ᠨᠡᠶᠢᠲᠡᠯᠡᠭᠰᠡᠨ ᠴᠠᠭ᠄ 2019-03-04 | ᠴᠠᠭ᠄ 2019 ᠤᠨ ᠤ 1 ᠰᠠᠷ᠎ᠠ ᠶᠢᠨ 23 ᠤ ᠡᠳᠦᠷ ᠤᠨ 10 ᠴᠠᠭ ᠲᠤ ᠰᠤᠷᠪᠤᠯᠵᠢᠯᠠᠭ᠎ᠠ ᠬᠦᠯᠢᠶᠡᠭᠴᠢ᠄ ᠵᠢᠨᠢᠩ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠳᠡᠳ᠋ ᠲᠤᠭᠤᠷᠢᠭ ᠤᠨ | ᠳᠠᠷᠤᠭ᠎ᠠ ᠰᠢᠤᠸᠠᠢ ᠹᠧᠩ ᠴᠢᠩ | | ᠰᠤᠷᠪᠤᠯᠵᠢᠯᠠᠭᠴᠢ᠄ ᠡᠯ᠎ᠡ ᠰᠦᠯᠵᠢᠶᠠᠨ ᠤ ᠨᠠᠶᠢᠵᠠ ᠤᠯᠠᠨ ᠢᠶᠠᠷ ᠢᠶᠠᠨ ᠰᠠᠶᠢᠨ ᠪᠠᠶᠢᠨᠨᠦ᠂ ᠰᠢ ᠶᠢᠨ ᠫᠢᠩ | ᠶᠡᠷᠦᠩᠬᠡᠢ ᠱᠦᠵᠢ ᠶᠢᠨ ᠳᠤᠷᠠᠳᠤᠭᠰᠠᠨ ︽ᠭᠤᠷᠪᠠᠨ ᠳ᠋ᠦᠩᠰᠢᠭᠤᠷ ᠬᠦᠮᠦᠨ ᠮᠦᠰᠦ ᠴᠠᠰᠤᠨ ᠤ ᠬᠦᠳᠡᠯᠭᠡᠭᠡᠨ ᠳᠤ | ᠤᠷᠤᠯᠴᠠᠬᠤ︾ ᠠᠤᠭ᠎ᠠ ᠶᠡᠭᠡ ᠬᠠᠷᠠᠯᠲᠠ ᠶᠢ ᠪᠦᠬᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠤᠨ | ᠨᠠᠶᠢᠳᠠᠪᠦᠷᠢᠵᠢᠭᠤᠯᠬᠤ ᠶᠢᠨ ᠲᠤᠰᠠᠳᠠ᠂ ᠲᠤᠤᠷ᠎ᠠ ᠵᠢᠨᠢᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ ᠰᠢᠤᠸᠠᠢ ᠹᠧᠩ ᠴᠢᠩ ᠢ ᠤᠷᠢᠵᠦ ᠤᠯᠠᠨ | ᠪᠦᠬᠦᠨ ᠳᠤ ᠵᠢᠨᠢᠩ ᠲᠤᠭᠤᠷᠢᠭ ᠤᠨ ᠮᠦᠰᠦ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠬᠦᠭᠵᠢᠯᠲᠡ ᠶᠢᠨ | ᠪᠠᠶᠢᠳᠠᠯ ᠵᠢᠴᠢ ᠴᠠᠰᠤᠨ ᠳᠤ ᠭᠤᠯᠭᠤᠬᠤ ᠲᠠᠯᠠᠪᠤᠷ ᠤᠨ ᠬᠠᠷᠠᠯᠲᠠ ᠶᠢ ᠲᠠᠨᠢᠯᠴᠠᠭᠤᠯᠤᠶ᠎ᠠ᠃ | ᠰᠤᠷᠪᠤᠯᠵᠢᠯᠠᠭᠴᠢ᠄ ᠰᠢᠤᠸᠠᠢ ᠲᠤᠭᠤᠷᠢᠭ ᠤᠨ ᠳᠠᠷᠤᠭ᠎ᠠ ᠲᠠ ᠰᠠᠶᠢᠨ ᠪᠠᠶᠢᠨᠠᠦ᠂ ᠤᠯᠠᠭᠠᠨᠴᠠᠪ ᠬᠤᠲᠠ ᠶᠢᠨ | ᠵᠠᠰᠠᠭ ᠤᠨ ᠰᠦᠯᠵᠢᠶᠡᠨ ᠳᠤ ᠵᠤᠴᠢᠨ ᠪᠤᠯᠵᠤ ᠰᠠᠭᠠᠳᠠᠭᠰᠠᠨ ᠳᠤ ᠴᠢᠨᠢ ᠪᠠᠶᠠᠷᠯᠠᠨ ᠤᠭᠲᠤᠵᠤ ᠪᠠᠶᠢᠨ᠎ᠠ᠃ | ᠰᠢᠤᠸᠠᠢ ᠹᠧᠩ ᠴᠢᠩ᠄ ᠬᠦᠲᠦᠯᠦᠭᠴᠢ᠂ ᠰᠦᠯᠵᠢᠶᠠᠨ ᠳᠡᠭᠡᠷᠡᠬᠢ ᠰᠦᠯᠵᠢᠶᠡᠨ ᠤ ᠨᠠᠶᠢᠵᠠ ᠨᠠᠷ ᠮᠢᠨᠢ | ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕ ᠵᠢᠨᠢᠩ ᠲᠤᠭᠤᠷᠢᠭ ᠤᠨ ᠵᠢᠭᠤᠯᠴᠢᠯᠠᠯ ᠤᠨ ᠬᠦᠭᠵᠢᠯᠲᠠ ᠶᠢᠨ | ᠠᠯᠭᠤᠷ ᠪᠠᠶᠢᠳᠠᠯ ᠳᠤ ᠴᠢᠭᠯᠡᠭᠦᠯᠦᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠲᠠᠢ ᠤᠶᠠᠯᠳᠤᠭᠤᠯᠵᠤ᠂ ᠪᠦᠬᠦ ᠤᠷᠤᠨ ᠤ ᠡᠯᠪᠡᠭ ᠳᠡᠯᠪᠡᠭ ᠪᠠᠶᠢᠭᠠᠯᠢ ᠶᠢᠨ ᠡᠬᠢ ᠪᠠᠶᠠᠯᠢᠭ ᠲᠤ | ᠲᠦᠰᠢᠭᠯᠡᠵᠦ᠂ ᠦᠨᠦ ᠵᠢᠯ ᠤᠯᠠᠭᠠᠨᠴᠠᠪ ᠤᠨ ᠶᠡᠭᠡ ᠲᠠᠯ᠎ᠠ ᠨᠤᠲᠤᠭ ᠤᠨ ᠶᠡᠷᠦᠩᠬᠡᠢ ᠵᠢᠭᠤᠯᠴᠢᠯᠠᠯ ᠤᠨ ᠲᠦᠷᠦᠯ | ᠵᠦᠢᠯ ᠢ ᠡᠬᠢᠯᠡᠭᠦᠯᠦᠨ ᠶᠠᠪᠤᠭᠳᠠᠭᠤᠯᠵᠦ᠂ ᠶᠡᠷᠦᠩᠬᠡᠢ ᠪᠡᠯᠡ ᠤᠷᠤᠭᠤᠯᠤᠯᠲᠠ 10 ᠳ᠋ᠦᠩᠰᠢᠭᠤᠷ ᠲᠦᠭᠦᠷᠢᠭ᠂ | ᠲᠦᠯᠦᠪᠵᠢᠭᠦᠯᠭᠡ ᠶᠢᠨ ᠲᠠᠯᠠᠪᠠᠢ 200 ᠲᠡᠭᠰᠢ ᠳᠦᠷᠪᠡᠯᠵᠢᠨ ᠺᠢᠯᠤᠮᠧᠳ᠋ᠷ᠂ ᠤᠤᠯ ᠤᠨ ᠲᠠᠯ᠎ᠠ ᠨᠤᠲᠤᠭ ᠤᠨ | ᠰᠠᠭᠤᠷᠢᠨ ᠳᠡᠭᠡᠷ᠎ᠡ ᠠᠮᠢ ᠠᠬᠤᠢ ᠶᠢ ᠰᠡᠷᠭᠦᠭᠡᠵᠦ᠂ ᠲᠠᠷᠢᠶᠠᠯᠠᠬᠤ ᠪᠠᠨ ᠵᠤᠭᠰᠤᠵᠦ ᠪᠡᠯᠴᠢᠭᠡᠷᠰᠢᠬᠦᠯᠬᠦ ᠶᠢ ᠴᠠᠭᠠᠵᠠᠯᠠᠵᠦ᠂ | ᠪᠡᠯᠴᠢᠭᠡᠷᠰᠢᠬᠦᠯᠬᠦ ᠶᠢ ᠪᠦᠬᠦ ᠲᠠᠯ᠎ᠠ ᠪᠠᠷ ᠶᠠᠪᠤᠭᠳᠠᠭᠤᠯᠬᠤ ᠤᠯᠠᠭᠠᠨᠴᠠᠪ ᠤᠨ ᠶᠡᠭᠡ ᠲᠠᠯ᠎ᠠ ᠨᠤᠲᠤᠭ ᠢ ᠤᠰᠤ ᠪᠡᠯᠴᠢᠭᠡᠷ | ᠭᠤᠶᠤ ᠰᠠᠬᠤᠯᠠᠭ᠂ ᠠᠮᠢ ᠠᠬᠤᠢ ᠲᠡᠩᠴᠡᠭᠦᠷᠢᠲᠠᠢ᠂ ᠦᠪᠡᠷᠮᠢᠴᠡ ᠤᠨᠴᠠᠯᠢᠭ ᠲᠠᠢ ᠦᠨᠳᠦᠷᠯᠢᠭ ᠤᠨ ᠲᠠᠯ᠎ᠠ | ᠨᠤᠲᠤᠭ ᠤᠨ ᠦᠵᠡᠮᠵᠢ ᠶᠢᠨ ᠤᠷᠤᠨ ᠪᠤᠯᠭᠠᠨ ᠪᠦᠲᠦᠭᠡᠨ ᠪᠠᠶᠢᠭᠤᠯᠪᠠ᠃ ᠡᠭᠦᠨ ᠤ ᠳᠠᠭᠠᠤ᠂ ᠲᠠᠯ᠎ᠠ ᠨᠤᠲᠤᠭ ᠤᠨ | ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠬᠦ ᠶᠢᠨ ᠲᠤᠰᠠᠳᠠ᠂ 50 ᠲᠡᠭᠰᠢ ᠳᠦᠷᠪᠡᠯᠵᠢᠨ | ᠺᠢᠯᠤᠮᠧᠳ᠋ᠷ ᠤᠨ ᠶᠡᠷᠦᠩᠬᠡᠢ ᠵᠢᠭᠤᠯᠴᠢᠯᠠᠯ ᠤᠨ ᠦᠢᠯᠡᠴᠢᠯᠡᠭᠡᠨ ᠤ ᠲᠤᠭᠤᠷᠢᠭ ᠢ ᠲᠦᠯᠦᠪᠵᠢᠭᠦᠯᠵᠦ᠂ ᠭᠤᠤᠯᠳᠠᠭᠤ | ᠰᠤᠶᠤᠯ᠂ ᠰᠡᠯᠡᠭᠦᠴᠡᠯ ᠤᠨ ᠲᠠᠷᠢᠶᠠᠯᠠᠩ᠂ ᠠᠷᠠᠳ ᠤᠨ ᠵᠠᠩ ᠦᠢᠯᠡ᠂ ᠴᠠᠰᠤ ᠮᠦᠰᠦᠨ ᠤ ᠬᠦᠳᠡᠯᠭᠡᠭᠡᠨ ᠢᠶᠠᠷ | ᠭᠤᠤᠯᠳᠠᠭᠤᠯᠵᠤ᠂ ᠠᠮᠢ ᠠᠬᠤᠢ ᠪᠠᠷ ᠭᠤᠶᠢᠳᠠ ᠰᠠᠶᠢᠬᠠᠨ᠂ ᠰᠠᠭᠤᠬᠤ ᠵᠤᠭᠠᠴᠠᠬᠤ ᠳᠤ ᠲᠤᠬᠢᠷᠠᠮᠵᠢᠲᠠᠢ᠂ | ᠠᠭᠤᠯᠭ᠎ᠠ ᠪᠠᠷ ᠤᠯᠠᠨ ᠶᠠᠩᠵᠤ ᠶᠢᠨ ᠲᠠᠲᠠᠯᠲᠠ ᠬᠦᠴᠦ ᠪᠠᠷ ᠴᠢᠩᠭ᠎ᠠ ᠲᠤᠮᠤ ᠮᠠᠶ᠋ᠢᠭ ᠤᠨ ᠶᠡᠷᠦᠩᠬᠡᠢ ᠵᠢᠭᠤᠯᠴᠢᠯᠠᠯ ᠤᠨ | ᠲᠤᠭᠤᠷᠢᠭ ᠢ ᠭᠤᠤᠯᠳᠠᠯᠭ᠎ᠠ ᠲᠠᠢ ᠪᠠᠶᠢᠭᠤᠯᠤᠨ᠎ᠠ᠃ ᠡᠭᠦᠨ ᠤ ᠳᠠᠭᠠᠤ᠂ ᠮᠠᠨ ᠤ ᠤᠷᠤᠨ ᠰᠢ ᠶᠢᠨ ᠫᠢᠩ ᠶᠡᠷᠦᠩᠬᠡᠢ | ᠱᠦᠵᠢ ᠶᠢᠨ ᠳᠤᠷᠠᠳᠤᠭᠰᠠᠨ ︽ᠭᠤᠷᠪᠠᠨ ᠳ᠋ᠦᠩᠰᠢᠭᠤᠷ ᠬᠦᠮᠦᠨ ᠮᠦᠰᠦ ᠴᠠᠰᠤᠨ ᠤ ᠬᠦᠳᠡᠯᠭᠡᠭᠡᠨ ᠳᠤ ᠤᠷᠤᠯᠴᠠᠬᠤ︾ | ᠤᠷᠢᠶᠠᠯᠠᠭ᠎ᠠ ᠶᠢ ᠴᠤᠤᠷᠢᠶᠠᠳᠤᠨ ᠳᠠᠭᠠᠵᠤ᠂ 2018 ᠤᠨ ᠤ 9 ᠰᠠᠷ᠎ᠠ ᠶᠢᠨ 15 ᠤ ᠡᠳᠦᠷ ᠳ᠋ᠠ ᠾᠧ ᠸᠠᠨ ᠤ | ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ | ᠶᠠᠪᠤᠭᠳᠠᠭᠤᠯᠵᠤ᠂ 12 ᠰᠠᠷ᠎ᠠ ᠶᠢᠨ 8 ᠤ ᠡᠳᠦᠷ ᠡᠬᠢᠯᠡᠨ ᠠᠰᠢᠭᠯᠠᠯᠲᠠ ᠳᠤ ᠤᠷᠤᠭᠤᠯᠵᠤ ᠡᠷᠭᠢᠯᠳᠦᠭᠦᠯᠵᠦ᠂ | ᠴᠠᠰᠤᠨ ᠳᠤ ᠭᠤᠯᠭᠤᠬᠤ ᠲᠠᠯᠠᠪᠤᠷ ᠨᠢ ᠤᠬᠤᠷᠬᠠᠨ 12 ᠰᠠᠷ᠎ᠠ ᠭᠠᠷᠤᠢ ᠶᠢᠨ ᠴᠠᠭ ᠳᠤᠲᠤᠷ᠎ᠠ ᠪᠦᠲᠦᠭᠡᠨ | ᠪᠠᠶᠢᠭᠤᠯᠤᠭᠳᠠᠨ ᠡᠷᠭᠢᠯᠲᠡ ᠳᠤ ᠤᠷᠤᠭᠰᠠᠨ ᠨᠢ᠂ ᠮᠠᠨ ᠤ ᠲᠤᠭᠤᠷᠢᠭ ᠤᠨ ᠨᠢᠭᠲᠠᠷᠠᠯ ᠤᠨ ᠬᠦᠴᠦ ᠪᠠ ᠳᠠᠶᠢᠴᠢᠨ | ᠬᠦᠴᠦᠨ ᠢ ᠭᠦᠢᠴᠡᠳ ᠢᠯᠡᠷᠡᠭᠦᠯᠵᠦ᠂ ᠪᠠᠰᠠ ᠵᠢᠨᠢᠩ ᠲᠤᠭᠤᠷᠢᠭ ᠤᠨ ᠵᠢᠭᠤᠯᠴᠢᠯᠠᠯ ᠤᠨ ᠦᠢᠯᠡᠰ ᠤᠨ ᠲᠤᠮᠤ | ᠲᠦᠯᠦᠪ ᠪᠠᠶᠢᠳᠠᠯ ᠳᠤ ᠦᠩᠭᠡ ᠪᠤᠳᠤᠭ ᠨᠡᠮᠡᠭᠰᠡᠨ ᠪᠠᠶᠢᠨ᠎ᠠ᠃ ᠬᠤᠶᠢᠲᠤᠨ ᠵᠢᠯ᠂ ᠮᠠᠨ ᠤ ᠲᠤᠭᠤᠷᠢᠭ ᠪᠠᠰᠠ ᠴᠠᠭᠠᠨ | ᠠᠶᠢᠯ᠂ ᠪᠠᠶᠢᠰᠢᠩᠲᠦ ᠶᠢᠨ ᠭᠤᠤ᠂ ᠰᠡᠭᠦᠵᠢ ᠶᠢᠨ ᠪᠤᠯᠤᠩ ᠵᠡᠷᠭᠡ 10 ᠭᠠᠷᠤᠢ ᠤᠨᠴᠠᠯᠢᠭᠲᠦ ᠵᠢᠵᠢᠭ ᠪᠠᠯᠭᠠᠰᠤ | ᠤᠨᠴᠠᠯᠢᠭᠲᠦ ᠲᠤᠰᠬᠤᠨ ᠢ ᠪᠠᠶᠢᠭᠤᠯᠵᠤ᠂ ᠤᠯᠠᠭᠠᠨᠴᠠᠪ ᠤᠨ ᠶᠡᠭᠡ ᠲᠠᠯ᠎ᠠ ᠨᠤᠲᠤᠭ ᠤᠨ ᠵᠢᠭᠤᠯᠴᠢᠯᠠᠯ ᠤᠨ | ᠦᠢᠯᠡᠴᠢᠯᠡᠭᠡᠨ ᠤ ᠡᠬᠢ ᠪᠠᠶᠠᠯᠢᠭ ᠢ ᠤᠯᠠᠮ ᠪᠠᠶᠠᠯᠢᠭᠵᠢᠭᠤᠯᠤᠨ᠎ᠠ᠃ | ᠰᠤᠷᠪᠤᠯᠵᠢᠯᠠᠭᠴᠢ᠄ ᠳ᠋ᠠ ᠾᠧ ᠸᠠᠨ ᠤ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠤᠷ ᠪᠠ ᠴᠠᠭᠠᠨ | ᠠᠶᠢᠯ ᠴᠠᠰᠤᠨ ᠳᠤ ᠭᠤᠯᠭᠤᠬᠤ ᠲᠠᠯᠠᠪᠤᠷ ᠤᠨ ᠦᠢᠯᠡᠴᠢᠯᠡᠭᠡᠨ ᠤ ᠢᠵᠢ ᠪᠦᠷᠢᠢᠳᠦᠭᠰᠡᠨ ᠲᠦᠬᠦᠭᠡᠷᠤᠮᠵᠢ ᠶᠢ | ᠲᠠᠨᠢᠯᠴᠠᠭᠤᠯᠵᠤ ᠦᠭᠬᠦ ᠪᠤᠯᠪᠠᠤ᠃ | ᠰᠢᠤᠸᠠᠢ ᠹᠧᠩ ᠴᠢᠩ᠄ ᠨᠢᠭᠡ᠂ ᠳ᠋ᠠ ᠾᠧ ᠸᠠᠨ ᠤ ᠤᠯᠠᠨ ᠤᠯᠤᠰ ᠤᠨ ᠴᠠᠰᠤᠨ ᠳᠤ ᠭᠤᠯᠭᠤᠬᠤ | ᠲᠠᠯᠠᠪᠤᠷ ᠨᠢ ᠵᠢᠨᠢᠩ ᠲᠤᠭᠤᠷᠢᠭ ᠤᠨ ᠮᠠ ᠯᠢᠶᠠᠨ ᠴᠢᠥᠢ ᠰᠢᠶᠠᠩ ᠤᠨ ᠱᠢ ᠵᠢᠶᠠ ᠲᠤᠰᠬᠤᠨ ᠪᠠ ᠪᠠᠢ ᠬᠠᠢ ᠽᠢ | ᠪᠠᠯᠭᠠᠰᠤᠨ ᠤ ᠳ᠋ᠠ ᠾᠧ ᠸᠠᠨ ᠲᠤᠰᠬᠤᠨ ᠤ ᠬᠤᠭᠤᠷᠤᠨᠳᠦ ᠪᠠᠶᠢᠷᠢᠯᠠᠵᠤ᠂ ᠵᠢᠭᠤᠯᠴᠢᠯᠠᠯ ᠢ ᠬᠦᠭᠵᠢᠬᠦᠯᠬᠦ᠂ ᠬᠦᠳᠡᠭᠡ | ᠲᠤᠰᠬᠤᠨ ᠢ ᠮᠠᠨᠳᠤᠭᠤᠯᠬᠤ ᠪᠠᠷ ᠭᠤᠤᠯ ᠪᠤᠯᠭᠠᠭᠰᠠᠨ ᠤᠯᠠᠭᠠᠨᠴᠠᠪ ᠤᠨ ᠪᠦᠬᠦ ᠤᠯᠠᠷᠢᠯ ᠤᠨ ᠵᠢᠭᠤᠯᠴᠢᠯᠠᠯ ᠢ ᠪᠤᠢ | ᠪᠤᠯᠭᠠᠬᠤ ᠪᠠᠷ ᠬᠠᠷᠠᠯᠲᠠ ᠪᠤᠯᠭᠠᠭᠰᠠᠨ ᠴᠠᠰᠤᠨ ᠳᠤ ᠭᠤᠯᠭᠤᠬᠤ ᠠᠮᠠᠷᠠᠯᠲᠠ ᠪᠠᠨ ᠦᠩᠭᠡᠷᠡᠭᠦᠯᠬᠦ᠂ ᠰᠡᠯᠡᠭᠦᠴᠡᠯ ᠤᠨ | ᠬᠦᠳᠡᠯᠭᠡᠭᠡᠨ᠂ ᠠᠮᠢ ᠠᠬᠤᠢ ᠶᠢᠨ ᠵᠤᠭᠠᠴᠠᠯ᠂ ᠭᠡᠷᠲᠦ ᠲᠡᠷᠭᠡ ᠪᠠᠷ ᠬᠡᠭᠡᠷᠡᠯᠡᠨ ᠬᠤᠨᠤᠭᠯᠠᠬᠤ ᠶᠢ ᠪᠦᠬᠦ ᠬᠦᠴᠦᠨ ᠢ | ᠪᠠᠶᠢᠭᠤᠯᠬᠤ ᠪᠠᠷ ᠭᠤᠤᠯᠯᠠᠭᠤᠯᠤᠭᠰᠠᠨ ᠶᠡᠷᠦᠩᠬᠡᠶᠢᠯᠡᠭᠰᠡᠨ ᠴᠢᠨᠠᠷ ᠪᠦᠬᠦᠢ ᠠᠮᠠᠷᠠᠨ ᠵᠤᠭᠠᠴᠠᠬᠤ ᠶᠢᠨ ᠦᠵᠡᠮᠵᠢ ᠶᠢᠨ | ᠤᠷᠤᠨ ᠮᠦᠨ᠃ ᠴᠠᠰᠤᠨ ᠳᠤ ᠭᠤᠯᠭᠤᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ | ᠴᠠᠰᠤᠨ ᠳᠤ ᠭᠤᠯᠭᠤᠬᠤ ᠲᠠᠯᠠᠪᠤᠷ ᠤᠨ ᠶᠡᠷᠦᠩᠬᠡᠢ ᠦᠢᠯᠡᠴᠢᠯᠠᠭᠡᠨ ᠤ ᠲᠤᠮᠤ ᠲᠢᠩᠬᠢᠮ 7700 ᠭᠠᠷᠤᠢ ᠴᠠᠭᠠᠨ | ᠠᠶᠢᠯ ᠴᠠᠰᠤᠨ ᠳᠤ ᠭᠤᠯᠭᠤᠬᠤ ᠲᠠᠯᠠᠪᠤᠷ ᠲᠡᠭᠰᠢ ᠳᠦᠷᠪᠡᠯᠵᠢᠨ ᠮᠧᠳ᠋ᠷ᠂ ᠦᠨᠳᠦᠷᠯᠢᠭ ᠤᠨ ᠤᠯᠠᠨ ᠨᠡᠶᠢᠲᠠ ᠶᠢᠨ | ᠴᠠᠰᠤᠨ ᠳᠤ ᠭᠤᠯᠭᠤᠬᠤ ᠱᠤᠭᠤᠮ 23 ᠲᠦᠮᠡᠨ ᠲᠡᠭᠰᠢ ᠳᠦᠷᠪᠡᠯᠵᠢᠨ ᠮᠧᠳ᠋ᠷ᠂ ᠲᠠᠩ ᠬᠠᠪᠳᠠᠰᠤᠲᠦ ᠴᠡᠴᠡᠷᠯᠢᠭ 2 | ᠲᠦᠮᠡᠨ ᠲᠡᠭᠰᠢ ᠳᠦᠷᠪᠡᠯᠵᠢᠨ ᠮᠧᠳ᠋ᠷ᠂ ᠪᠡᠶᠡᠴᠢᠯᠡᠭᠰᠠᠨ ᠮᠠᠶ᠋ᠢᠭ ᠤᠨ ᠴᠠᠰᠤᠨ ᠳᠤ ᠲᠤᠭᠯᠠᠬᠤ ᠴᠡᠩᠭᠡᠯᠢᠭ ᠢ ᠲᠦᠮᠡᠨ | ᠲᠡᠭᠰᠢ ᠳᠦᠷᠪᠡᠯᠵᠢᠨ ᠮᠧᠳ᠋ᠷ᠂ ᠦᠵᠡᠮᠦᠷᠢ ᠶᠢᠨ ᠤᠰᠤᠨ ᠤ ᠲᠠᠳᠠᠭᠠᠯ 1.5 ᠲᠦᠮᠡᠨ ᠲᠡᠭᠰᠢ ᠳᠦᠷᠪᠡᠯᠵᠢᠨ ᠮᠧᠳ᠋ᠷ ︵ | ᠬᠤᠷᠠᠭᠰᠠᠨ ᠤᠰᠤᠨ ᠤ ᠬᠡᠮᠵᠢᠶ᠎ᠡ 5 ᠲᠦᠮᠡᠨ ᠳᠡᠭᠰᠢ ᠲᠦᠷᠪᠡᠯᠵᠢᠨ ᠮᠧᠳ᠋ᠷ ᠬᠢᠷᠢᠲᠠᠢ︶ ᠲᠡᠷᠭᠡᠨ ᠵᠤᠭᠰᠤᠭᠠᠯ 3 | ᠲᠦᠡᠮᠨ ᠲᠡᠭᠰᠢ ᠳᠦᠷᠪᠡᠯᠵᠢᠨ ᠮᠧᠳ᠋ᠷ ᠵᠡᠷᠭᠡ ᠪᠠᠭᠲᠠᠨ᠎ᠠ᠃ ᠲᠦᠷᠦᠯ ᠵᠦᠢᠯ ᠤᠨ ᠲᠤᠭᠤᠷᠢᠭ ᠲᠤᠳᠤᠷ᠎ᠠ ᠬᠤᠤᠰ | ᠬᠦᠮᠦᠨ ᠤ ᠡᠯᠭᠡᠭᠦᠷ ᠰᠠᠨᠳᠠᠯᠢ ᠶᠢᠨ ᠳᠡᠭᠦᠵᠢᠩ ᠵᠠᠮ 2 ᠵᠤᠷᠪᠤᠰ ᠪᠠᠶᠢᠭᠤᠯᠵᠤ᠂ ᠴᠠᠬᠢᠯᠭᠠᠨ ᠬᠦᠳᠡᠯᠭᠡᠭᠦᠷᠲᠦ | ᠳᠠᠮᠵᠢᠭᠤᠯᠬᠤ ᠪᠦᠰᠡ 4 ᠵᠤᠷᠪᠤᠰ᠂ ᠢᠲ᠋ᠠᠯᠢ ᠠᠴᠠ ᠤᠷᠤᠭᠤᠯᠤᠭᠰᠠᠨ ᠵᠤᠬᠢᠶᠠᠮᠠᠯ ᠴᠠᠰᠤᠨ ᠤ ᠮᠠᠰᠢᠨ 2᠂ ᠴᠠᠰᠤ | ᠲᠤᠭᠤᠯᠬᠤ ᠮᠤᠲ᠋ᠤᠷ 2 ᠵᠢᠴᠢ ᠢᠲ᠋ᠠᠯᠢ ᠠᠴᠠ ᠤᠷᠤᠭᠤᠯᠤᠭᠰᠠᠨ ᠴᠠᠰᠤ ᠳᠠᠷᠤᠰᠢᠭᠤᠯᠬᠤ ᠲᠡᠷᠭᠡ ᠪᠠᠶᠢᠵᠤ ᠲᠡᠷᠢᠭᠦᠨ ᠤ | ᠡᠯᠧᠺᠳ᠋ᠷᠤᠨ ᠰᠦᠢᠳᠭᠡᠯ ᠬᠤᠷᠢᠶᠠᠬᠤ ᠬᠠᠮᠢᠶᠠᠷᠤᠯᠲᠠ ᠶᠢᠨ ᠰᠢᠰᠲ᠋ᠧᠮ ᠢ ᠲᠤᠬᠢᠷᠠᠭᠤᠯᠵᠤ᠂ ᠴᠠᠰᠤᠨ ᠤ ᠪᠠᠭᠠᠵᠢ | ᠬᠡᠷᠡᠭᠰᠡᠯ 2650 ᠢᠵᠢ ᠲᠤᠬᠢᠷᠠᠭᠤᠯᠵᠠᠢ᠃ ᠴᠠᠰᠤᠨ ᠤ ᠲᠤᠭᠯᠠᠭᠠᠮ ᠤᠨ ᠲᠤᠭᠤᠷᠢᠭ ᠲᠤ ᠴᠠᠰᠣ ᠲᠤᠭᠤᠯᠬᠤ | ᠮᠤᠲ᠋ᠤᠷ᠂ ᠴᠠᠰᠤᠨ ᠴᠢᠷᠭ᠎ᠠ ᠵᠡᠷᠭᠡ ᠠᠷᠪᠠ ᠭᠠᠷᠤᠢ ᠲᠦᠷᠦᠯ ᠤᠨ ᠴᠠᠰᠤ ᠮᠦᠰᠤᠨ ᠤ ᠲᠤᠭᠯᠠᠭᠠᠮ ᠤᠨ ᠲᠦᠷᠦᠯ | ᠵᠦᠢᠯ ᠪᠤᠢ᠃ ᠢᠳᠡᠬᠦ᠂ ᠰᠠᠭᠤᠬᠤ᠂ ᠲᠤᠭᠯᠠᠬᠤ ᠪᠠᠷ ᠨᠢᠭᠡ ᠴᠤᠭᠴᠠ ᠪᠤᠯᠭᠠᠭᠰᠠᠨ ᠲᠦᠯᠦᠪᠵᠢᠬᠦᠯᠬᠡ ᠵᠢᠷᠤᠭ | ᠲᠦᠯᠦᠪᠡᠯᠭᠡ ᠨᠢ ᠴᠠᠰᠤᠨ ᠳᠤ ᠭᠤᠯᠭᠤᠬᠤ ᠪᠠᠭ᠋ᠠᠲᠤᠨ ᠪᠠ ᠵᠤᠭᠠᠴᠠᠭᠰᠠᠳ ᠤᠨ ᠭᠤᠶᠢᠳᠠ ᠰᠠᠶᠢᠬᠠᠨ ᠪᠡᠶᠡᠴᠢᠯᠡᠨ | ᠨᠠᠭᠠᠳᠬᠤ ᠶᠢ ᠠᠪᠴᠢᠷᠠᠭᠰᠠᠨ ᠪᠠᠶᠢᠨ᠎ᠠ᠃ | ᠬᠤᠶᠠᠷ᠄ ᠵᠢᠨᠢᠩ ᠲᠤᠭᠤᠷᠢᠭ ᠤᠨ ᠴᠠᠭᠠᠨ ᠠᠶᠢᠯ ᠤᠨ ᠴᠠᠰᠤᠨ ᠳᠤ ᠭᠤᠯᠭᠤᠬᠤ ᠲᠠᠯᠠᠪᠤᠷ ᠨᠢ ᠤᠯᠠᠭᠠᠨᠴᠠᠪ | ᠬᠤᠲᠠ ᠶᠢᠨ ᠮᠠ ᠯᠢᠶᠠᠨ ᠴᠢᠥᠢ ᠰᠢᠶᠠᠩ ᠤᠨ ᠬᠤᠪᠢ ᠶᠢᠨ ᠨᠢᠰᠭᠡᠯ ᠤᠨ ᠪᠠᠭᠤᠳᠠᠯ ᠶᠢᠨ ᠬᠤᠶᠢᠨ᠎ᠠ ᠪᠠᠶᠢᠷᠢᠯᠠᠵᠤ᠂ | ᠡᠵᠡᠯᠡᠭᠰᠡᠨ ᠭᠠᠵᠠᠷ ᠶᠢᠨ ᠲᠠᠯᠠᠪᠠᠢ 995 ᠮᠦ ᠵᠢᠯ ᠤᠨ ᠬᠦᠯᠢᠶᠠᠨ ᠠᠪᠬᠤ ᠴᠢᠳᠠᠪᠤᠷᠢ 30 ᠲᠦᠮᠡᠨ ᠬᠦᠮᠦᠨ | ᠤᠳᠠᠭ᠎ᠠ᠂ 7000 ᠲᠡᠭᠰᠢ ᠳᠦᠷᠪᠡᠯᠵᠢᠨ ᠮᠧᠳ᠋ᠷ ᠲᠡᠷᠭᠡᠨ ᠵᠤᠭᠰᠤᠭᠠᠯ ᠲᠠᠢ᠂ 1800 ᠪᠠᠶᠢᠷᠢ ᠲᠠᠢ᠃ ᠴᠠᠭᠠᠨ | ᠠᠶᠢᠯ ᠤᠨ ᠴᠠᠰᠤᠨ ᠳᠤ ᠭᠤᠯᠭᠤᠬᠤ ᠲᠠᠯᠠᠪᠤᠷ ᠶᠢᠨ ᠪᠠᠶᠢᠷᠢᠰᠢᠯ ᠤᠨ ᠳᠠᠪᠠᠭᠤᠯᠢᠭ ᠲᠠᠯ᠎ᠠ ᠪᠠᠷ ᠰᠢᠯᠢᠳᠡᠭ᠂ ᠴᠠᠰᠤᠨ ᠤ | ᠴᠢᠨᠡᠷ ᠰᠠᠶᠢᠨ᠂ ᠦᠩᠭᠡ ᠦᠵᠡᠮᠵᠢ ᠰᠦᠷᠯᠢᠭ ᠭᠤᠶᠤ᠂ ᠠᠭᠤᠷ ᠠᠮᠢᠰᠬᠤᠯ ᠲᠤᠬᠢᠯᠢᠭ᠃ ︽ᠤᠯᠠᠭᠠᠨᠴᠠᠪ ᠳ᠋ᠠᠲ᠋ᠦᠩ | ᠴᠢᠭᠤᠯᠤᠯᠳᠤ ᠬᠠᠭᠠᠯᠭ᠎ᠠ︾ ᠶᠢᠨ ᠠᠯᠲᠠᠨ ᠭᠤᠷᠪᠠᠯᠵᠢᠨ ᠤ ᠤᠷᠤᠨ ᠳᠤ ᠪᠠᠶᠢᠷᠢᠯᠡᠵᠦ᠂ ᠳ᠋ᠠᠲ᠋ᠦ᠋ᠩ ᠠᠴᠠ 116 | ᠺᠢᠯᠤᠮᠧᠳ᠋ᠷ ᠵᠠᠶᠢᠲᠠᠢ ᠴᠢᠭᠤᠯᠤᠯᠲᠦ ᠬᠠᠭᠠᠯᠭ᠎ᠠ ᠠᠴᠠ 152 ᠺᠢᠯᠤᠮᠧᠳ᠋ᠷ ᠵᠠᠶᠢᠲᠠᠢ᠂ ᠪᠡᠭᠡᠵᠢᠩ ᠠᠴᠠ 350 ᠺᠢᠯᠤᠮᠧᠳ᠋ᠷ | ᠵᠠᠶᠢᠲᠠᠢ᠂ ᠬᠤᠷᠳᠤᠨ ᠤ ᠲᠡᠮᠦᠷ ᠵᠠᠮ ᠤᠨ ᠭᠠᠯᠲᠦ ᠲᠡᠷᠭᠡ ᠪᠡᠭᠡᠵᠢᠩ ᠳᠤ ᠬᠦᠷᠬᠦ ᠳᠤ ᠵᠦᠪᠬᠡᠨ 70 ᠮᠢᠨᠦ᠋ᠲ | ᠬᠡᠷᠡᠭᠰᠡᠵᠦ᠂ ᠤᠷᠤᠨ ᠤ ᠲᠦᠪ ᠬᠦᠬᠡᠬᠤᠲᠠ ᠬᠦᠷᠬᠦ ᠳᠤ ᠵᠦᠪᠬᠡᠨ 39 ᠮᠢᠨᠦ᠋ᠲ ᠬᠡᠷᠡᠭᠰᠡᠨ᠎ᠡ᠃ ᠴᠠᠰᠤᠨ ᠳᠤ | ᠭᠤᠯᠭᠤᠬᠤ ᠠᠮᠠᠷᠠᠯᠲᠠ ᠵᠤᠭᠠᠴᠠᠯ᠂ ᠰᠡᠯᠡᠭᠦᠴᠡᠯ ᠤᠨ ᠬᠦᠳᠡᠯᠭᠡᠭᠡᠨ᠂ ᠲᠡᠷᠭᠡ ᠵᠢᠯᠤᠭᠤᠳᠴᠦ ᠵᠤᠭᠠᠴᠠᠬᠤ ᠭᠡᠷ | ᠪᠦᠯᠢ ᠶᠢᠨ ᠵᠤᠭᠤᠯᠴᠢᠯᠠᠯ᠂ ᠵᠠᠩ ᠦᠢᠯᠡ ᠶᠢᠨ ᠪᠡᠶᠡᠴᠢᠯᠡᠯ᠂ ᠪᠤᠬᠢᠷᠳᠠᠯ ᠦᠭᠡᠢ ᠦᠢᠯᠡᠳᠪᠦᠷᠢᠯᠡᠯ᠂ ᠲᠠᠯ᠎ᠠ | ᠨᠤᠲᠤᠭ ᠤᠨ ᠦᠵᠡᠮᠦᠷᠢ ᠪᠠᠷ ᠭᠤᠤᠯᠯᠠᠭᠤᠯᠤᠭᠰᠠᠨ ᠶᠡᠷᠦᠩᠬᠡᠶᠢᠯᠡᠭᠰᠡᠨ ᠴᠢᠨᠠᠷ ᠪᠦᠬᠦᠢ ᠳᠦᠷᠪᠡᠨ ᠤᠯᠠᠷᠢᠯ ᠤᠨ | ᠵᠤᠭᠠᠴᠠᠬᠤ ᠠᠮᠠᠷᠠᠬᠤ ᠭᠠᠵᠠᠷ ᠶᠤᠮ᠃ ᠴᠠᠭᠠᠨ ᠠᠶᠢᠯ ᠤᠨ ᠴᠠᠰᠤᠨ ᠳᠤ ᠭᠤᠯᠭᠤᠬᠤ ᠲᠠᠯᠠᠪᠤᠷ ᠲᠤ ᠠᠳᠠᠯᠢ ᠪᠤᠰᠤ | ᠬᠦᠲᠦᠯ ᠤᠨ 6 ᠴᠠᠰᠤᠨ ᠵᠠᠮ ᠲᠠᠢ᠂ ᠤᠯᠤᠰ ᠤᠨ ᠲᠤᠳᠤᠭᠠᠲᠤ ᠶᠢᠨ ᠲᠡᠷᠢᠭᠦᠨ ᠤ ᠴᠠᠰᠤ ᠵᠤᠬᠢᠶᠠᠬᠤ | ᠲᠦᠭᠦᠬᠡᠷᠤᠮᠵᠢ ᠶᠢ ᠤᠷᠤᠭᠤᠯᠪᠠ᠃ ᠴᠠᠰᠤᠨ ᠤ ᠲᠤᠭᠯᠠᠭᠠᠮ ᠤᠨ ᠲᠤᠭᠤᠷᠢᠭ ᠤᠨ ᠭᠠᠵᠠᠷ ᠡᠵᠡᠯᠡᠭᠰᠡᠨ ᠲᠠᠯᠠᠪᠠᠢ | 17083 ᠲᠦᠮᠡᠨ ᠲᠡᠭᠰᠢ ᠳᠦᠷᠪᠡᠯᠵᠢᠨ ᠮᠧᠳ᠋ᠷ᠃ ᠨᠠᠭᠠᠳᠤᠮ ᠳᠤᠭᠯᠠᠭᠠᠮ ᠤᠨ ᠲᠦᠬᠦᠭᠡᠷᠦᠮᠵᠢ ᠪᠠᠷ ᠡᠯᠪᠡᠭ | ᠪᠠᠶᠠᠯᠢᠭ ᠤᠯᠠᠨ ᠶᠠᠩᠵᠤ᠄ ᠬᠦᠴᠦᠷᠭᠡᠭ ᠲᠤᠮᠤ ᠲᠤᠰᠬᠠᠢ ᠳᠠᠰᠬᠠᠯᠵᠢᠭᠤᠯᠤᠭᠴᠢ ᠶᠢᠨ ᠡᠩᠨᠡᠭᠡ ᠨᠢ ᠦᠷᠭᠡᠨ ᠤᠯᠠᠨ | ᠵᠤᠭᠠᠴᠠᠭᠴᠢ ᠳᠤ ᠪᠡᠶ᠎ᠡ ᠳᠤ ᠨᠢ ᠲᠤᠬᠢᠷᠠᠭᠤᠯᠤᠨ ᠬᠦᠮᠦᠡᠯᠢᠭ ᠰᠢᠯᠵᠢᠬᠦᠯᠦᠭᠰᠡᠨ ᠵᠢᠭᠠᠨ ᠰᠤᠷᠭᠠᠯᠳᠠ ᠶᠢᠨ | ᠦᠢᠯᠡᠴᠢᠯᠡᠭᠡ ᠬᠠᠩᠭᠠᠵᠤ᠂ ᠴᠠᠰᠤᠨ ᠳᠤ ᠭᠤᠯᠭᠤᠬᠤ ᠳᠠᠯᠠᠪᠤᠷ ᠤᠨ ᠳᠤᠳᠤᠷ᠎ᠠ᠂ ᠬᠠᠯᠠᠭᠤᠨ ᠤᠮᠳᠠᠭᠠᠨ ᠬᠤᠭᠤᠯᠠᠨ | ᠳᠢᠩᠬᠢᠮ ᠵᠡᠷᠭᠡ ᠦᠢᠯᠡᠴᠢᠯᠡᠭᠡᠨ ᠤ ᠲᠦᠬᠦᠭᠡᠷᠦᠮᠵᠢ ᠪᠠᠷ ᠪᠦᠷᠢᠨ ᠳᠦᠬᠦᠷ᠃ | ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠵᠠᠭᠤᠨ ᠲᠦᠮᠡᠨ ᠵᠠᠯᠠᠭᠤᠴᠤᠳ ᠪᠠᠭᠠᠴᠤᠳ ᠴᠠᠰᠤ | ᠮᠦᠰᠦᠨ ᠤ ᠬᠦᠯᠳᠡᠭᠡᠭᠡᠨ ᠳᠤ ᠤᠷᠤᠯᠴᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠠᠭᠠᠨ᠂ ᠵᠢᠨᠢᠩ ᠲᠤᠭᠤᠷᠢᠭ | ᠶᠠᠮᠠᠷ ᠲᠦᠰᠦᠯ ᠤᠳ ᠢ ᠳᠤᠭᠳᠠᠭᠠᠵᠤ᠂ ᠵᠠᠯᠠᠭᠤᠴᠤᠳ ᠪᠠᠭᠠᠴᠤᠳ ᠤᠨ ᠴᠠᠰᠤ ᠮᠦᠰᠦᠨ ᠤ ᠬᠦᠳᠡᠯᠭᠡᠭᠡᠨ ᠳᠤ | ᠤᠷᠤᠯᠴᠠᠬᠤ ᠶᠢ ᠬᠡᠷᠬᠢᠨ ᠦᠷᠨᠢᠬᠦᠯᠬᠦ ᠪᠤᠢ︖ | ᠰᠢᠤᠸᠠᠢ ᠹᠧᠩ ᠴᠢᠩ᠄ ᠦᠪᠡᠷᠳᠡᠭᠡᠨ ᠵᠠᠰᠠᠬᠤ ᠤᠷᠤᠨ ᠤ ᠵᠠᠭᠤᠨ ᠲᠦᠮᠡᠨ ᠵᠠᠯᠠᠭᠤᠴᠤᠳ ᠪᠠᠭᠠᠴᠤᠳ ᠴᠠᠰᠤ | ᠮᠦᠰᠦᠨ ᠤ ᠬᠦᠳᠡᠯᠭᠡᠭᠡᠨ ᠳᠤ ᠤᠷᠤᠯᠴᠠᠬᠤ ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ | ᠂ ᠵᠢᠨᠢᠩ ᠲᠤᠭᠤᠷᠢᠭ ᠤᠨ ᠵᠠᠰᠠᠭ ᠤᠨ ᠤᠷᠳᠤᠨ ︽ᠵᠢᠨᠢᠩ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ | ᠴᠠᠰᠤ ᠮᠦᠰᠦᠨ ᠤ ᠬᠦᠳᠡᠯᠭᠡᠭᠡᠨ ᠳᠤ ᠤᠷᠤᠯᠴᠠᠬᠤ︾ ᠲᠦᠰᠦᠯ ᠢ ᠲᠤᠭᠳᠠᠭᠠᠵᠠᠢ᠃ ︽ᠭᠤᠷᠪᠠᠨ ᠳ᠋ᠦᠩᠰᠢᠭᠤᠷ | ᠬᠦᠮᠦᠨ ᠴᠠᠰᠤ ᠮᠦᠰᠦᠨ ᠳᠤ ᠭᠠᠷᠬᠤ ᠬᠦᠳᠡᠯᠭᠡᠭᠡᠨ︾ ᠪᠣᠯ ᠨᠢᠭᠡᠨ ᠰᠤᠷᠭᠠᠨ ᠬᠦᠮᠦᠵᠢᠯ ᠤᠨ ᠬᠠᠷᠠᠯᠳᠠ ᠮᠥᠨ᠂ | ᠪᠡᠶ᠎ᠡ ᠶᠢᠨ ᠳᠠᠮᠢᠷ ᠤᠨ ᠬᠦᠳᠡᠯᠭᠡᠭᠡᠨ ᠪᠠ ᠰᠤᠶᠤᠯ ᠰᠤᠷᠭᠠᠨ ᠬᠦᠮᠦᠵᠢᠯ ᠢ ᠠᠭᠤᠰᠤᠯᠴᠠᠭᠤᠯᠤᠨ ᠨᠢᠭᠡ ᠴᠤᠭᠴᠠ | ᠪᠤᠯᠭᠠᠵᠤ᠂ ᠤᠯᠢᠮᠫᠢᠺ ᠤᠨ ᠬᠦᠳᠡᠯᠭᠡᠭᠡᠨ ᠤ ᠬᠦᠮᠦᠵᠢᠯ ᠤᠨ ᠮᠥᠨ ᠴᠢᠨᠠᠷ ᠢ ᠳᠤᠳᠤᠷᠠᠭᠤᠯᠤᠨᠠ᠃ ᠴᠠᠰᠤ ᠮᠦᠰᠦᠨ ᠤ | ᠬᠦᠳᠡᠯᠭᠡᠭᠡᠨ ᠢ ᠰᠤᠷᠭᠠᠨ ᠬᠦᠮᠦᠵᠢᠯ ᠠᠴᠠ ᠡᠬᠢᠯᠡᠵᠦ ᠠᠳᠬᠤᠵᠤ᠂ ᠰᠤᠷᠭᠠᠭᠤᠯᠢ ᠳᠤ ᠴᠠᠰᠤ ᠮᠦᠰᠦᠨ ᠤ ᠬᠢᠴᠢᠶᠡᠯ | ᠭᠠᠷᠭᠠᠵᠤ᠂ ᠰᠢᠯᠢᠳᠡᠭ ᠪᠠᠭᠰᠢ ᠪᠠ ᠳᠠᠰᠬᠠᠯᠵᠢᠭᠤᠯᠤᠭᠴᠢ ᠪᠠᠷ ᠬᠦᠳᠡᠯᠭᠡᠭᠡᠨ ᠤ ᠰᠤᠶᠤᠯ ᠪᠠ ᠮᠡᠳᠡᠯᠭᠡ ᠶᠢ | ᠲᠦᠭᠡᠮᠡᠯᠵᠢᠬᠦᠯᠵᠦ᠂ ᠴᠠᠰᠤ ᠮᠦᠰᠦᠨ ᠤ ᠬᠦᠳᠡᠯᠭᠡᠭᠡᠨ ᠤ ᠲᠤᠬᠠᠢ ᠰᠤᠷᠤᠭᠴᠢᠳ ᠤᠨ ᠤᠷᠮ᠎ᠠ ᠪᠠᠬ᠎ᠠ ᠪᠠ ᠳᠤᠷ᠎ᠠ | ᠰᠤᠨᠢᠷᠬᠠᠯ ᠢ ᠨᠢ ᠳᠠᠳᠠᠵᠤ᠂ ᠰᠤᠷᠤᠭᠴᠢᠳ ᠤᠨ ᠴᠠᠰᠤ ᠮᠦᠰᠦᠨ ᠤ ᠬᠦᠳᠡᠯᠭᠡᠭᠡᠨ ᠤ ᠢᠳᠡᠪᠬᠢᠵᠢᠯ ᠢ ᠨᠢ | ᠳᠡᠭᠡᠭᠰᠢᠯᠡᠬᠦᠯᠵᠦ᠂ ᠰᠤᠷᠤᠭᠴᠢ ᠶᠢᠨ ᠪᠡᠶ᠎ᠡ ᠮᠠᠬᠠᠪᠤᠳ ᠢ ᠴᠢᠬᠢᠷᠠᠭᠵᠢᠭᠤᠯᠵᠤ᠂ ᠰᠤᠷᠤᠭᠴᠢ ᠶᠢ ᠪᠦᠬᠦ ᠳᠠᠯ᠎ᠠ ᠪᠠᠷ | ᠬᠦᠭᠵᠢᠬᠦᠯᠦᠨ᠎ᠡ᠃ | ᠰᠤᠷᠪᠤᠯᠵᠢᠯᠠᠭᠴᠢ᠄ ᠤᠶᠢᠯᠠᠭᠠᠭᠰᠠᠨ ᠢᠶᠠᠷ ᠬᠤᠳᠠ ᠶᠢᠨ ᠠᠷᠠᠳ ᠤᠨ ᠴᠠᠰᠤᠨ ᠮᠦᠰᠦᠨ ᠤ ᠦᠵᠡᠮᠦᠷᠢ ᠳᠤ | ᠲᠦᠬᠦᠮ ᠦᠵᠡᠬᠦᠯᠵᠦ᠂ ᠵᠢᠨᠢᠩ ᠤᠨ ᠵᠢᠭᠤᠯᠴᠢᠯᠠᠯ ᠤᠨ ᠠᠵᠤ ᠠᠬᠤᠢ ᠶᠢᠨ ᠬᠦᠭᠵᠢᠯᠳᠡ ᠶᠢ ᠠᠬᠢᠭᠤᠯᠬᠤ ᠶᠢᠨ | ᠲᠤᠰᠠᠳᠠ᠂ ᠲᠦᠷ ᠴᠠᠭ KI ᠵᠠᠮ ᠤᠨ ᠴᠠᠰᠤᠨ ᠳᠤ ᠭᠤᠯᠭᠤᠬᠤ ᠳᠠᠯᠠᠪᠤᠷ ᠤᠨ ᠰᠢᠭᠤᠳ ᠲᠦᠷᠭᠡᠨ ᠲᠤᠰᠬᠠᠢ | ᠱᠤᠭᠤᠮ ᠢ ᠨᠡᠪᠳᠡᠷᠡᠬᠦᠯᠦᠨ᠎ᠡ᠂ ᠤᠳᠤᠷᠢᠳᠤᠯᠭ᠎ᠠ ᠠᠴᠠ ᠵᠠᠮ ᠱᠤᠭᠤᠮ ᠢ ᠬᠡᠷᠬᠢᠨ ᠲᠤᠬᠢᠷᠠᠭᠤᠯᠤᠭᠰᠠᠨ ᠢᠶᠠᠨ ᠶᠠᠷᠢᠵᠦ | ᠦᠭᠭᠦᠨ᠎ᠡ ᠦᠦ︖ | ᠰᠢᠤᠸᠠᠨ ᠹᠧᠩ ᠴᠢᠩ᠄ 2018 ᠤᠨ ᠤ 12 ᠰᠠᠷ᠎ᠠ ᠶᠢᠨ 23 ᠤ ᠡᠳᠦᠷ᠂ ᠲᠦᠷ ᠴᠠᠭ KI ᠵᠠᠮ ᠤᠨ | ᠴᠠᠰᠤᠨ ᠳᠤ ᠭᠤᠯᠭᠤᠬᠤ ᠰᠢᠭᠤᠳ ᠲᠦᠷᠭᠡᠨ ᠲᠤᠰᠬᠠᠢ ᠱᠤᠭᠤᠮ ᠢ ᠨᠡᠪᠳᠡᠷᠡᠬᠦᠯᠵᠦ᠂ KI ᠵᠠᠮ ᠤᠨ ᠴᠠᠰᠤᠨ ᠳᠤ | ᠭᠤᠯᠭᠤᠬᠤ ᠳᠤᠰᠬᠠᠢ ᠱᠤᠭᠤᠮ ᠨᠢ ᠲᠤᠭᠤᠷᠢᠭᠤᠯ ᠵᠠᠮ ᠪᠠᠶᠢᠵᠤ᠂ 170 ᠮᠢᠨᠦ᠋ᠲ ᠡᠷᠬᠢᠯᠳᠦᠵᠦ᠂ ᠪᠦᠬᠦ ᠶᠠᠪᠤᠴᠠ | 90 ᠺᠢᠯᠤᠮᠧᠳ᠋ᠷ᠂ ᠡᠳᠦᠷ ᠪᠦᠷᠢ 4 ᠲᠡᠷᠭᠡ ᠬᠦᠳᠡᠯᠭᠡᠵᠦ᠂ ᠹᠧᠯᠲ ᠤᠨ ᠦᠨ᠎ᠡ ᠳᠠᠪᠤᠨ ᠲᠦᠬᠦᠷᠢᠭ᠂ ᠸᠧᠢ ᠪᠠᠩ | ᠱᠢ ᠵᠢᠢ ᠤᠷᠤᠨ ᠰᠠᠭᠤᠴᠠ ᠶᠢᠨ ᠲᠤᠭᠤᠷᠢᠭ ᠠᠴᠠ ᠡᠬᠢᠯᠡᠵᠦ᠂ ᠵᠠᠮ ᠳᠠᠭᠠᠨ ᠬᠤᠳᠠ ᠶᠢᠨ ᠨᠠᠮ ᠤᠨ ᠬᠤᠷᠢᠶ᠎ᠠ | ᠵᠠᠰᠠᠭ ᠤᠨ ᠤᠷᠳᠤᠨ — — ᠡᠮᠦᠨ᠎ᠡ ᠦᠷᠳᠡᠭᠡ — — ᠲᠦᠪ ᠠᠭᠤᠳᠠᠮ ᠳᠠᠯᠠᠪᠠᠢ — — ᠾᠧ | ᠢ ᠶᠦᠩ — — ᠬᠤᠸᠠᠩ ᠵᠢᠶᠠ ᠲᠤᠰᠬᠤᠨ — — ᠳ᠋ᠠ ᠾᠧ ᠸᠠᠨ ᠴᠠᠰᠤᠨ ᠳᠤ ᠭᠤᠯᠭᠤᠬᠤ ᠳᠠᠯᠠᠪᠠᠢ | — — ᠴᠠᠭᠠᠨ ᠠᠶᠢᠯ ᠴᠠᠰᠤᠨ ᠳᠤ ᠭᠤᠯᠭᠤᠬᠤ ᠳᠠᠯᠠᠪᠠᠢ — — ᠳ᠋ᠠ ᠱᠢ ᠬᠤᠤ — — ᠮᠠ | ᠯᠢᠶᠠᠨ ᠴᠢᠤᠢ — — ᠸᠧᠢ ᠳ᠋ᠦᠸᠧ ᠯᠢ ᠠᠭᠤᠳᠠᠮ ᠳᠠᠯᠠᠪᠠᠢ — — ᠲᠦᠪ ᠠᠭᠤᠳᠠᠮ ᠳᠠᠯᠠᠪᠠᠢ — | — ᠡᠮᠦᠨ᠎ᠡ ᠦᠷᠳᠡᠭᠡ — — ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠢᠶᠠᠷ ᠦᠩᠭᠡᠷᠡᠵᠦ᠂ | ᠡᠴᠦᠰ ᠤᠨ ᠦᠷᠳᠡᠭᠡ ᠨᠢ ᠸᠧᠢ ᠪᠠᠩ ᠱᠢ ᠵᠢᠢ ᠤᠷᠤᠨ ᠰᠠᠭᠤᠴᠠ ᠶᠢᠨ ᠲᠤᠭᠤᠷᠢᠭ ᠠᠴᠠ ᠳᠡᠷᠭᠡ ᠬᠦᠳᠡᠯᠬᠦ ᠴᠠᠭ ᠨᠢ | ᠄ 8᠄ 00᠂ 8᠄ 30᠂ 9᠄ 00᠂ 12᠄ 00᠂ 12᠄ 30᠂ 13᠄ 00᠂ | 13᠄ 30᠂ 15᠄ 30᠂ 16᠄ 30᠃ | ᠲᠤᠰ ᠱᠤᠭᠤᠮ ᠤᠨ ᠨᠡᠪᠳᠡᠷᠡᠭᠰᠡᠨ ᠨᠢ ᠴᠠᠭᠠᠨ ᠠᠶᠢᠯ᠂ ᠳ᠋ᠠ ᠾᠧ ᠸᠠᠨ ᠴᠠᠰᠤᠨ ᠳᠤ ᠭᠤᠯᠭᠤᠬᠤ | ᠳᠠᠯᠠᠪᠠᠢ ᠳᠤ ᠤᠴᠢᠬᠤ ᠬᠤᠳᠠ ᠶᠢᠨ ᠠᠷᠠᠳ ᠲᠤ ᠲᠦᠬᠦᠮ ᠦᠵᠡᠬᠦᠯᠦᠭᠰᠡᠨ ᠪᠦᠭᠡᠳ ᠡᠷᠬᠢᠨ ᠲᠤᠭᠤᠷᠢᠨ ᠤ | ᠲᠤᠰᠬᠤᠨ ᠤ ᠠᠷᠠᠳ ᠤᠨ ᠠᠰᠠᠭᠤᠳᠠᠯ ᠢ ᠰᠢᠢᠳᠪᠦᠷᠢᠯᠡᠵᠦ᠂ ᠬᠤᠳᠠ ᠬᠦᠳᠡᠭᠡ ᠶᠢ ᠨᠡᠪᠳᠡᠷᠡᠬᠦᠯᠵᠦ᠂ ᠨᠡᠶᠢᠳᠡ ᠶᠢᠨ | ᠵᠠᠮ ᠬᠠᠷᠢᠯᠴᠠᠭᠠᠨ ᠤ ᠪᠦᠷᠬᠦᠬᠦᠯᠳᠡ ᠶᠢᠨ ᠳᠠᠯᠠᠪᠠᠢ ᠶᠢ ᠦᠷᠭᠡᠳᠭᠡᠵᠦ᠂ ᠨᠡᠶᠢᠳᠡ ᠶᠢᠨ ᠵᠠᠮ ᠬᠠᠷᠢᠯᠴᠠᠭᠠᠨ ᠤ | ᠦᠢᠯᠡᠰ ᠤᠨ ᠦᠳᠳᠡᠷ ᠲᠦᠷᠭᠡᠨ ᠬᠦᠭᠵᠢᠯᠳᠡ ᠳᠤ ᠪᠠᠰᠠ ᠨᠢᠭᠡ ᠬᠤᠪᠢ ᠦᠩᠭᠡ ᠪᠤᠳᠤᠭ ᠨᠡᠮᠡᠷᠢᠯᠡᠭᠰᠡᠨ ᠪᠠᠶᠢᠨ᠎ᠠ᠃ | ᠰᠤᠷᠪᠤᠯᠵᠢᠯᠠᠭᠴᠢ᠄ ᠰᠠᠶᠢᠨ᠂ ᠰᠢᠤᠸᠠᠢ ᠲᠤᠭᠤᠷᠢᠭ ᠤᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢ | ᠬᠦᠯᠢᠶᠡᠨ ᠠᠪᠤᠭᠰᠠᠨ ᠳᠤ ᠨᠢ ᠳᠠᠯᠠᠷᠬᠠᠵᠤ ᠪᠠᠶᠢᠨ᠎ᠠ᠂ ᠦᠨᠦᠳᠦᠷ ᠤᠨ ᠰᠤᠷᠪᠤᠯᠵᠢᠯᠠᠭ᠎ᠠ ᠶᠠᠷᠢᠯᠴᠠᠭ᠎ᠠ ᠠᠳᠡ | ᠬᠦᠷᠦᠭᠡᠳ ᠦᠨᠳᠦᠷᠯᠡᠯ᠎ᠡ᠂ ᠡᠯ᠎ᠡ ᠰᠦᠯᠵᠢᠶᠡᠨ ᠨᠠᠶᠢᠵᠠ ᠨᠠᠷ ᠲᠠᠢ ᠳᠠᠷᠠᠭᠠᠴᠢ ᠪᠠᠷ ᠠᠭᠤᠯᠵᠠᠶ᠎ᠠ︕ | ᠨᠠᠶᠢᠷᠠᠭᠤᠯᠤᠭᠴᠢ᠄ ᠢᠷᠭᠤᠢ | ᠤᠷᠴᠢᠭᠤᠯᠤᠭᠴᠢ᠄ ᠬᠡᠷᠡᠯᠳᠦ | | |