᠶ᠎ᠠ ᠶᠢ ᠣᠨᠴᠠᠭᠠᠶᠢᠯᠠᠨ ᠲᠠᠷᠬᠠᠭᠠᠪᠠ᠃      ᠨᠢᠭᠡ᠂ ᠵᠢᠯ ᠪᠣᠯᠭᠠᠨᠨ ᠤ 3 ᠰᠠᠷ᠎ᠠ ᠶᠢᠨ 15 ᠠᠴᠠ 31 ᠬᠦᠷᠬᠦ ᠬᠤᠭᠤᠴᠠᠭ᠎ᠠ ᠨᠢ ᠮᠠᠨ ᠤ ᠰᠢᠶᠠᠨ ᠤ ᠣᠢ ᠰᠢᠭᠤᠢ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠴᠡᠭᠡᠷ ᠬᠤᠷᠢᠶᠠᠲᠣ ᠬᠤᠭᠤᠴᠠᠭ᠎ᠠ ᠪᠣᠯᠣᠨ᠎ᠠ᠃ ᠣᠯᠣᠰ ᠠᠴᠠ ᠠᠮᠢ ᠠᠬᠤᠢ ᠶᠢᠨ ᠵᠣᠬᠢᠶᠠᠨ ᠪᠠᠶᠢᠭᠤᠯᠤᠯᠲᠠ ᠳᠤ ᠠᠪᠤᠭᠰᠠᠨ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ᠂ ᠮᠠᠨ ᠤ ᠰᠢᠶᠠᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠨᠢ ᠮᠡᠲᠡᠭᠳᠡᠮ᠎ᠡ ᠦᠷ᠎ᠡ ᠪᠦᠲᠦᠮᠵᠢ ᠲᠠᠢ ᠪᠣᠯᠣᠭᠰᠠᠨ ᠪᠠᠶᠢᠨ᠎ᠠ᠃ ᠣᠢ ᠰᠢᠭᠤᠢ ᠶᠢᠨ ᠲᠣᠮᠤ ᠶᠡᠭᠡ ᠭᠠᠯ ᠤᠨ ᠭᠠᠮᠰᠢᠭ ᠡᠭᠦᠰᠬᠦ ᠶᠢ ᠰᠡᠷᠭᠡᠶᠢᠯᠡᠬᠦ ᠶᠢᠨ ᠲᠦᠯᠦᠭᠡ ᠪᠦᠬᠦ ᠰᠢᠶᠠᠨ ᠤ ᠡᠯ᠎ᠡ ᠭᠠᠵᠠᠷ ᠣᠷᠣᠨ ᠢ ᠪᠦᠭᠦᠳᠡ ᠶᠢ ᠭᠠᠯ ᠢ ᠰᠡᠷᠭᠡᠶᠢᠯᠡᠬᠦ ᠴᠡᠭᠡᠷ ᠬᠤᠷᠢᠶᠠᠲᠤ ᠭᠠᠵᠠᠷ ᠢᠶᠠᠷ ᠲᠣᠭᠲᠠᠭᠠᠪᠠ᠃      ᠬᠤᠶᠠᠷ᠂ ᠡᠯ᠎ᠡ ᠰᠢᠶᠠᠩ ᠪᠠᠯᠭᠠᠰᠤ ᠣᠢ ᠰᠢᠭᠤᠢ ᠶᠢᠨ ᠲᠠᠯᠠᠪᠠᠢ ᠪᠣᠯᠣᠨ ᠬᠠᠮᠢᠶ᠎ᠠ ᠪᠦᠬᠦᠢ ᠪᠠᠶᠢᠭᠤᠯᠣᠯᠭ᠎ᠠ᠂ ᠭᠠᠯ ᠢ ᠰᠡᠷᠭᠡᠶᠢᠯᠡᠬᠦ ᠬᠤᠷᠢᠶᠠᠲᠤ ᠬᠤᠭᠤᠴᠠᠭᠠᠨ ᠳᠠᠭᠠᠨ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠬᠡᠰᠡᠭ᠂ ᠭᠤᠣᠯᠳᠠᠯᠭ᠎ᠠ ᠲᠠᠢ ᠣᠷᠣᠨ ᠴᠡᠭ ᠤᠨ ᠴᠠᠭᠳᠠᠨ ᠪᠠᠶᠢᠴᠠᠭᠠᠯᠲᠠ ᠶᠢᠨ ᠬᠦᠴᠦ ᠪᠠᠨ ᠦᠨᠡᠨ ᠪᠣᠳᠠᠲᠠᠢ ᠴᠢᠩᠭᠠᠳᠬᠠᠬᠤ ᠬᠡᠷᠡᠭᠲᠡᠢ᠃ ᠬᠠᠷᠠᠭᠤᠯ ᠤᠨ ᠪᠠᠶᠢᠷᠢ ᠪᠠ ᠬᠦᠮᠦᠨ ᠢ ᠨᠡᠮᠡᠵᠦ᠂ ᠭᠠᠯ ᠤᠨ ᠡᠬᠢ ᠡᠬᠦᠰᠦᠯ ᠤᠨ ᠬᠠᠮᠢᠶᠠᠷᠤᠯᠲᠠ ᠶᠢ ᠬᠦᠴᠦᠷᠬᠡᠭᠵᠢᠭᠦᠯᠵᠦ᠂ ᠪᠦᠬᠦᠯᠢ ᠡᠳᠦᠷ ᠤᠨ ᠰᠠᠬᠢᠨ ᠬᠠᠮᠠᠭᠠᠯᠠᠯᠲᠠ ᠨᠢ ᠪᠦᠬᠦ ᠭᠠᠵᠠᠷ ᠣᠷᠣᠨ ᠳᠤ ᠪᠦᠷᠬᠦᠬᠦ ᠶᠢ ᠦᠨᠡᠨᠬᠦ ᠪᠠᠲᠤᠯᠠᠨ᠎ᠠ᠃      ᠭᠤᠷᠪᠠ᠂ ᠴᠡᠭᠡᠷ ᠬᠤᠷᠢᠶᠠᠲᠤ ᠬᠤᠭᠤᠴᠠᠭᠠᠨ ᠳᠤ ᠠᠯᠢᠪᠠ ᠪᠠᠶᠢᠭᠤᠯᠤᠯᠭ᠎ᠠ ᠪᠠ ᠬᠤᠪᠢ ᠬᠦᠮᠦᠨ᠂ ᠴᠡᠭᠡᠷ ᠬᠤᠷᠢᠭᠠᠲᠠᠢ ᠭᠠᠵᠠᠷ ᠣᠷᠣᠨ ᠳᠤ ᠭᠠᠯ ᠢ ᠬᠡᠷᠡᠭᠯᠡᠬᠦ ᠶᠢ ᠴᠡᠭᠡᠷᠯᠡᠨ᠎ᠡ᠃ ᠬᠡᠷᠪᠡ ᠲᠣᠰ ᠬᠤᠭᠤᠴᠠᠭᠠᠨ ᠳᠤ ᠣᠨᠴᠠᠭᠠᠢ ᠪᠠᠶᠢᠳᠠᠯ ᠳᠣᠣᠷ᠎ᠠ ᠵᠠᠪᠠᠯ ᠭᠠᠯ ᠬᠡᠷᠡᠭᠯᠡᠬᠦ ᠭᠡᠪᠡᠯ᠂ ᠡᠷᠬᠡᠪᠰᠢ ᠰᠢᠶᠠᠨ ᠤ ᠭᠠᠯ ᠢ ᠰᠡᠷᠭᠡᠶᠢᠯᠡᠬᠦ ᠣᠳᠣᠷᠢᠳᠣᠯᠭ᠎ᠠ ᠶᠢᠨ ᠪᠦᠯᠬᠦᠮ ᠪᠣᠶᠤ ᠡᠷᠬᠡᠲᠦ ᠪᠠᠶᠢᠭᠤᠯᠣᠯᠭ᠎ᠠ ᠶᠢᠨ ᠵᠦᠪᠰᠢᠶᠠᠷᠡᠯ ᠢ ᠣᠯᠬᠤ ᠪᠦᠭᠡᠳ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠰᠠᠶᠢᠲᠤᠷ ᠪᠡᠯᠡᠳᠬᠡᠵᠦ᠂ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ ᠪᠣᠲᠠᠲᠠᠢ ᠪᠠᠶᠢᠯᠭᠠᠨ᠎ᠠ᠃ ᠭᠠᠯ ᠢ ᠭᠡᠷᠡᠭᠯᠡᠭᠰᠡᠨ ᠤ ᠬᠤᠶᠢᠨ᠎ᠠ ᠪᠠᠨ ᠡᠷᠬᠡᠪᠰᠢ ᠦᠯᠡᠳᠡᠭᠳᠡᠯ ᠭᠠᠯ ᠢᠶᠠᠨ ᠲᠤᠤᠱᠲᠠᠢ ᠤᠨᠲᠠᠷᠠᠭᠠᠭᠰᠠᠨ ᠪᠠᠶᠢᠬᠤ ᠬᠡᠷᠡᠭᠲᠡᠢ᠃      ᠲᠥᠷᠪᠡ᠂ ᠡᠯ᠎ᠡ ᠰᠢᠶᠠᠩ ᠪᠠᠯᠭᠠᠰᠤ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ᠂ ᠲᠤᠰ ᠭᠠᠵᠠᠷ ᠣᠷᠣᠨ᠂ ᠲᠤᠰ ᠪᠠᠶᠢᠭᠤᠯᠣᠯᠭ᠎ᠠ ᠶᠢᠨ ᠬᠦᠮᠦᠰ ᠤᠨ ᠬᠠᠮᠢᠶᠠᠷᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠮᠣᠳᠤ ᠲᠠᠷᠢᠬᠤ ᠬᠤᠸᠠᠷ ᠬᠦᠷᠭᠡᠬᠦ ᠵᠡᠷᠭᠡ ᠪᠣᠯᠪᠠᠰᠤᠨ ᠠᠷᠭ᠎ᠠ ᠮᠠᠶ᠋ᠢᠭ ᠢᠶᠠᠷ ᠲᠠᠬᠢᠯ ᠲᠠᠯᠪᠢᠬᠤ ᠶᠢ ᠰᠠᠨᠠᠭᠠᠴᠢᠯᠠᠵᠤ᠂ ᠣᠢ ᠰᠢᠭᠤᠢ ᠶᠢᠨ ᠣᠷᠣᠨ᠂ ᠲᠠᠯ᠎ᠠ ᠭᠠᠵᠠᠷ ᠤᠨ ᠲᠦᠷᠦᠯ ᠵᠦᠢᠯ ᠤᠨ ᠣᠷᠣᠨ ᠳᠤ ᠬᠦᠵᠢ ᠪᠠᠷᠢᠬᠤ᠂  ᠴᠠᠭᠠᠰᠤ ᠰᠢᠲᠠᠭᠠᠬᠤ ᠵᠡᠷᠭᠡ ᠠᠵᠢᠯᠯᠠᠭ᠎ᠠ ᠶᠢ ᠬᠤᠷᠢᠭᠯᠠᠨ᠎ᠠ᠃ ᠭᠠᠯ ᠡᠭᠦᠰᠭᠡᠬᠦ ᠪᠣᠯᠣᠮᠵᠢ ᠲᠠᠢ ᠪᠣᠳᠠᠰ ᠢ ᠣᠢ ᠶᠢᠨ ᠣᠷᠣᠨ ᠪᠠ ᠢᠨᠵᠧᠨᠧᠷᠢᠩ ᠶᠢᠨ ᠲᠦᠷᠦᠯ ᠵᠦᠢᠯ ᠤᠨ ᠣᠷᠣᠨ ᠳᠤ ᠠᠪᠴᠤ ᠣᠷᠣᠬᠤ ᠶᠢ ᠡᠷᠡᠰ ᠬᠤᠷᠢᠭᠯᠠᠨ᠎ᠠ᠃ ᠣᠶᠤᠨ ᠮᠡᠳᠡᠷᠡᠯ ᠤᠨ ᠡᠪᠡᠳᠴᠢᠨ ᠲᠠᠢ ᠵᠡᠷᠭᠡ ᠣᠨᠴᠠᠭᠠᠢ ᠪᠦᠯᠦᠭ ᠬᠦᠮᠦᠰ ᠤᠨ ᠬᠠᠷᠠᠯᠲᠠ ᠬᠠᠮᠠᠭᠠᠯᠠᠯᠲᠠ ᠪᠠᠨ ᠤᠯᠠᠮ ᠨᠢᠭᠡ ᠠᠯᠬᠤᠮ ᠴᠢᠩᠭᠠᠳᠬᠠᠨ᠎ᠠ᠃  ᠨᠠᠰᠤᠨ ᠳᠤ ᠥᠯᠥ ᠬᠦᠷᠦᠭᠰᠡᠳ ᠤᠨ ᠭᠠᠯ ᠢ ᠰᠡᠷᠭᠡᠶᠢᠯᠡᠬᠦ ᠠᠮᠤᠷ ᠲᠥᠪᠰᠢᠨ ᠤ ᠰᠤᠷᠭᠠᠨ ᠬᠦᠮᠦᠵᠢᠯ ᠢ  ᠰᠤᠷᠭᠠᠭᠤᠯᠢ ᠪᠠ ᠭᠡᠷ ᠤᠨ ᠠᠬᠠᠮᠠᠳ ᠦᠨᠡᠨ ᠪᠣᠲᠠᠲᠠᠢ ᠰᠠᠶᠢᠲᠤᠷ ᠬᠢᠵᠦ᠂ ᠭᠠᠯ ᠢ ᠰᠡᠷᠭᠡᠶᠢᠯᠡᠬᠦ ᠭᠠᠵᠠᠷ ᠣᠷᠣᠨ ᠳᠣᠲᠣᠷ᠎ᠠ ᠭᠠᠯ ᠢᠶᠠᠷ ᠨᠠᠭᠠᠳᠬᠤ ᠶᠢ ᠡᠷᠡᠰ ᠬᠤᠷᠢᠭᠯᠠᠵᠤ᠂ ᠬᠦᠨᠳᠦ ᠨᠤᠴᠢᠲᠠᠢ ᠶᠠᠪᠤᠳᠠᠯ ᠤᠷᠰᠢᠭ ᠡᠭᠦᠰᠬᠡᠪᠡᠯ ᠬᠤᠯᠪᠤᠭᠳᠠᠯ ᠪᠦᠬᠦᠢ ᠬᠦᠮᠦᠰ ᠤᠨ ᠡᠬᠦᠷᠭᠡ ᠬᠠᠷᠢᠭᠤᠴᠠᠯᠭ᠎ᠠ ᠶᠢ ᠬᠠᠥᠯᠢ ᠶᠣᠰᠣᠭᠠᠷ ᠨᠡᠬᠡᠮᠵᠢᠯᠡᠨ᠎ᠡ᠃      ᠲᠠᠪᠤ᠂ ᠴᠡᠭᠡᠷ ᠬᠤᠷᠢᠭ᠎ᠠ ᠲᠠᠢ ᠬᠤᠭᠤᠴᠠᠭᠠᠨ ᠳᠤ ᠣᠶᠢᠲᠤ ᠣᠷᠣᠨ᠂ ᠲᠠᠯ᠎ᠠ ᠭᠠᠵᠠᠠᠷ ᠤᠨ ᠠᠮᠢ ᠠᠬᠤᠢ ᠶᠢᠨ ᠲᠦᠷᠦᠯ ᠵᠦᠢᠯ ᠤᠨ ᠣᠷᠣᠨ ᠳᠣᠲᠣᠷ᠎ᠠ ᠮᠠᠶᠢᠬᠠᠨ ᠰᠠᠷᠠᠪᠴᠢ ᠪᠠᠷᠢᠬᠤ ᠶᠢ ᠡᠷᠡᠰ ᠬᠤᠷᠢᠭᠯᠠᠵᠤ᠂ ᠦᠢᠯᠡᠳᠪᠦᠷᠢ ᠠᠭᠤᠷᠬᠠᠢ ᠠᠵᠢᠯ ᠢᠶᠠᠨ ᠵᠤᠭᠰᠣᠭᠠᠨ᠎ᠠ᠃ ᠴᠠᠬᠢᠯᠭᠠᠨ ᠤᠲᠠᠰᠤ ᠲᠠᠲᠠᠬᠤ᠂ ᠬᠡᠷᠡᠭᠯᠡᠵᠦ ᠪᠠᠶᠢᠭ᠎ᠠ ᠴᠠᠬᠢᠯᠭᠠᠨ ᠬᠦᠴᠦᠳᠡᠯ ᠤᠨ ᠬᠤᠪᠢᠰᠬᠤᠷ ᠤᠨ ᠮᠠᠰᠢᠨ ᠵᠡᠷᠬᠡ ᠶᠢ ᠭᠡᠷᠡᠭᠯᠡᠵᠦ ᠪᠠᠶᠢᠭ᠎ᠠ ᠬᠦᠮᠦᠨ ᠪᠠ ᠡᠷᠬᠡ ᠮᠡᠳᠡᠵᠦ ᠪᠠᠶᠢᠭ᠎ᠠ ᠬᠦᠮᠦᠨ ᠵᠠᠪᠠᠯ ᠨᠠᠷᠢᠨ ᠬᠢᠨᠠᠮᠠᠭᠠᠢ ᠲᠤᠤᠱᠲᠠᠢ ᠪᠠᠶᠢᠴᠠᠭᠠᠵᠤ᠂ ᠵᠠᠰᠠᠨ ᠰᠡᠯᠪᠢᠵᠦ᠂ ᠭᠠᠯ ᠭᠠᠷᠬᠤ᠂ ᠭᠠᠯ ᠠᠯᠳᠠᠬᠤ᠂ ᠭᠠᠯ ᠤᠨ ᠭᠠᠮᠰᠢᠭ ᠭᠠᠷᠬᠤ ᠶᠢ ᠴᠢᠩᠭ᠎ᠠ ᠰᠡᠷᠭᠡᠶᠢᠯᠡᠵᠦ᠂ ᠭᠠᠯ ᠤᠨ ᠠᠶᠤᠯ ᠭᠠᠷᠭᠠᠵᠤ ᠮᠡᠳᠡᠬᠦ᠂ ᠳᠠᠯᠳᠠ ᠭᠡᠮ ᠲᠠᠢ ᠵᠦᠢᠯ ᠢ ᠴᠠᠭ ᠲᠣᠬᠠᠢ ᠳᠤᠨᠢ ᠰᠤᠯᠢᠨ ᠵᠠᠰᠠᠨ᠎ᠠ᠃ ᠣᠨᠴᠠᠭᠠᠶᠢᠯᠠᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠯᠡᠳᠡᠭᠳᠡᠯ ᠢᠶᠠᠨ ᠰᠢᠲᠠᠭᠠᠬᠤ ᠳᠠᠭᠠᠨ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠭᠠᠯ ᠢ ᠰᠡᠷᠭᠡᠶᠢᠯᠡᠬᠦ ᠰᠠᠯᠠᠭ᠎ᠠ ᠮᠦᠴᠢᠷ ᠤᠨ ᠭᠠᠯ ᠢ ᠰᠡᠷᠭᠡᠶᠢᠯᠡᠬᠦ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠ᠃      ᠵᠢᠷᠭᠤᠭ᠎ᠠ᠂ ᠭᠠᠯ ᠢ ᠰᠡᠷᠭᠡᠶᠢᠯᠡᠬᠦ ᠴᠡᠭᠡᠷ ᠬᠤᠷᠢᠭᠠᠲᠤ ᠬᠤᠭᠤᠴᠠᠭᠠᠨ ᠳᠤ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠣᠨᠢᠨ ᠮᠡᠳᠡᠭᠡ ᠵᠠᠭᠤᠴᠢᠯᠠᠭᠤᠷ ᠨᠢ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠬᠦᠴᠦᠨ ᠢᠶᠠᠨ ᠶᠡᠬᠡᠰᠬᠡᠨ᠂ ᠣᠢ ᠰᠢᠭᠤᠢ᠂ ᠲᠠᠯ᠎ᠠ ᠭᠠᠵᠠᠷ ᠤᠨ ᠭᠠᠯ ᠢ ᠰᠡᠷᠭᠡᠶᠢᠯᠡᠬᠦ ᠣᠯᠠᠨ ᠳᠤ ᠠᠰᠢᠭᠲᠠᠢ ᠵᠠᠷ ᠮᠡᠳᠡᠭᠡ ᠪᠠᠨ ᠨᠡᠮᠡᠭᠳᠡᠭᠦᠯᠵᠦ᠂ ᠪᠦᠬᠦ ᠠᠷᠠᠳ ᠤᠨ ᠭᠠᠯ ᠢ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠦᠨ᠎ᠡ᠃      ᠳᠣᠯᠤᠭ᠎ᠠ᠂ ᠳᠡᠭᠡᠷ᠎ᠡ ᠳᠤᠷᠠᠳᠤᠭᠰᠠ ᠴᠡᠭᠡᠷ ᠬᠤᠷᠢᠭ᠎ᠠ ᠶᠢ ᠵᠦᠷᠢᠴᠡᠭᠰᠡᠳ ᠢ ︽ᠪᠦᠭᠦᠳᠡ ᠨᠠᠶᠢᠷᠠᠮᠳᠤᠬᠤ ᠳᠤᠮᠳᠠᠲᠤ ᠠᠷᠠᠳ ᠣᠯᠣᠰ ᠤᠨ ᠠᠮᠤᠷ ᠢ ᠬᠠᠮᠠᠭᠠᠯᠠᠬᠤ ᠲᠤᠷᠠᠭᠠᠬᠤ ᠬᠠᠥᠯᠢ︾᠂ ︽ᠣᠢ ᠰᠢᠭᠤᠢ ᠶᠢᠨ ᠭᠠᠯ ᠢ ᠰᠡᠷᠭᠡᠶᠢᠯᠡᠬᠦ ᠳᠥᠷᠢᠮ ᠲᠣᠭᠲᠠᠭᠠᠯ︾᠂ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠣᠢ ᠰᠢᠭᠤᠢ ᠲᠠᠯ᠎ᠠ ᠭᠠᠵᠠᠷ ᠤᠨ ᠭᠠᠯ ᠢ ᠰᠡᠷᠭᠡᠶᠢᠯᠡᠬᠦ ᠳᠦᠷᠢᠮ ᠲᠣᠭᠲᠠᠭᠠᠯ︾ ᠵᠡᠷᠭᠡ ᠬᠠᠥᠯᠢ ᠲᠥᠷᠢᠮ ᠤᠨ ᠲᠤᠭᠲᠠᠭᠠᠯ ᠶᠤᠰᠤᠭᠠᠷ ᠣᠢ ᠰᠢᠭᠤᠢ ᠶᠢᠨ ᠲᠣᠲᠤᠭᠠᠲᠣ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠥᠯᠢ ᠶᠤᠰᠤᠭᠠᠷ ᠪᠠᠶᠢᠴᠠᠭᠠᠨ ᠰᠢᠢᠳᠬᠡᠵᠦ᠂ ᠶᠠᠯ᠎ᠠ ᠲᠤᠯᠭᠠᠬᠤ ᠬᠡᠮᠵᠢᠶᠡᠨ ᠳᠤ ᠬᠦᠷᠦᠭᠰᠡᠨ ᠢ ᠬᠠᠥᠯᠢ ᠴᠠᠭᠠᠵᠠ ᠶᠢᠨ ᠪᠠᠶᠢᠭᠤᠯᠤᠯᠭ᠎ᠠ ᠳᠤ ᠰᠢᠯᠵᠢᠭᠦᠯᠵᠦ᠂ ᠡᠷᠡᠬᠦᠦ ᠶᠢᠨ ᠬᠡᠷᠡᠭ ᠤᠨ ᠡᠬᠦᠷᠭᠡ ᠬᠠᠷᠢᠭᠤᠴᠠᠯᠭ᠎ᠠ ᠶᠢ ᠨᠡᠬᠡᠮᠵᠢᠯᠡᠨ᠎ᠡ᠃                       ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ                          2018 ᠣᠨ ᠤ 3 ᠰᠠᠷ᠎ᠠ ᠶᠢᠨ 15 ᠤ ᠡᠳᠥᠷ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3