ᠬᠤᠲᠠ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠭᠲᠠᠭᠠᠯᠲᠠ ᠳᠤ ᠴᠢᠭᠯᠡᠭᠦᠯᠦᠨ ᠠᠮᠤᠭᠤᠯᠠᠩ ᠤᠨ ᠪᠠᠶᠢᠭᠤᠯᠤᠯᠲᠠ ᠶᠢᠨ ᠦᠷᠭᠦᠯᠵᠢᠯᠡᠨ ᠳᠡᠰ ᠳᠠᠪᠰᠢᠬᠤ ᠶᠢ ᠬᠦᠴᠦᠯᠡᠨ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2019-04-14
ᠴᠠᠭ᠄ 2019 ᠤᠨ ᠤ 3 ᠰᠠᠷ᠎ᠠ ᠶᠢᠨ 26᠎ ᠤ ᠡᠳᠦᠷ ᠤᠨ 9 ᠴᠠᠭ ᠰᠤᠷᠪᠤᠯᠵᠢᠯᠠᠭ᠎ᠠ ᠬᠦᠯᠢᠶᠡᠭᠴᠢ᠄ ᠤᠯᠠᠭᠠᠨᠴᠠᠪ ᠬᠤᠲᠠ ᠶᠢᠨ ᠬᠤᠳᠠ ᠶᠢᠨ ᠳᠡᠳ᠋ ᠳᠠᠷᠤᠭ᠎ᠠ᠂ ᠬᠤᠲᠠ ᠶᠢᠨ ᠳᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠤᠪᠴᠢᠶᠠᠨ ᠳᠠᠷᠤᠭ᠎ᠠ ᠬᠤᠩ ᠴᠧᠩ ᠬᠤᠤ      ᠰᠤᠷᠪᠤᠯᠵᠢᠯᠠᠭᠴᠢ᠄ ᠤᠯᠠᠨ ᠢᠶᠠᠷ ᠢᠶᠠᠨ ᠰᠠᠶᠢᠨ ᠪᠠᠶᠢᠨᠤ᠂ ᠤᠯᠠᠭᠠᠨᠴᠠᠪ ᠬᠤᠲᠠ ᠶᠢᠨ ᠵᠠᠰᠠᠭ ᠤᠨ ᠤᠷᠳᠤᠨ ᠤ ᠳᠡᠳ᠋ ᠳᠠᠷᠤᠭ᠎ᠠ᠂ ᠳᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠤᠪᠴᠢᠶᠠᠨ ᠳᠠᠷᠤᠭ᠎ᠠ ᠬᠤᠩ ᠴᠧᠩ ᠬᠤᠤ ᠶᠢ ᠪᠠᠶᠠᠷᠯᠠᠨ ᠤᠭᠲᠤᠵᠦ ᠪᠠᠶᠢᠨ᠎ᠠ᠃ ᠬᠤᠩ ᠬᠤᠲᠠ ᠶᠢᠨ ᠳᠠᠷᠤᠭ᠎ᠠ ᠲᠠ ᠰᠠᠶᠢᠨ ᠤᠤ ︖ ᠲᠠ 2019 ᠤᠨ ᠤ ᠪᠦᠬᠦ ᠬᠤᠲᠠ ᠶᠢᠨ ᠳᠤᠲᠤᠭᠠᠲᠤ ᠶᠢ ᠬᠠᠮᠠᠭᠠᠯᠠᠬᠤ ᠠᠵᠢᠯ ᠤᠨ ᠶᠡᠷᠦᠩᠬᠡᠢ ᠰᠡᠳᠬᠢᠴᠠ ᠪᠠᠨ ᠶᠠᠷᠢᠭᠠᠳ ᠦᠭᠬᠦ ᠪᠤᠯᠪᠠᠤ︖      ᠬᠤᠩ ᠴᠧᠩ ᠬᠤᠤ᠄ 2018 ᠤᠨ ᠠᠴᠠ ᠨᠠᠰᠢ᠂ ᠤᠯᠠᠭᠠᠨᠴᠠᠪ ᠬᠤᠲᠠ ᠶᠢᠨ ᠳᠤᠲᠤᠭᠠᠲᠤ ᠶᠢ ᠬᠠᠮᠠᠭᠠᠯᠠᠬᠤ ᠲᠤᠪᠴᠢᠶᠠᠨ ᠠᠴᠠ ᠦᠪᠡᠷᠲᠡᠭᠡᠨ ᠵᠠᠰᠠᠬᠤ ᠤᠷᠤᠨ ᠤ ᠳᠤᠲᠤᠭᠠᠲᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ︽ᠲᠦᠷᠢᠮᠵᠢᠯᠲᠠ᠂ ᠤᠶᠤᠨᠵᠢᠯᠲᠠ᠂ ᠨᠠᠷᠢᠯᠢᠭᠵᠢᠯᠲᠠ᠂ ᠦᠨᠳᠦᠷ ᠶᠠᠰᠤ ᠴᠢᠨᠠᠷ︾᠎ ᠤᠨ ᠰᠢᠨ᠎ᠠ ᠰᠡᠳᠬᠢᠴᠠ ᠰᠢᠨ᠎ᠡ ᠪᠠᠷᠢᠮᠵᠢᠶ᠎ᠠ ᠰᠢᠨ᠎ᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠢᠯᠠᠩᠭᠤᠶ᠎ᠠ ᠬᠡᠪ ᠴᠢᠨᠠᠷ ᠤᠨ ︽ᠲᠤᠮᠤ ᠳᠡᠭᠡᠭᠰᠢᠯᠡᠯᠲᠡ︾᠎ ᠶᠢ ᠴᠢᠩᠭᠠᠳᠬᠠᠵᠦ᠂ ᠤᠪᠤᠷ ᠰᠤᠷᠲᠠᠯ ᠤᠨ ︽ᠲᠤᠮᠤ ᠵᠢᠭᠰᠠᠭᠠᠨ ᠪᠠᠶᠢᠴᠠᠭᠠᠯᠲᠠ︾᠎ ᠶᠢ ᠭᠦᠨᠵᠡᠭᠡᠶᠢᠷᠡᠭᠦᠯᠬᠦ᠂ ᠲᠤᠭᠲᠠᠴᠠ ᠶᠢᠨ ︽ᠲᠤᠮᠤ ᠰᠢᠨᠡᠴᠢᠯᠠᠯᠲᠠ︾᠎ ᠶᠢ ᠲᠦᠯᠬᠢᠨ ᠠᠬᠢᠭᠤᠯᠬᠤ᠂ ᠠᠵᠢᠯ ᠤᠨ ︽ᠲᠤᠮᠤ ᠨᠠᠶᠢᠳᠠᠪᠤᠷᠢᠵᠢᠭᠤᠯᠤᠯᠲᠠ︾᠎ ᠶᠢ ᠴᠢᠩᠭ᠎ᠠ ᠠᠳᠬᠤᠬᠤ᠂ ᠠᠵᠢᠯ ᠦᠢᠯᠡᠰ ᠤᠨ ︽ᠲᠤᠮᠤ ᠬᠦᠭᠵᠢᠯᠲᠠ︾᠎ ᠶᠢ ᠪᠡᠶᠡᠯᠡᠬᠦᠯᠬᠦ ᠠᠵᠢᠯ ᠤᠨ ᠶᠡᠷᠦᠩᠬᠡᠢ ᠰᠡᠳᠬᠢᠴᠡ ᠶᠤᠰᠤᠭᠠᠷ ᠬᠢᠭᠰᠡᠨ ᠪᠠᠶᠢᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠳᠤᠲᠤᠭᠠᠳᠦ ᠶᠢ ᠬᠠᠮᠠᠭᠠᠯᠠᠬᠤ ᠲᠤᠪᠴᠢᠶ᠎ᠡ ᠨᠡᠶᠢᠰᠯᠡᠯ ᠤᠨ ︽ᠬᠤᠲᠠ ᠬᠠᠮᠠᠭᠠᠯᠠᠬᠤ ᠭᠤᠤᠯ︾᠂ ᠨᠡᠶᠢᠰᠯᠡᠯ ᠤᠨ ︽ᠴᠢᠬᠤᠯᠠ ᠬᠦᠬᠦᠷᠭᠡᠨ ᠤ ᠪᠠᠬᠢᠯᠡᠯᠲᠠ︾ ᠪᠤᠯᠬᠤ ᠡᠷᠭᠡ ᠲᠤᠰᠢᠶᠠᠯ ᠤᠨ ᠪᠠᠶᠢᠷᠢ ᠲᠤᠭᠲᠠᠭᠠᠯᠲᠠ ᠪᠠᠨ ᠪᠠᠲᠤᠳᠬᠠᠵᠦ᠂ ᠰᠢᠨ᠎ᠡ ᠴᠠᠭ ᠦᠶ᠎ᠡ ᠰᠢᠨ᠎ᠠ ᠪᠠᠶᠢᠳᠠᠯ ᠠᠴᠠ ᠪᠦᠬᠦ ᠬᠤᠲᠠ ᠶᠢᠨ ᠳᠤᠲᠤᠭᠠᠲᠦ ᠶᠢ ᠬᠠᠮᠠᠭᠠᠯᠠᠬᠤ ᠠᠵᠢᠯ ᠳᠤ ᠳᠤᠷᠠᠳᠤᠭᠰᠠᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠢᠴᠡᠳ ᠲᠠᠨᠢᠵᠦ᠂ ᠬᠡᠷᠡᠭ ᠪᠠᠭ᠎ᠠ ᠭᠠᠷᠬᠤ᠂ ᠡᠮᠬᠢ ᠵᠢᠷᠤᠮ ᠢᠶᠠᠷ ᠰᠠᠶᠢᠨ᠂ ᠨᠡᠶᠢᠭᠡᠮ ᠲᠤᠭᠲᠠᠭᠤᠨ᠂ ᠤᠯᠠᠨ ᠲᠦᠮᠡᠨ ᠬᠠᠨᠤᠮᠵᠢᠲᠠᠢ ᠪᠤᠯᠤᠭᠰᠠᠨ ᠠᠮᠤᠷ ᠠᠮᠤᠭᠤᠯᠠᠩ ᠤᠯᠠᠭᠠᠨᠴᠠᠪ ᠤᠨ ︽ᠳᠡᠰ ᠳᠠᠪᠰᠢᠭᠰᠠᠨ ᠰᠢᠨ᠎ᠠ ᠬᠡᠪ︾᠎ ᠢ ᠪᠦᠬᠦ ᠬᠦᠴᠦ ᠪᠠᠷ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠤᠯᠭᠠᠵᠦ᠂ ︽ᠰᠤᠷᠤᠯᠴᠠᠯᠭ᠎ᠠ᠂ ᠲᠤᠬᠠᠶᠢᠯᠠᠭᠰᠠᠨ ᠠᠵᠢᠯ᠂ ᠵᠤᠷᠰᠢᠯ᠂ ᠡᠳᠦᠷ ᠳᠤᠲᠤᠮ᠂ ᠴᠢᠳᠠᠪᠤᠷᠢ᠂ ᠦᠢᠯᠡᠳᠦᠯᠭᠡ᠂ ᠰᠠᠬᠢᠯᠭ᠎ᠠ ᠪᠠᠲᠤ᠂ ᠤᠪᠤᠷ ᠰᠤᠷᠲᠠᠯ᠂ ᠬᠢᠯᠠᠰ ᠴᠡᠭ᠂ ᠲᠦᠷᠦᠯ ᠲᠡᠮᠳᠡᠭ ᠢ ᠠᠳᠬᠤᠬᠤ︾ ᠠᠷᠪᠠᠨ ᠵᠦᠢᠯ ᠤᠨ ᠠᠵᠢᠯ ᠤᠨ ᠲᠠᠯ᠎ᠠ ᠪᠠᠷ᠂ ᠲᠡᠮᠦᠷ ᠢ ᠪᠠᠷᠢᠪᠠᠯ ᠤᠷᠤ ᠦᠯᠡᠳᠡᠭᠡᠵᠦ᠂ ᠦᠨᠡᠨᠬᠦ ᠠᠳᠬᠤᠵᠦ ᠪᠤᠳᠠᠲᠠᠢ ᠬᠢᠵᠦ᠂ ᠴᠢᠩᠭ᠎ᠠ ᠬᠦᠴᠦᠯᠡᠵᠦ᠂ ᠵᠢᠩᠬᠢᠨᠢ ᠬᠦᠴᠦᠯᠡᠵᠦ᠂ ᠪᠦᠬᠦ ᠬᠤᠲᠠ ᠶᠢᠨ ᠳᠤᠲᠤᠭᠠᠲᠦ ᠶᠢ ᠬᠠᠮᠠᠭᠠᠯᠠᠬᠤ ᠪᠠᠶᠢᠭᠤᠯᠭ᠎ᠠ ᠪᠠ ᠦᠷᠭᠡᠨ ᠤᠯᠠᠨ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠶᠢᠨ ᠵᠠᠮ ᠨᠡᠬᠡᠭᠡᠵᠦ ᠰᠢᠨ᠎ᠡ ᠶᠢ ᠡᠭᠦᠳᠬᠦ᠂ ᠲᠡᠷᠢᠭᠦᠨ ᠤ ᠬᠢ ᠪᠤᠯᠬᠤ ᠪᠠᠷ ᠴᠠᠷᠮᠠᠶᠢᠬᠤ ᠠᠮᠢᠵᠢᠷᠠᠯ ᠤᠨ ᠬᠦᠴᠦᠨ ᠪᠤᠯᠤᠨ ᠬᠦᠳᠡᠯᠭᠡᠬᠦ ᠬᠦᠴᠦᠨ ᠢ ᠨᠢ ᠲᠦᠢᠯ ᠤᠨ ᠶᠡᠬᠡᠪᠡᠷ ᠬᠦᠭᠵᠢᠭᠡᠭᠰᠡᠨ ᠪᠠᠶᠢᠨ᠎ᠠ᠃      2019 ᠤᠨ ᠤ 2 ᠰᠠᠷ᠎ᠠ ᠶᠢᠨ 2᠎ ᠤ ᠡᠳᠦᠷ᠂ ᠪᠢᠳᠡ ᠪᠦᠬᠦ ᠬᠤᠲᠠ ᠶᠢᠨ ᠳᠤᠲᠤᠭᠠᠳᠤ ᠶᠢ ᠬᠠᠮᠠᠭᠠᠯᠠᠬᠤ ᠠᠵᠢᠯ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠲᠦᠪ ᠤᠨ ᠤᠯᠤᠰ ᠲᠦᠷᠦ ᠬᠠᠥᠯᠢ ᠴᠠᠭᠠᠵᠠ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠪᠦᠬᠦ ᠤᠯᠤᠰ ᠤᠨ ᠳᠤᠲᠤᠭᠠᠲᠤ ᠶᠢ ᠬᠠᠮᠠᠭᠠᠯᠠᠬᠤ ᠲᠢᠩᠬᠢᠮ ᠲᠤᠪᠴᠢᠶᠠᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭ᠎ᠠ ᠪᠤᠯᠤᠨ ᠪᠦᠬᠦ ᠤᠷᠤᠨ ᠤ ᠳᠤᠲᠤᠭᠠᠲᠤ ᠶᠢ ᠬᠠᠮᠠᠭᠠᠯᠠᠬᠤ ᠲᠤᠪᠴᠢᠶᠠᠨ ᠳᠠᠷᠤᠭ᠎ᠠ ᠨᠠᠷ ᠤᠨ ᠬᠤᠷᠠᠯ ᠤᠨ ᠵᠤᠷᠢᠭ ᠰᠠᠨᠠᠭᠠᠨ ᠤ ᠨᠢᠭᠲᠠ ᠲᠤᠭᠤᠷᠢᠨ ᠳᠤ᠂ ᠪᠦᠬᠦ ᠵᠢᠯ ᠤᠨ ᠪᠦᠬᠦ ᠬᠤᠲᠠ ᠶᠢᠨ ᠳᠤᠲᠤᠭᠠᠲᠤ ᠶᠢ ᠬᠠᠮᠠᠭᠠᠯᠠᠬᠤ ᠠᠵᠢᠯ ᠢᠶᠠᠨ ᠪᠦᠬᠦ ᠲᠠᠯ᠎ᠠ ᠪᠠᠷ ᠨᠠᠷᠢᠨ ᠨᠢᠭᠲᠠ ᠲᠤᠬᠢᠷᠠᠭᠤᠯᠵᠤ᠂ ᠰᠡᠳᠬᠢᠴᠡ ᠲᠤᠳᠤ ᠳᠤᠳᠤᠷᠠᠭᠤᠨ᠂ ᠭᠤᠤᠯᠳᠠᠯᠭ᠎ᠠ ᠲᠤᠳᠤᠷᠬᠠᠢ᠂ ᠠᠷᠭ᠎ᠠ ᠪᠠᠷᠢᠯ ᠬᠦᠴᠦᠨ ᠲᠠᠢ ᠬᠡᠷᠡᠭᠵᠢᠭᠦᠯᠦᠯᠲᠦ ᠴᠢᠨᠠᠷ ᠢᠶᠠᠷ ᠲᠦᠢᠯ ᠤᠨ ᠴᠢᠩᠭ᠎ᠠ ᠪᠤᠯᠬᠤᠷ ᠤᠯᠠᠭᠠᠨᠴᠠᠪ ᠬᠤᠲᠠ ᠶᠢᠨ ᠡᠯ᠎ᠡ ᠱᠠᠲᠤᠨ ᠤ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠳᠠᠷᠠᠭᠠᠴᠢ ᠶᠢᠨ ᠠᠵᠢᠯ ᠳᠤ ᠠᠵᠢᠯ ᠤᠨ ᠴᠢᠬᠤᠯᠠ ᠵᠦᠭᠯᠡᠬᠦᠷ ᠤᠯᠭᠤᠭᠰᠠᠨ ᠪᠠᠶᠢᠨ᠎ᠠ᠃ ᠪᠦᠬᠦ ᠬᠤᠳᠠ ᠶᠢᠨ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ︽ᠳᠤᠳᠠᠭᠤᠳᠠᠯ ᠢᠶᠠᠨ ᠡᠷᠢᠬᠦ᠂ ᠶᠤᠰᠤ ᠲᠦᠷᠢᠮ ᠳᠤᠭᠳᠠᠭᠠᠬᠤ᠂ ᠰᠠᠭᠤᠷᠢ ᠶᠢ ᠪᠠᠬᠢᠯᠡᠬᠦ᠂ ᠬᠡᠪ ᠴᠢᠨᠠᠷ ᠢ ᠳᠡᠭᠡᠭᠰᠢᠯᠡᠬᠦᠯᠬᠦ᠂ ᠲᠦᠷᠦᠯ ᠳᠡᠮᠳᠡᠭ ᠢ ᠡᠬᠦᠳᠬᠦ︾ ᠡᠯ᠎ᠡ ᠲᠦᠷᠦᠯ ᠤᠨ ᠪᠤᠳᠠᠳᠠᠢ ᠠᠷᠭ᠎ᠠ ᠪᠠᠷᠢᠯ ᠢ ᠦᠷᠬᠦᠯᠵᠢᠯᠡᠨ ᠬᠦᠨᠵᠡᠭᠡᠶᠢᠷᠡᠬᠦᠯᠵᠦ᠂ ︽ᠬᠢᠬᠦ ᠶᠢ ᠪᠤᠳᠤᠭᠰᠠᠨ᠂ ᠵᠤᠷᠢᠭᠳᠠᠢ ᠬᠢᠭᠰᠡᠨ᠂ ᠬᠢᠵᠦ ᠴᠢᠳᠠᠭᠰᠠᠨ᠂ ᠬᠢᠵᠦ ᠪᠦᠲᠦᠭᠡᠭᠰᠡᠨ᠂ ᠰᠠᠶᠢᠨ ᠬᠢᠭᠰᠡᠨ︾ ᠦᠢᠯᠡᠰ ᠡᠷᠬᠢᠯᠡᠵᠦ ᠠᠳᠠᠯ ᠪᠤᠰᠬᠠᠬᠤ ᠤᠷᠴᠢᠨ ᠠᠬᠤᠢ ᠶᠢ ᠪᠦᠬᠦ ᠳᠠᠯ᠎ᠠ ᠪᠠᠷ ᠪᠤᠢ ᠪᠤᠯᠭᠠᠵᠤ᠂ ︽ᠰᠠᠬᠢᠯᠭ᠎ᠠ ᠪᠠᠳᠤ ᠲᠠᠢ᠂ ᠠᠪᠢᠶᠠᠰ ᠴᠢᠳᠠᠪᠤᠷᠢ ᠲᠠᠢ᠂ ᠤᠮᠤᠭ ᠵᠤᠷᠢᠭᠳᠠᠢ᠂ ᠤᠷᠬᠢᠯᠤᠮ᠎ᠠ ᠰᠡᠳᠬᠢᠯᠭᠡ ᠲᠠᠢ︾ ᠳᠤᠳᠤᠭᠠᠳᠤ ᠶᠢ ᠬᠠᠮᠠᠭᠠᠯᠠᠬᠤ ᠡᠩᠨᠡᠭᠡ ᠶᠢ ᠶᠡᠬᠡᠪᠡᠷ ᠪᠦᠲᠦᠭᠡᠵᠦ᠂ ᠠᠮᠤᠷ ᠲᠤᠭᠳᠠᠭᠤᠨ ᠢ ᠬᠠᠮᠠᠭᠠᠯᠠᠬᠤ᠂ ᠨᠡᠶᠢᠭᠡᠮ ᠤᠨ ᠬᠤᠷᠢᠭᠯᠠᠨ ᠰᠡᠷᠭᠡᠶᠢᠯᠡᠯᠳᠡ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ᠂ ᠦᠨᠳᠦᠰᠦᠨ ᠱᠠᠳᠤᠨ ᠤ ᠰᠠᠭᠤᠷᠢ᠂ ᠤᠶᠤᠨᠳᠤ ᠳᠤᠳᠤᠭᠠᠳᠤ ᠶᠢ ᠬᠠᠮᠠᠭᠠᠯᠠᠬᠤ᠂ ᠡᠩᠨᠡᠭᠡᠨ ᠤ ᠪᠠᠶᠢᠭᠤᠯᠤᠯᠳᠠ ᠵᠡᠷᠭᠡ ᠡᠯ᠎ᠡ ᠵᠦᠢᠯ ᠤᠨ ᠠᠵᠢᠯ ᠢ ᠦᠷᠬᠦᠯᠵᠢᠯᠡᠨ ᠬᠦᠨᠵᠡᠭᠡᠢ ᠲᠦᠯᠬᠢᠨ ᠠᠬᠢᠭᠤᠯᠵᠤ᠂ ᠪᠦᠬᠦ ᠬᠤᠳᠠ ᠶᠢᠨ ᠨᠡᠶᠢᠭᠡᠮ ᠤᠨ ᠳᠤᠮᠤ ᠪᠠᠶᠢᠳᠠᠯ ᠤᠨ ᠦᠷᠬᠦᠯᠵᠢᠯᠡᠨ ᠠᠮᠤᠷ ᠳᠤᠭᠳᠠᠭᠤᠨ ᠪᠠᠶᠢᠬᠤ ᠶᠢ ᠦᠨᠡᠨᠬᠦ ᠪᠠᠳᠤᠯᠠᠵᠤ᠂ ᠠᠮᠤᠷ ᠠᠮᠤᠭᠤᠯᠠᠩ ᠢ ᠬᠠᠮᠠᠭᠠᠯᠠᠭᠰᠠᠨ ᠰᠢᠯᠢᠳᠡᠭ ᠠᠮᠵᠢᠯᠳᠠ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠨ᠎ᠡ᠃      ᠰᠤᠷᠪᠤᠯᠵᠢᠯᠠᠭᠴᠢ᠄ ᠤᠯᠠᠭᠠᠨᠴᠠᠪ ᠬᠤᠳᠠ ᠶᠢᠨ ᠳᠤᠳᠤᠭᠠᠳᠤ ᠶᠢ ᠬᠠᠮᠠᠭᠠᠯᠠᠬᠤ ᠳᠤᠪᠴᠢᠶ᠎ᠠ 2019 ᠤᠨ ᠳᠤ ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠤᠨ ᠳᠠᠯ᠎ᠠ ᠪᠠᠷ ᠶᠠᠮᠠᠷ ᠰᠦᠪᠡᠭᠴᠢᠯᠡᠯᠳᠡ ᠬᠢᠬᠦ ᠪᠤᠢ︖      ᠬᠤᠩ ᠴᠧᠩ ᠬᠤᠤ᠄ ᠪᠦᠬᠦ ᠬᠤᠳᠠ ᠶᠢᠨ ᠡᠯ᠎ᠡ ᠱᠠᠲᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠦᠷᠭᠡᠨ ᠤᠯᠠᠨ ᠳᠤᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠰᠢᠢᠳᠪᠦᠷᠢᠳᠦ ᠳᠠᠶᠢᠯᠠᠯᠳᠤᠭᠠᠨ ᠳᠤ ᠰᠢᠢᠳᠪᠦᠷᠢᠳᠦ ᠢᠯᠠᠯᠳᠠ ᠤᠯᠬᠤ ᠰᠢᠢᠳᠪᠦᠷᠢ ᠵᠤᠷᠢᠭ ᠢᠶᠠᠨ ᠪᠠᠳᠤᠳᠬᠠᠵᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠢ ᠳᠤᠳᠤᠭᠰᠢ ᠬᠦᠭᠵᠢᠬᠦᠯᠬᠦ ᠶᠢ ᠪᠦᠬᠦ ᠬᠦᠴᠦᠨ ᠢᠶᠠᠷ ᠳᠦᠯᠬᠢᠨ ᠠᠬᠢᠭᠤᠯᠤᠨ᠎ᠠ᠃ ᠭᠤᠷᠪᠠᠨ ᠵᠢᠯ ᠤᠨ ᠬᠠᠷᠠᠯᠳᠠ ᠶᠢᠨ ᠨᠢᠭᠳᠠ ᠳᠤᠭᠤᠷᠢᠨ ᠳᠤ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠳᠡᠮᠡᠴᠡᠯ ᠤᠨ ᠵᠠᠩᠬᠢᠯᠠᠭ᠎ᠠ ᠶᠢᠨ ᠵᠢᠯ ᠳᠤ ᠰᠠᠭᠤᠷᠢᠯᠠᠵᠤ᠂ ᠱᠠᠳᠤᠴᠢ ᠴᠢᠨᠠᠷᠳᠠᠢ ᠴᠤᠬᠢᠯᠳᠠ ᠦᠭᠭᠦ ᠶᠢ ᠳᠤᠪᠤᠶᠢᠯᠭᠠᠨ᠎ᠠ᠃ ᠭᠤᠤᠯᠳᠠᠯᠭ᠎ᠠ ᠲᠠᠢ ᠭᠠᠵᠠᠷ ᠤᠷᠤᠨ᠂ ᠰᠢᠨ᠎ᠡ ᠮᠠᠶ᠋ᠢᠭ ᠤᠨ ᠬᠦᠷᠢᠶ᠎ᠡ ᠴᠠᠷᠠᠭ᠎ᠠ ᠦᠭᠡᠳᠡ ᠴᠢᠨᠠᠭᠰᠢᠳᠠ ᠰᠤᠩᠭᠠᠨ᠎ᠠ᠃ ᠬᠠᠤᠯᠢ ᠶᠤᠰᠤᠭᠠᠷ ᠵᠠᠯᠬᠠᠭᠠᠨ ᠵᠠᠰᠠᠬᠤ᠂ ᠲᠦᠷᠭᠡᠨ ᠵᠠᠭᠠᠯᠳᠤᠵᠤ ᠲᠦᠷᠭᠡᠨ ᠰᠢᠬᠦᠨ ᠳᠠᠰᠤᠯᠬᠤ ᠳᠡᠰᠢ ᠴᠢᠨᠠᠭᠰᠢᠳᠠ ᠰᠤᠩᠭᠠᠨ᠎ᠠ᠂ ᠶᠡᠷᠦᠩᠭᠡᠶᠢᠯᠡᠨ ᠵᠠᠰᠠᠬᠤ᠂ ᠦᠨᠳᠦᠰᠦ ᠶᠢ ᠪᠠᠬᠢᠯᠡᠵᠦ ᠰᠠᠭᠤᠷᠢ ᠶᠢ ᠴᠢᠩᠭᠠᠷᠠᠭᠤᠯᠬᠤ ᠳᠡᠰᠢ ᠰᠤᠩᠭᠠᠨ᠎ᠠ᠂ ᠰᠢᠨ᠎ᠡ ᠨᠢᠭᠡᠨ ᠡᠭᠡᠯᠵᠢ ᠶᠢᠨ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠠᠮᠠᠭᠠᠯᠠᠭᠴᠢ ᠳᠤ ᠴᠤᠬᠢᠯᠳᠠ ᠦᠭᠴᠦ ᠰᠠᠭᠤᠷᠢ ᠶᠢ ᠬᠤᠰᠤᠵᠤ ᠬᠠᠶᠠᠬᠤ︾ ᠲᠤᠰᠬᠠᠢ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠡᠨᠡᠬᠦ ᠤᠳᠠᠭᠠᠨ ᠤ ᠠᠷᠠᠳ ᠤᠨ ᠳᠠᠶᠢᠨ ᠢ ᠡᠷᠡᠰ ᠰᠢᠭᠤᠷᠬᠠᠢ ᠰᠠᠶᠢᠳᠤᠷ ᠬᠢᠵᠦ ᠢᠯᠠᠯᠳᠠ ᠤᠯᠤᠨ᠎ᠠ᠃      ᠪᠦᠬᠦ ᠬᠤᠳᠠ ᠶᠢᠨ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠪᠠᠷ ᠳᠤᠯᠤᠭᠠᠶᠢᠯᠠᠭᠤᠯᠵᠤ᠂ ᠨᠡᠶᠢᠭᠡᠮ ᠤᠨ ᠵᠠᠰᠠᠯᠳᠠ ᠶᠢᠨ ᠬᠦᠴᠦᠨ ᠴᠢᠳᠠᠪᠤᠷᠢ ᠶᠢ ᠬᠦᠢᠴᠡᠳ ᠳᠡᠭᠡᠭᠰᠢᠯᠡᠬᠦᠯᠵᠦ᠂ ᠠᠮᠤᠷ ᠠᠮᠤᠭᠤᠯᠠᠩ ᠤᠨ ᠨᠡᠩ ᠦᠨᠳᠦᠷ ᠳᠡᠰ ᠳᠠᠪᠬᠤᠷᠭ᠎ᠠ ᠶᠢᠨ ᠪᠠᠶᠢᠭᠤᠯᠤᠯᠳᠠ ᠶᠢ ᠶᠠᠪᠤᠭᠳᠠᠭᠤᠯᠤᠨ᠎ᠠ᠃ ᠲᠦᠷᠪᠡᠨ ︽ᠬᠡᠷᠡᠭᠳᠡᠢ︾᠎ ᠶᠢᠨ ᠲᠤᠭᠤᠷᠢᠨ ᠳᠤ᠂ ᠨᠡᠶᠢᠭᠡᠮ ᠤᠨ ᠵᠠᠰᠠᠯᠳᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠬᠦᠯᠦᠨ᠎ᠡ᠂ ᠳᠠᠷᠤᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠤᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠬᠦᠯᠵᠦ᠂ ᠭᠤᠤᠯ ᠬᠦᠴᠦᠨ ᠴᠡᠷᠢᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠮᠤᠷ ᠠᠮᠤᠭᠤᠯᠠᠩ ᠤᠨ ᠰᠢᠨ᠎ᠡ ᠨᠢᠭᠡᠨ ᠡᠭᠡᠯᠵᠢ ᠶᠢᠨ ᠪᠠᠶᠢᠭᠤᠯᠤᠯᠳᠠ ᠳᠤ ᠭᠠᠷᠭᠠᠪᠠᠰᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ︔ ᠵᠤᠷᠰᠢᠭᠰᠠᠨ ᠴᠤᠬᠢᠯᠳᠠ ᠦᠭᠭᠦ ᠴᠡᠭᠴᠡᠯᠡᠨ ᠵᠠᠰᠠᠬᠤ ᠳᠤᠭᠳᠠᠴᠠ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠴᠤᠬᠢᠯᠳᠠ ᠦᠭᠭᠦ ᠴᠡᠭᠴᠡᠯᠡᠨ ᠵᠠᠰᠠᠬᠤ ᠲᠤᠰᠬᠠᠢ ᠳᠡᠮᠡᠴᠡᠯ ᠢ ᠬᠦᠨᠵᠡᠭᠡᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠬᠠᠤᠯᠢ ᠵᠦᠷᠢᠴᠡᠭᠰᠡᠨ ᠳᠤᠪᠤᠶᠢᠮ᠎ᠠ ᠶᠠᠯᠠᠳᠤ ᠠᠵᠢᠯᠯᠠᠭ᠎ᠠ ᠳᠤ ᠬᠦᠴᠦᠳᠡᠢ ᠴᠤᠬᠢᠯᠳᠠ ᠦᠭᠭᠦ ᠬᠡᠷᠡᠭᠳᠡᠢ︔ ︽ᠰᠢᠨ᠎ᠡ ᠴᠠᠭ ᠦᠶ᠎ᠡ ᠶᠢᠨ ᠹᠧᠩ ᠴᠢᠶᠤᠤ ᠶᠢᠨ ᠲᠤᠷᠰᠢᠯᠭ᠎ᠠ︾᠎ ᠪᠠᠷ ᠤᠯᠠᠨ ᠲᠦᠮᠡᠨ ᠤ ᠠᠵᠢᠯ ᠢ ᠰᠠᠶᠢᠨ ᠬᠢᠬᠦ᠂ ᠵᠦᠷᠢᠴᠡᠯ ᠵᠢᠭᠤᠷᠠᠯᠳᠤᠭᠠᠨ ᠢ ᠡᠶᠡᠳᠡᠬᠦᠯᠬᠦ ︽ᠡᠷᠳᠡᠨᠢ︾ ᠪᠤᠯᠭᠠᠵᠤ᠂ ᠬᠠᠮᠳᠤᠷᠠᠭᠰᠠᠨ ᠲᠤᠬᠢᠷᠠᠭᠤᠯᠤᠨ ᠰᠢᠢᠳᠪᠦᠷᠢᠯᠡᠬᠦ ᠲᠤᠭᠳᠠᠴᠠ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠵᠦᠷᠢᠴᠡᠯ ᠵᠢᠭᠤᠷᠠᠯᠳᠤᠭᠠᠨ ᠢ ᠬᠠᠮᠤᠭ ᠶᠡᠭᠡ ᠬᠡᠮᠵᠢᠶ᠎ᠡ ᠪᠠᠷ ᠲᠤᠰ ᠭᠠᠵᠠᠷ ᠲᠤ ᠨᠢ ᠰᠢᠢᠳᠪᠦᠷᠢᠯᠡᠵᠦ᠂ ᠦᠨᠳᠦᠰᠦᠨ ᠱᠠᠳᠤᠨ ᠳᠤ ᠨᠢ ᠰᠢᠢᠳᠪᠦᠷᠢᠯᠡᠵᠦ᠂ ᠴᠤᠬᠤᠶᠢᠬᠤ ᠪᠠᠶᠢᠳᠠᠯ ᠳᠤ ᠨᠢ ᠰᠢᠢᠳᠪᠦᠷᠢᠯᠡᠬᠦ ᠬᠡᠷᠡᠭᠳᠡᠢ︔ ᠠᠶᠤᠯᠬᠦᠢ ᠪᠠᠷ ᠬᠦᠭᠵᠢᠬᠦᠯᠬᠦ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠬᠤᠷᠢᠭᠯᠠᠯᠳᠠ ᠶᠢᠨ ᠰᠢᠰᠲ᠋ᠧᠮᠵᠢ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠠᠶᠤᠯᠳᠠᠢ ᠳᠡᠯᠪᠡᠷᠡᠬᠦ ᠡᠳ᠋ ᠪᠤᠳᠠᠰ ᠤᠨ ᠬᠠᠮᠢᠶᠠᠷᠤᠯᠳᠠ ᠡᠵᠡᠮᠰᠢᠯ ᠢᠶᠠᠨ ᠴᠢᠩᠭᠠᠷᠠᠭᠤᠯᠵᠤ᠂ ᠬᠢᠨᠠᠨ ᠬᠠᠮᠢᠶᠠᠷᠤᠭᠳᠠᠬᠤ ᠭᠠᠵᠠᠷ ᠳᠠᠯᠠᠪᠠᠢ ᠶᠢᠨ ᠬᠠᠮᠢᠶᠠᠷᠤᠯᠳᠠ ᠪᠠᠨ ᠴᠢᠩᠭᠠᠯᠠᠵᠤ᠂ ᠡᠯ᠎ᠡ ᠲᠦᠷᠦᠯ ᠤᠨ ᠠᠶᠤᠯᠬᠦᠢ ᠶᠢᠨ ᠳᠠᠯᠳᠠ ᠬᠡᠮ ᠢ ᠴᠠᠭ ᠲᠤᠬᠠᠢ ᠳᠤ ᠨᠢ ᠢᠯᠡᠷᠡᠬᠦᠯᠵᠦ᠂ ᠠᠷᠢᠯᠭᠠᠵᠤ᠂ ᠡᠯ᠎ᠡ ᠵᠦᠢᠯ ᠤᠨ ᠠᠰᠠᠭᠤᠳᠠᠯ ᠦᠯᠦ ᠢᠯᠡᠷᠡᠬᠦ ᠶᠢ ᠦᠨᠡᠨᠬᠦ ᠪᠠᠳᠤᠯᠬᠠᠤ ᠬᠡᠷᠡᠭᠳᠡᠢ᠃      ᠰᠤᠷᠪᠤᠯᠵᠢᠯᠠᠭᠴᠢ᠄ ᠲᠠ ᠦᠨᠦ ᠵᠢᠯ ᠤᠨ ᠪᠦᠬᠦ ᠬᠤᠳᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨᠵᠢᠯᠡᠭᠡᠨ ᠮᠡᠷᠭᠡᠵᠢᠯ ᠢᠶᠠᠷ ᠴᠠᠭᠳᠠᠭ᠎ᠠ ᠶᠢ ᠬᠦᠴᠦᠷᠭᠡᠭᠵᠢᠬᠦᠯᠬᠦ ᠪᠠ ᠬᠠᠤᠯᠢ ᠬᠡᠷᠡᠭᠵᠢᠬᠦᠯᠦᠯᠳᠡ ᠶᠢ ᠲᠦᠷᠢᠮᠵᠢᠬᠦᠯᠬᠦ ᠪᠠᠶᠢᠭᠤᠯᠤᠯᠳᠠ ᠶᠢᠨ ᠳᠠᠯ᠎ᠠ ᠪᠠᠷ ᠶᠠᠮᠠᠷ ᠰᠢᠨ᠎ᠡ ᠪᠤᠳᠤᠯᠭ᠎ᠠ ᠲᠠᠢ ᠪᠤᠢ︖      ᠬᠤᠩ ᠴᠧᠩ ᠬᠤᠤ᠄ ᠤᠳᠤᠬᠠᠨ ᠳᠤ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ︽ᠲᠤᠮᠤ ᠳ᠋ᠠᠶᠢᠲ᠋ᠠ︾᠎ ᠶᠢ ᠮᠠᠨ ᠤ ᠬᠤᠳᠠ ᠶᠢᠨ ᠪᠠᠶᠢᠯᠳᠤᠬᠤ ᠪᠤᠳᠤᠯᠭ᠎ᠠ ᠶᠢᠨ ᠰᠢᠨ᠎ᠡ ᠮᠠᠶ᠋ᠢᠭ ᠤᠨ ᠠᠵᠤ ᠦᠢᠯᠡᠰ ᠪᠤᠯᠭᠠᠵᠤ᠂ ᠶᠠᠭ ︽ᠤᠮᠠᠷᠠᠳᠤ ᠤᠷᠤᠨ ᠤ ᠳᠤᠮᠤ ᠳ᠋ᠠᠶᠢᠲ᠋ᠠ ᠶᠢᠨ ᠲᠦᠪ︾᠎ ᠢ ᠪᠠᠶᠢᠭᠤᠯᠵᠤ᠂ ︽ᠲᠤᠭᠠᠴᠢᠯᠠᠭᠰᠠᠨ ᠤᠯᠠᠭᠠᠨᠴᠠᠪ︾᠎ ᠢᠶᠠᠨ ᠪᠦᠲᠦᠭᠡᠨ ᠪᠠᠶᠢᠭᠤᠯᠵᠤ ᠪᠠᠶᠢᠨ᠎ᠠ᠃ ᠪᠦᠬᠦ ᠬᠤᠳᠠ ᠶᠢᠨ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠳᠠᠯ ᠢ ᠳᠠᠭᠠᠭᠤᠯᠤᠨ ᠬᠢᠵᠦ᠂ ᠠᠰᠢᠭᠳᠠᠢ ᠪᠠᠶᠢᠳᠠᠯ ᠢ ᠠᠰᠢᠭᠯᠠᠨ ᠤᠷᠤᠭᠰᠢᠯᠠᠵᠤ᠂ ︽ᠤᠶᠤᠨᠳᠤ ᠳᠤᠳᠤᠭᠠᠳᠤ ᠶᠢ ᠬᠠᠮᠠᠭᠠᠯᠠᠬᠤ︾᠎ ᠶᠢ ᠤᠶᠤᠨᠳᠤ ᠬᠤᠳᠠ ᠶᠢᠨ ᠪᠠᠶᠢᠭᠤᠯᠤᠯᠳᠠ ᠶᠢᠨ ᠰᠠᠭᠤᠷᠢ ᠢᠨᠵᠧᠨᠧᠷᠢᠩ ᠪᠤᠯᠭᠠᠵᠤ᠂ ᠳᠤᠳᠤᠭᠠᠳᠤ ᠶᠢ ᠬᠠᠮᠠᠭᠠᠯᠠᠬᠤ ᠮᠡᠳᠡᠭᠡ ᠵᠠᠩᠬᠢᠴᠢᠯᠠᠯᠳᠠ ᠶᠢᠨ ᠰᠢᠨ᠎ᠡ ᠨᠢᠭᠡᠨ ᠡᠭᠡᠯᠵᠢ ᠶᠢᠨ ᠪᠠᠶᠢᠭᠤᠯᠤᠯᠳᠠ ᠬᠢᠵᠦ᠂ ᠮᠡᠳᠡᠷᠡᠴᠡ᠂ ᠬᠠᠷᠢᠴᠠᠭᠤᠯᠤᠯ᠂ ᠤᠷᠢᠳᠴᠢᠯᠠᠭᠰᠠᠨ ᠰᠡᠷᠡᠮᠵᠢᠯᠡᠬᠦᠯᠦᠯ᠂ ᠴᠠᠭᠳᠠᠨ ᠡᠵᠡᠮᠰᠢᠯ᠂ ᠨᠡᠶᠢᠯᠡᠮᠡᠯ ᠦᠢᠯᠡᠴᠢᠯᠡᠭᠡ ᠶᠢ ᠨᠢᠭᠡ ᠴᠤᠭᠴᠠᠵᠢᠭᠤᠯᠤᠭᠰᠠᠨ ᠤᠶᠤᠨᠳᠤ ᠴᠠᠭᠳᠠᠭᠠᠨ ᠶᠠᠪᠤᠳᠠᠯ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠳᠤᠳᠤᠭᠠᠳᠤ ᠶᠢ ᠬᠠᠮᠠᠭᠠᠯᠠᠬᠤ ᠠᠵᠢᠯ ᠤᠨ ᠤᠶᠤᠨᠴᠢᠯᠠᠭᠰᠠᠨ ᠬᠢᠷᠢ ᠲᠦᠪᠰᠢᠨ ᠢ ᠪᠦᠬᠦ ᠳᠠᠯ᠎ᠠ ᠪᠠᠷ ᠳᠡᠭᠡᠭᠰᠢᠯᠡᠬᠦᠯᠵᠦ᠂ ᠵᠢᠯ ᠤᠨ ᠳᠤᠳᠤᠷ᠎ᠠ ᠬᠢᠷᠢ ᠪᠦᠲᠦᠮᠵᠢ ᠶᠢᠨ ᠬᠢᠨᠠᠨ ᠰᠢᠯᠭᠠᠯᠳᠠ ᠶᠢᠨ ᠰᠢᠰᠲ᠋ᠧᠮ᠂ ᠬᠡᠷᠡᠭ ᠤᠨ ᠶᠠᠰᠤ ᠴᠢᠨᠠᠷ ᠤᠨ ᠦᠨᠡᠯᠡᠯᠳᠡ ᠪᠠᠶᠢᠴᠠᠭᠠᠯᠳᠠ ᠶᠢᠨ ᠰᠢᠰᠲ᠋ᠧᠮ᠂ OA᠎ ᠪᠠᠷ ᠠᠯᠪᠠᠯᠠᠬᠤ ᠵᠡᠷᠭᠡ ᠶᠢᠨ ᠰᠢᠰᠲ᠋ᠧᠮ ᠤᠨ ᠪᠠᠶᠢᠭᠤᠯᠤᠯᠳᠠ ᠶᠢ ᠬᠦᠴᠦᠯᠡᠨ ᠪᠡᠶᠡᠯᠡᠬᠦᠯᠵᠦ᠂ ᠪᠦᠬᠦ ᠬᠤᠳᠠ ᠶᠢᠨ ᠳᠤᠳᠤᠭᠠᠳᠤ ᠶᠢ ᠬᠠᠮᠠᠭᠠᠯᠠᠬᠤ ᠮᠡᠳᠡᠭᠡ ᠵᠠᠩᠬᠢᠴᠢᠯᠠᠯᠳᠠ᠂ ᠤᠶᠤᠨᠵᠢᠯᠳᠠ ᠶᠢᠨ ᠬᠢᠷᠢ ᠲᠦᠪᠰᠢᠨ ᠢ ᠰᠢᠨ᠎ᠡ ᠳᠡᠭᠳᠡᠷ ᠲᠤ ᠭᠠᠷᠭᠠᠬᠤ ᠶᠢ ᠲᠦᠯᠬᠢᠨ ᠠᠬᠢᠭᠤᠯᠵᠤ᠂ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠤᠬᠤᠮ ᠪᠠᠶᠢᠯᠳᠤᠬᠤ ᠴᠢᠳᠠᠪᠤᠷᠢ ᠶᠢ ᠶᠡᠬᠡᠪᠡᠷ ᠳᠡᠭᠡᠭᠰᠢᠯᠡᠬᠦᠯᠦᠨ᠎ᠡ᠃      ᠦᠨᠦ ᠵᠢᠯ᠂ ᠪᠦᠬᠦ ᠬᠤᠳᠠ ᠶᠢᠨ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠦᠬᠦ ᠴᠢᠳᠠᠯ ᠢᠶᠠᠨ ᠰᠢᠪᠬᠠᠵᠤ ᠬᠠᠤᠯᠢ ᠬᠡᠷᠡᠭᠵᠢᠬᠦᠯᠦᠯᠳᠡ ᠶᠢᠨ ᠲᠦᠷᠢᠮᠵᠢᠯᠳᠠ ᠶᠢᠨ ᠪᠠᠶᠢᠭᠤᠯᠤᠯᠳᠠ ᠬᠢᠵᠦ᠂ ᠢᠯᠠᠩᠭᠤᠶ᠎ᠠ ᠬᠠᠤᠯᠢ ᠬᠡᠷᠡᠭᠵᠢᠬᠦᠯᠵᠦ ᠬᠡᠷᠡᠭ ᠰᠢᠢᠳᠭᠡᠬᠦ᠂ ᠡᠳᠦᠷ ᠳᠤᠳᠤᠮ ᠤᠨ ᠠᠯᠪᠠᠨ ᠠᠵᠢᠯ᠂ ᠵᠠᠰᠠᠭ ᠵᠠᠬᠢᠷᠭᠠᠨ ᠤ ᠦᠢᠯᠡᠴᠢᠯᠡᠭᠡ᠂ ᠬᠦᠮᠦᠵᠢᠯ ᠪᠤᠯᠪᠠᠰᠤᠷᠠᠭᠤᠯᠤᠯ᠂ ᠴᠠᠭᠳᠠᠭᠠᠨ ᠲᠦᠷᠢ ᠲᠦᠷᠬᠦ ᠰᠠᠬᠢᠯᠭ᠎ᠠ ᠪᠠᠳᠤ᠂ ᠦᠢᠯᠡ ᠬᠦᠳᠡᠯᠦᠯ ᠵᠡᠷᠭᠡ ᠡᠯ᠎ᠡ ᠳᠠᠯ᠎ᠠ ᠪᠠᠷ ᠳᠦᠷᠢᠮᠵᠢᠯᠳᠡ᠂ ᠳᠠᠭᠤᠷᠢᠶᠠᠵᠢᠯᠳᠠ᠂ ᠴᠤᠪᠤᠷᠠᠯᠵᠢᠯᠳᠠ ᠪᠠᠷ ᠱᠠᠭᠠᠷᠳᠠᠵᠤ᠂ ᠭᠤᠭᠴᠤᠭ᠎ᠠ ᠪᠤᠯᠭᠠᠨ ᠠᠵᠢᠯ ᠨᠢᠭᠡᠪᠦᠷᠢ ᠳᠤ ᠴᠦᠮ ᠵᠤᠬᠢᠴᠠᠩᠭᠤᠢ ᠳᠦᠷᠢᠮ ᠳᠤᠭᠳᠠᠭᠠᠯ ᠲᠠᠢ ᠪᠠᠶᠢᠬᠤ ᠶᠢ ᠦᠨᠡᠨᠬᠦ ᠪᠠᠳᠤᠯᠠᠨ᠎ᠠ᠃ ᠨᠢᠳᠤᠨᠤᠨ ᠤ ᠲᠦᠷᠢᠮᠵᠢᠯᠳᠠ ᠶᠢᠨ ᠪᠠᠶᠢᠭᠤᠯᠤᠯᠳᠠ ᠶᠢᠨ ᠰᠠᠭᠤᠷᠢᠨ ᠳᠡᠭᠡᠷ᠎ᠡ᠂ ᠳᠠᠪᠳᠠᠬᠤ ᠠᠵᠢᠯ ᠤᠨ ᠬᠡᠪᠵᠢᠯᠳᠡ ᠶᠢ ᠲᠦᠯᠬᠢᠨ ᠠᠬᠢᠭᠤᠯᠵᠤ᠂ ᠬᠠᠮᠤᠭ ᠤᠨ ᠡᠴᠦᠰ ᠲᠤ ᠡᠯ᠎ᠡ ᠲᠦᠷᠦᠯ ᠤᠨ ᠠᠵᠢᠯ ᠤᠨ ᠬᠡᠪᠵᠢᠯᠳᠡ᠂ ᠴᠤᠪᠤᠷᠠᠯᠵᠢᠯᠳᠠ ᠶᠢ ᠪᠡᠶᠡᠯᠡᠬᠦᠯᠵᠦ᠂ ︽ᠭᠤᠷᠪᠠᠨ 80%︾᠎ ᠶᠢᠨ ᠠᠵᠢᠯ ᠤᠨ ᠬᠠᠷᠠᠯᠳᠠ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠶᠠᠪᠤᠭᠳᠠᠭᠤᠯᠤᠨ᠎ᠠ᠃ ︵ᠳᠠᠷᠤᠢ᠄ ᠡᠯ᠎ᠡ ᠭᠠᠵᠠᠷ᠂ ᠡᠯ᠎ᠡ ᠰᠠᠯᠠᠭ᠎ᠠ ᠮᠦᠴᠢᠷ᠂ ᠡᠯ᠎ᠡ ᠴᠠᠭᠳᠠᠭᠠᠨ ᠤ ᠠᠵᠢᠯ ᠲᠦᠷᠦᠯ ᠳᠤ 80%᠎ ᠶᠢᠨ ᠳᠠᠪᠬᠤᠷᠳᠠᠭᠰᠠᠨ ᠴᠢᠨᠠᠷ ᠪᠦᠬᠦᠢ ᠠᠵᠢᠯ ᠳᠤ ᠲᠦᠷᠢᠮᠵᠢᠯᠳᠡ ᠪᠠ ᠳᠠᠭᠤᠷᠢᠶᠠᠵᠢᠯᠳᠡ ᠶᠢᠨ ᠪᠠᠶᠢᠭᠤᠯᠤᠯᠳᠠ ᠬᠢᠵᠦ᠂ ᠬᠡᠵᠢᠶ᠎ᠡ ᠴᠦ ᠪᠤᠳᠠᠳᠤ ᠭᠠᠵᠠᠷ ᠲᠤ ᠨᠢ ᠲᠤᠰ ᠰᠠᠯᠠᠭ᠎ᠠ ᠮᠦᠴᠢᠷ ᠢ ᠪᠠᠶᠢᠴᠠᠭᠠᠨ ᠦᠵᠡᠬᠦ ᠪᠠ ᠬᠢᠨᠠᠨ ᠰᠢᠯᠭᠠᠵᠤ᠂ 80%᠎ ᠶᠢᠨ ᠺᠠᠳ᠋ᠷ ᠴᠠᠭᠳᠠᠭ᠎ᠠ ᠨᠢ ᠲᠦᠷᠢᠮᠵᠢᠯᠳᠠ ᠪᠠ ᠳᠠᠭᠤᠷᠢᠶᠠᠵᠢᠯᠳᠠ ᠶᠢᠨ ᠠᠭᠤᠯᠭ᠎ᠠ ᠶᠢᠨ ᠳᠠᠳᠮᠠᠭᠠᠢ ᠮᠡᠳᠡᠭᠰᠡᠨ ᠬᠢᠷᠢ ᠬᠡᠮᠵᠢᠶ᠎ᠡ ᠶᠢ ᠵᠠᠭᠤᠨ ᠬᠤᠪᠢ ᠲᠦᠷᠢᠮ ᠢᠶᠠᠷ ᠪᠤᠳᠤᠵᠤ 80 ᠬᠤᠪᠢ ᠳᠤ ᠬᠦᠷᠦᠭᠰᠡᠨ ᠪᠠᠶᠢᠬᠤ ᠬᠡᠷᠡᠭᠳᠡᠢ︶᠂ ︽ᠶᠠᠭᠤ ᠬᠢᠪᠡᠯ ᠶᠠᠭᠤ ᠶᠢ ᠰᠤᠷᠬᠤ᠂ ᠶᠠᠭᠤ ᠳᠤᠳᠠᠭᠳᠠᠪᠠᠯ ᠶᠠᠭᠤ ᠶᠢ ᠨᠢ ᠨᠦᠬᠦᠪᠦᠷᠢᠯᠡᠬᠦ︾ ᠱᠠᠭᠠᠷᠳᠠᠯᠭ᠎ᠠ ᠶᠤᠰᠤᠭᠠᠷ᠂ ᠲᠤᠰᠬᠠᠢ ᠮᠡᠳᠡᠯᠭᠡ ᠪᠠ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ ᠤᠨ ᠪᠤᠯᠪᠠᠰᠤᠷᠠᠯ ᠢ ᠴᠢᠩᠭᠠᠳᠬᠠᠵᠤ᠂ ᠬᠡᠷᠡᠭ ᠰᠢᠢᠳᠭᠡᠬᠦ ᠳᠤ ᠴᠢᠳᠠᠮᠠᠭᠠᠢ ᠲᠤᠰᠬᠠᠢ ᠮᠡᠷᠭᠡᠵᠢᠯᠳᠡᠨ ᠮᠠᠶ᠋ᠢᠭ ᠤᠨ ᠴᠢᠳᠠᠪᠤᠷᠢᠳᠠᠨ ᠢ ᠬᠦᠴᠦᠯᠡᠨ ᠬᠦᠮᠦᠵᠢᠬᠦᠯᠵᠦ᠂ ᠦᠷᠭᠡᠨ ᠤᠯᠠᠨ ᠠᠷᠠᠳ ᠤᠨ ᠴᠠᠭᠳᠠᠭ᠎ᠠ᠂ ᠲᠤᠰᠠᠯᠠᠭᠴᠢ ᠴᠠᠭᠳᠠᠭ᠎ᠠ ᠬᠦᠮᠦᠨ ᠪᠦᠬᠦᠨ ᠠᠵᠢᠯ ᠤᠨ ᠪᠠᠶᠢᠷᠢᠨ ᠳᠠᠭᠠᠨ ᠵᠤᠬᠢᠴᠠᠬᠤ᠂ ᠬᠦᠮᠦᠨ ᠪᠦᠬᠦᠨ ᠲᠤᠬᠠᠶᠢᠯᠠᠭᠰᠠᠨ ᠠᠵᠢᠯ ᠳᠠᠭᠠᠨ ᠴᠠᠭᠠᠷᠠᠬᠤ᠂ ᠬᠦᠮᠦᠨ ᠪᠦᠬᠦᠨ ᠦᠪᠡᠷ ᠤᠨ ᠠᠵᠢᠯ ᠢᠶᠠᠨ ᠡᠬᠦᠷᠭᠡᠯᠡᠵᠦ ᠳᠡᠶᠢᠯᠬᠦ ᠶᠢ ᠦᠨᠡᠨᠬᠦ ᠪᠠᠳᠤᠯᠠᠨ᠎ᠠ᠃      ᠰᠤᠷᠪᠤᠯᠵᠢᠯᠠᠭᠴᠢ᠄ ᠬᠠᠮᠤᠭ ᠰᠡᠬᠦᠯ ᠳᠤ᠂ ᠦᠨᠦ ᠵᠢᠯ ᠪᠦᠬᠦ ᠬᠤᠳᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠦᠨᠳᠦᠰᠦᠨ ᠱᠠᠳᠤᠨ ᠤ ᠰᠠᠭᠤᠷᠢ ᠪᠠᠶᠢᠭᠤᠯᠤᠯᠳᠠ ᠪᠠ ᠡᠩᠨᠡᠭᠡᠨ ᠤ ᠪᠠᠶᠢᠭᠤᠯᠤᠯᠳᠠ ᠶᠢᠨ ᠳᠠᠯ᠎ᠠ ᠪᠠᠷ ᠶᠠᠮᠠᠷᠬᠤ ᠬᠢᠯᠠᠰ ᠴᠡᠭ ᠢᠯᠡᠷᠡᠬᠦᠯᠬᠦ ᠶᠢ ᠪᠢᠳᠠ ᠪᠠᠰᠠ ᠤᠶᠢᠯᠠᠭᠠᠬᠤ ᠪᠠᠷ ᠪᠤᠳᠤᠵᠤ ᠪᠠᠶᠢᠨ᠎ᠠ︖      ᠬᠤᠩ ᠴᠧᠩ ᠬᠤᠤ᠄ ᠦᠨᠳᠦᠰᠦᠨ ᠱᠠᠳᠤᠨ ᠤ ᠰᠠᠭᠤᠷᠢ ᠪᠠᠶᠢᠭᠤᠯᠤᠯᠳᠠ ᠶᠢᠨ ︽ᠭᠤᠷᠪᠠᠨ ᠵᠢᠯ ᠤᠨ ᠲᠦᠯᠬᠢᠨ ᠠᠬᠢᠭᠤᠯᠤᠯᠳᠠ ᠶᠢᠨ ᠢᠨᠵᠧᠨᠧᠷᠢᠩ︾ ᠪᠣᠯ ᠦᠪᠦᠷ ᠮᠤᠩᠭᠤᠯ ᠤᠨ ᠳᠤᠳᠤᠭᠠᠳᠤ ᠶᠢ ᠬᠠᠮᠠᠭᠠᠯᠠᠬᠤ ᠶᠠᠮᠤᠨ ᠤ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠳᠦ ᠪᠤᠳᠤᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠨᠢᠭᠡᠨ ᠪᠠᠶᠢᠷᠢᠰᠢᠯᠠᠭᠤᠯᠤᠯᠳᠠ ᠮᠥᠨ᠂ ᠳᠤᠳᠤᠭᠠᠳᠤ ᠶᠢ ᠬᠠᠮᠠᠭᠠᠯᠠᠬᠤ ᠠᠵᠢᠯ ᠤᠨ ᠬᠦᠭᠵᠢᠯᠳᠡ ᠳᠠᠪᠰᠢᠯᠳᠠ ᠶᠢ ᠬᠦᠯᠢᠶᠡᠰᠦᠯᠡᠵᠦ ᠪᠠᠶᠢᠭ᠎ᠠ ᠪᠤᠭᠤᠮᠢ ᠶᠢᠨ ᠬᠦᠴᠢᠷᠳᠡᠯᠳᠡᠢ ᠠᠰᠠᠭᠤᠳᠠᠯ ᠢ ᠪᠦᠲᠦᠮᠵᠢᠳᠡᠢ ᠰᠢᠢᠳᠪᠦᠷᠢᠯᠡᠬᠦ ᠶᠢᠨ ᠲᠤᠮᠤ ᠴᠢᠬᠤᠯᠠ ᠠᠵᠠ ᠲᠤᠬᠢᠶᠠᠯ ᠮᠥᠨ᠂ ᠮᠠᠨ ᠤ ᠬᠤᠳᠠ ᠶᠢᠨ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠡᠦᠬᠡᠳᠦ ᠴᠢᠨᠠᠷᠳᠠᠢ ᠡᠨᠡᠬᠦ ᠠᠵᠠ ᠳᠤᠬᠢᠶᠠᠯ ᠢ ᠪᠠᠳᠤ ᠴᠡᠭᠡᠵᠢᠯᠡᠵᠦ᠂ ︽ᠹᠧᠩ ᠴᠢᠶᠤᠤ ᠮᠠᠶ᠋ᠢᠭ ᠤᠨ ᠳᠤᠳᠤᠭᠠᠳᠤ ᠶᠢ ᠬᠠᠮᠠᠭᠠᠯᠠᠬᠤ ᠰᠢᠯᠢᠳᠡᠭ ᠲᠤᠮᠢᠯᠠᠭᠰᠠᠨ ᠰᠠᠯᠪᠤᠷᠢ︾᠎ ᠶᠢ ᠡᠬᠦᠳᠦᠨ ᠴᠤᠭᠴᠠᠯᠠᠬᠤ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠵᠦ᠂ ᠲᠤᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠶᠠᠪᠤᠳᠠᠯ ᠤᠨ ᠡᠷᠬᠢᠯᠳᠡ ᠶᠢᠨ ᠳᠤᠭᠳᠠᠴᠠ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠬᠤᠳᠠ ᠶᠢᠨ ᠳᠤᠭᠤᠷᠢᠭ ᠤᠨ ᠲᠤᠮᠢᠯᠠᠭᠰᠠᠨ ᠰᠠᠯᠪᠤᠷᠢ ᠳᠤ ︽ᠭᠤᠷᠪᠠᠨ ᠠᠩᠬᠢ ᠨᠢᠭᠡ ᠲᠠᠰᠤᠭ︾᠎ ᠢ ᠬᠡᠷᠡᠭᠵᠢᠬᠦᠯᠵᠦ᠂ ᠪᠠᠶᠢᠭᠤᠯᠤᠮᠵᠢᠳᠤ ᠪᠠᠯᠭᠠᠰᠤᠨ ᠤ ᠲᠤᠮᠢᠯᠠᠭᠰᠠᠨ ᠰᠠᠯᠪᠤᠷᠢ ᠳᠤ ︽ᠬᠤᠶᠠᠷ ᠠᠩᠬᠢ ᠨᠢᠭᠡ ᠲᠠᠰᠤᠭ︾᠎ ᠢ ᠬᠡᠷᠡᠭᠵᠢᠬᠦᠯᠵᠦ᠂ ᠳᠠᠷᠢᠶᠠᠯᠠᠬᠤ ᠮᠠᠯᠵᠢᠬᠤ ᠤᠷᠤᠨ ᠤ ᠲᠤᠮᠢᠯᠠᠭᠰᠠᠨ ᠰᠠᠯᠪᠤᠷᠢ ᠳᠤ ᠨᠢᠭᠡ ᠴᠠᠭᠳᠠᠭ᠎ᠠ ᠤᠯᠠᠨ ᠴᠢᠳᠠᠮᠵᠢ᠂ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢᠨ ᠠᠵᠢᠯ ᠤᠨ ᠳᠤᠭᠳᠠᠴᠠ ᠶᠢ ᠬᠡᠷᠡᠭᠵᠢᠬᠦᠯᠦᠨ᠎ᠡ᠃ ᠨᠡᠶᠢᠭᠡᠮ ᠲᠤᠭᠤᠷᠢᠭ ᠤᠨ ᠴᠠᠭᠳᠠᠭᠠᠨ ᠤ ᠶᠠᠪᠤᠳᠠᠯ ᠤᠨ ᠲᠤᠰᠬᠠᠢ ᠠᠵᠢᠯ ᠲᠤᠰᠬᠠᠢ ᠮᠡᠷᠭᠡᠵᠢᠯ ᠲᠤᠰᠬᠠᠢ ᠴᠢᠳᠠᠪᠤᠷᠢ ᠶᠢ ᠲᠦᠯᠬᠢᠨ ᠠᠬᠢᠭᠤᠯᠵᠤ᠂ ᠬᠤᠳᠠ ᠶᠢᠨ ᠲᠤᠭᠤᠷᠢᠭ ᠲᠤ ︽ᠨᠢᠭᠡ ᠨᠡᠶᠢᠭᠡᠮ ᠲᠤᠭᠤᠷᠢᠭ ᠲᠤ ᠨᠢᠭᠡ ᠴᠠᠭᠳᠠᠭ᠎ᠠ ︵ᠲᠤᠰᠠᠯᠠᠭᠴᠢ ᠴᠠᠭᠳᠠᠭ᠎ᠠ ᠪᠠᠭᠳᠠᠨ᠎ᠠ︶︾ ᠪᠠᠶᠢᠬᠤ ᠴᠠᠭᠳᠠᠭᠠᠨ ᠤ ᠬᠦᠴᠦᠨ ᠤ ᠲᠤᠬᠢᠷᠠᠭᠤᠯᠤᠯᠳᠠ ᠶᠢᠨ ᠱᠠᠭᠠᠷᠳᠠᠯᠭ᠎ᠠ ᠳᠤ ᠬᠦᠷᠦᠬᠦᠯᠬᠦ ᠪᠠᠷ ᠬᠦᠴᠦᠯᠡᠨ ᠴᠢᠷᠮᠠᠶᠢᠵᠤ᠂ ᠴᠠᠭᠳᠠᠭᠠᠨ ᠤ ᠶᠠᠪᠤᠳᠠᠯ ᠤᠨ ᠰᠦᠯᠵᠢᠶᠡᠵᠢᠬᠦᠯᠦᠨ ᠵᠠᠰᠠᠬᠤ ᠰᠢᠰᠲ᠋ᠧᠮ ᠲᠠᠢ ᠠᠭᠤᠰᠤᠯᠴᠠᠬᠤ ᠶᠢ ᠲᠦᠯᠬᠢᠨ ᠠᠬᠢᠭᠤᠯᠵᠤ᠂ ︽ᠤᠶᠤᠨᠳᠤ ᠠᠮᠤᠷ ᠢ ᠬᠠᠮᠠᠭᠠᠯᠠᠭᠰᠠᠨ ᠨᠡᠶᠢᠭᠡᠮ ᠲᠤᠭᠤᠷᠢᠭ︾ ᠪᠠ ᠬᠠᠮᠢᠶᠠᠷᠤᠯᠳᠠ ᠦᠢᠯᠡᠴᠢᠯᠡᠭᠡᠨ ᠤ ︽ᠪᠢᠴᠢᠯ ᠰᠢᠨ᠎ᠡ ᠶᠢ ᠡᠬᠦᠳᠬᠦ︾ ᠡᠷᠴᠢᠮ ᠢ ᠴᠢᠩᠭᠠᠷᠠᠭᠤᠯᠵᠤ᠂ ᠨᠡᠶᠢᠭᠡᠮ ᠲᠤᠭᠤᠷᠢᠭ ᠤᠨ ᠴᠠᠭᠳᠠᠭᠠᠨ ᠤ ᠶᠠᠪᠤᠳᠠᠯ ᠢ ᠪᠤᠳᠠᠳᠠᠶᠢᠵᠢᠭᠤᠯᠵᠤ ᠠᠮᠢᠳᠤᠯᠢᠭᠵᠢᠭᠤᠯᠤᠨ᠎ᠠ᠃ ᠡᠬᠦᠨ ᠤ ᠳᠠᠭᠠᠤ᠂ ︽ᠨᠢᠭᠡ ᠪᠠᠷᠢᠮᠵᠢᠶ᠎ᠠ ᠭᠤᠷᠪᠠᠨ ᠪᠤᠳᠠᠳᠠᠢ︾᠎ ᠶᠢᠨ ᠮᠡᠳᠡᠭᠡ ᠵᠠᠩᠬᠢ ᠶᠢ ᠴᠤᠭᠯᠠᠭᠤᠯᠬᠤ ᠳᠤ ᠲᠦᠰᠢᠭᠯᠡᠵᠦ᠂ ︽ᠬᠦᠮᠦᠨ᠂ ᠭᠡᠷ᠂ ᠪᠤᠳᠠᠰ᠂ ᠰᠦᠯᠵᠢᠶ᠎ᠡ︾ ᠵᠡᠷᠭᠡ ᠰᠠᠭᠤᠷᠢ ᠲᠦᠬᠦᠭᠡᠷᠦᠮᠵᠢ ᠶᠢᠨ ᠡᠯᠧᠮᠧᠨ᠋ᠲ ᠤᠨ ᠬᠢᠨᠠᠨ ᠡᠵᠡᠮᠰᠢᠯ ᠤᠨ ᠴᠢᠳᠠᠪᠤᠷᠢ ᠶᠢ ᠳᠡᠭᠡᠭᠰᠢᠯᠡᠬᠦᠯᠵᠦ᠂ ᠭᠤᠤᠯᠳᠠᠯᠭ᠎ᠠ ᠲᠠᠢ ᠬᠦᠮᠦᠨ ᠲᠠᠢ ᠠᠭᠤᠯᠵᠠᠵᠤ ᠤᠴᠢᠷ ᠰᠢᠯᠳᠠᠭᠠᠨ ᠢ ᠮᠡᠳᠡᠵᠦ᠂ ᠭᠤᠤᠯᠳᠠᠯᠭ᠎ᠠ ᠲᠠᠢ ᠪᠤᠳᠠᠰ ᠤᠨ ᠪᠠᠶᠢᠳᠠᠯ ᠢ ᠤᠶᠢᠯᠠᠭᠠᠨ ᠨᠡᠷ᠎ᠡ ᠵᠢᠭᠰᠠᠭᠠᠵᠤ ᠬᠦᠢᠴᠡᠳ ᠤᠶᠢᠯᠠᠭᠠᠵᠤ᠂ ᠭᠤᠤᠯᠳᠠᠯᠭ᠎ᠠ ᠲᠠᠢ ᠬᠡᠷᠡᠭ ᠢ ᠲᠦᠢᠯᠪᠤᠷᠢᠳᠠᠢ ᠡᠵᠡᠮᠰᠢᠵᠤ᠂ ᠦᠨᠳᠦᠰᠦᠨ ᠱᠠᠳᠤᠨ ᠤ ᠰᠠᠭᠤᠷᠢ ᠪᠠᠭᠤᠷᠠᠢ ᠠᠰᠠᠭᠤᠳᠠᠯ ᠪᠦᠬᠦᠨ ᠢ ᠳᠠᠶᠢᠯᠵᠤ᠂ ᠦᠨᠳᠦᠰᠦᠨ ᠱᠠᠳᠤᠨ ᠤ ᠰᠠᠭᠤᠷᠢ ᠠᠵᠢᠯ ᠢ ᠰᠢᠨ᠎ᠡ ᠲᠦᠪᠰᠢᠨ ᠳᠤ ᠬᠦᠷᠭᠡᠵᠦ᠂ ᠳᠡᠭᠳᠡᠷ ᠲᠤ ᠭᠠᠷᠭᠠᠬᠤ ᠶᠢ ᠲᠦᠯᠬᠢᠨ ᠠᠬᠢᠭᠤᠯᠤᠨ᠎ᠠ᠃      ᠡᠩᠨᠡᠭᠡᠨ ᠤ ᠪᠠᠶᠢᠭᠤᠯᠤᠯᠳᠠ ᠶᠢᠨ ᠳᠠᠯ᠎ᠠ ᠪᠠᠷ᠂ 2019 ᠤᠨ ᠳᠤ ᠪᠦᠬᠦ ᠬᠤᠳᠠ ᠶᠢᠨ ᠡᠯ᠎ᠡ ᠱᠠᠳᠤᠨ ᠤ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠦᠷᠭᠡᠨ ᠤᠯᠠᠨ ᠳᠤᠳᠤᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ︽ᠨᠠᠮ ᠳᠠᠭᠠᠨ ᠦᠨᠡᠨᠴᠢ᠂ ᠠᠷᠠᠳ ᠲᠦᠮᠡᠨ ᠳᠤ ᠦᠢᠯᠡᠴᠢᠯᠡᠬᠦ᠂ ᠲᠦᠪ ᠭᠤᠤᠯᠴᠢ ᠪᠠᠷ ᠬᠠᠤᠯᠢ ᠬᠡᠷᠡᠭᠵᠢᠬᠦᠯᠬᠦ᠂ ᠰᠠᠬᠢᠯᠭ᠎ᠠ ᠪᠠᠳᠤ ᠶᠢ ᠴᠢᠩᠭᠠᠳᠬᠠᠬᠤ︾ ᠶᠡᠷᠦᠩᠭᠡᠢ ᠱᠠᠭᠠᠷᠳᠠᠯᠭ᠎ᠠ ᠶᠢ ᠴᠢᠩ ᠦᠨᠡᠨᠴᠢ ᠪᠠᠷ ᠦᠢᠯᠡᠳᠦᠯᠭᠡᠵᠢᠬᠦᠯᠵᠦ᠂ ᠰᠠᠬᠢᠯᠭ᠎ᠠ ᠪᠠᠳᠤ ᠲᠠᠢ᠂ ᠠᠪᠢᠶᠠᠰ ᠴᠢᠳᠠᠪᠤᠷᠢ ᠲᠠᠢ᠂ ᠤᠮᠤᠭ ᠵᠤᠷᠢᠭ ᠲᠠᠢ᠂ ᠤᠷᠬᠢᠯᠤᠮ᠎ᠠ ᠰᠡᠳᠬᠢᠯᠭᠡ ᠲᠠᠢ ᠳᠤᠳᠤᠭᠠᠳᠤ ᠶᠢ ᠬᠠᠮᠠᠭᠠᠯᠠᠬᠤ ᠡᠩᠨᠡᠭᠡ ᠶᠢ ᠬᠠᠳᠠᠭᠤᠵᠢᠭᠤᠯᠤᠨ ᠪᠠᠶᠢᠭᠤᠯᠤᠨ᠎ᠠ᠃ ᠨᠢᠭᠡ ᠳᠤ ᠤᠯᠤᠰ ᠲᠦᠷᠦ ᠶᠢᠨ ᠪᠠᠶᠢᠭᠤᠯᠤᠯᠳᠠ ᠶᠢ ᠳᠤᠪᠤᠶᠢᠯᠭᠠᠵᠤ᠂ ︽ᠰᠠᠬᠢᠯᠭ᠎ᠠ ᠪᠠᠳᠤ ᠲᠠᠢ︾ ᠳᠤᠳᠤᠭᠠᠳᠤ ᠶᠢ ᠬᠠᠮᠠᠭᠠᠯᠠᠬᠤ ᠪᠦᠬᠦᠨ ᠢ ᠢᠯᠠᠬᠤ ᠴᠡᠷᠢᠭ ᠠᠩᠬᠢ ᠶᠢ ᠪᠠᠶᠢᠭᠤᠯᠵᠤ᠂ ᠦᠷᠭᠡᠨ ᠤᠯᠠᠨ ᠠᠷᠠᠳ ᠤᠨ ᠲᠤᠰᠠᠯᠠᠭᠴᠢ ᠴᠠᠭᠳᠠᠭ᠎ᠠ ᠶᠢᠨ ᠢᠮᠠᠭᠳᠠ ᠤᠯᠤᠰ ᠲᠦᠷᠦ ᠶᠢᠨ ᠴᠢᠭᠯᠡᠯ ᠢᠶᠠᠨ ᠪᠠᠳᠤᠳᠬᠠᠬᠤ᠂ ᠤᠯᠤᠰ ᠲᠦᠷᠦ ᠶᠢᠨ ᠵᠤᠭᠰᠤᠯᠳᠠ ᠪᠠᠨ ᠯᠠᠪᠳᠠᠭᠤᠨ ᠪᠠᠶᠢᠯᠭᠠᠬᠤ ᠶᠢ ᠨᠢ ᠦᠨᠡᠨᠬᠦ ᠪᠠᠳᠤᠯᠠᠨ᠎ᠠ︔ ᠬᠤᠶᠠᠷ ᠲᠤ ᠴᠢᠳᠠᠪᠤᠷᠢ ᠬᠡᠪ ᠴᠢᠨᠠᠷ ᠤᠨ ᠪᠠᠶᠢᠭᠤᠯᠤᠯᠳᠠ ᠶᠢ ᠳᠤᠪᠤᠶᠢᠯᠭᠠᠵᠤ᠂ ︽ᠴᠢᠳᠠᠪᠤᠷᠢ ᠲᠠᠢ︾ ᠳᠤᠳᠤᠭᠠᠳᠤ ᠶᠢ ᠬᠠᠮᠠᠭᠠᠯᠠᠬᠤ ᠪᠦᠬᠦᠨ ᠢ ᠢᠯᠠᠭᠴᠢ ᠴᠡᠷᠢᠭ ᠠᠩᠬᠢ ᠶᠢ ᠪᠠᠶᠢᠭᠤᠯᠵᠤ᠂ ᠪᠠᠶᠢᠯᠳᠤᠬᠤ ᠬᠦᠴᠦᠨ ᠤ ᠪᠠᠷᠢᠮᠵᠢᠶ᠎ᠠ ᠶᠢ ᠳᠡᠭᠡᠭᠰᠢᠯᠡᠬᠦᠯᠬᠦ ᠶᠢ ᠡᠩᠨᠡᠭᠡᠨ ᠤ ᠪᠠᠶᠢᠭᠤᠯᠤᠯᠳᠠ ᠶᠢᠨ ᠪᠦᠬᠦ ᠶᠠᠪᠤᠴᠠ ᠳᠤ ᠳᠤᠭᠤᠰᠢᠯᠠᠭᠤᠯᠵᠤ᠂ ᠡᠩᠨᠡᠭᠡᠨ ᠤ ᠪᠦᠬᠦ᠋ᠢᠯᠡ ᠴᠤᠭᠴᠠ ᠶᠢᠨ ᠬᠡᠪ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ︔ ᠭᠤᠷᠪᠠ ᠳᠤ ᠤᠪᠤᠷ ᠰᠤᠷᠳᠠᠯ ᠤᠨ ᠪᠠᠶᠢᠭᠤᠯᠤᠯᠳᠠ ᠶᠢ ᠳᠤᠪᠤᠶᠢᠯᠭᠠᠵᠤ᠂ ︽ᠤᠮᠤᠭ ᠵᠤᠷᠢᠭ ᠲᠠᠢ︾ ᠳᠤᠳᠤᠭᠠᠳᠤ ᠶᠢ ᠬᠠᠮᠠᠭᠠᠯᠠᠬᠤ ᠪᠦᠬᠦᠨ ᠢ ᠢᠯᠠᠭᠴᠢ ᠴᠡᠷᠢᠭ ᠠᠩᠬᠢ ᠶᠢ ᠪᠠᠶᠢᠭᠤᠯᠵᠤ᠂ ᠦᠷᠭᠡᠨ ᠤᠯᠠᠨ ᠠᠷᠠᠳ ᠤᠨ ᠴᠠᠭᠳᠠᠭ᠎ᠠ᠂ ᠲᠤᠰᠠᠯᠠᠭᠴᠢ ᠴᠠᠭᠳᠠᠭ᠎ᠠ ᠢᠯᠠᠩᠭᠤᠶ᠎ᠠ ᠤᠳᠤᠷᠢᠳᠬᠤ ᠺᠠᠳ᠋ᠷ ᠤᠨ ᠪᠤᠰᠢᠭᠤ ᠱᠠᠯᠠᠮᠠᠭᠠᠢ ᠪᠠᠶᠢᠬᠤ᠂ ᠵᠤᠷᠢᠭᠳᠠᠢ ᠡᠬᠦᠷᠭᠡᠯᠡᠬᠦ᠂ ᠵᠤᠷᠢᠭᠳᠠᠢ ᠬᠠᠳᠠᠭᠤ ᠲᠠᠢ ᠲᠤᠯᠤᠬᠤ ᠠᠵᠢᠯ ᠤᠨ ᠤᠪᠤᠷ ᠰᠤᠷᠳᠠᠯ ᠢ ᠶᠡᠬᠡᠪᠡᠷ ᠬᠦᠮᠦᠵᠢᠬᠦᠯᠵᠦ᠂ ᠡᠬᠦᠷᠭᠡᠯᠡᠨ ᠬᠢᠬᠦ᠂ ᠲᠡᠷᠢᠬᠦᠨ ᠤ ᠬᠢ ᠪᠤᠯᠬᠤ ᠪᠠᠷ ᠴᠢᠷᠮᠠᠶᠢᠬᠤ ᠰᠠᠶᠢᠨ ᠰᠠᠶᠢᠬᠠᠨ ᠤᠷᠴᠢᠨ ᠠᠬᠤᠢ ᠶᠢ ᠪᠦᠬᠦ ᠳᠠᠯ᠎ᠠ ᠪᠠᠷ ᠪᠤᠢ ᠪᠤᠯᠭᠠᠨ᠎ᠠ︔ ᠲᠦᠷᠪᠡ ᠳᠤ ᠠᠵᠢᠯ ᠮᠡᠷᠭᠡᠵᠢᠯ ᠤᠨ ᠪᠠᠳᠤᠯᠠᠭᠠᠨ ᠤ ᠪᠠᠶᠢᠭᠤᠯᠤᠯᠳᠠ ᠶᠢ ᠳᠤᠪᠤᠶᠢᠯᠭᠠᠵᠤ᠂ ︽ᠤᠷᠬᠢᠯᠤᠮ᠎ᠠ ᠰᠡᠳᠬᠢᠯᠭᠡ ᠲᠠᠢ︾ ᠳᠤᠳᠤᠭᠠᠳᠤ ᠶᠢ ᠬᠠᠮᠠᠭᠠᠯᠠᠬᠤ ᠪᠦᠬᠦᠨ ᠢ ᠢᠯᠠᠭᠴᠢ ᠴᠡᠷᠢᠭ ᠠᠩᠬᠢ ᠶᠢ ᠪᠠᠶᠢᠭᠤᠯᠵᠤ᠂ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠶᠢᠨ ᠪᠤᠳᠤᠯ ᠬᠦᠰᠡᠯ ᠢ ᠠᠩᠬᠠᠷᠴᠤ᠂ ᠴᠠᠭᠳᠠᠭ᠎ᠠ ᠶᠢ ᠬᠠᠷᠠᠭᠠᠯᠵᠠᠬᠤ ᠡᠷᠴᠢᠮ ᠢᠶᠠᠨ ᠴᠢᠩᠭᠠᠷᠠᠭᠤᠯᠵᠤ᠂ ᠴᠠᠭᠳᠠᠭ᠎ᠠ ᠳᠤ ᠦᠢᠯᠡᠴᠢᠯᠡᠬᠦ ᠳᠤᠭᠳᠠᠴᠠ ᠶᠢ ᠪᠦᠷᠢᠨᠰᠢᠬᠦᠯᠦᠨ ᠳᠡᠬᠦᠯᠳᠡᠷᠵᠢᠬᠦᠯᠵᠦ᠂ ᠠᠵᠢᠯ ᠬᠢᠵᠦ ᠦᠢᠯᠡᠰ ᠪᠤᠰᠬᠠᠬᠤ ᠳᠤ ᠨᠢ ᠳᠠᠪᠴᠠᠩ ᠭᠠᠷᠭᠠᠵᠤ᠂ ᠦᠷᠭᠡᠨ ᠤᠯᠠᠨ ᠠᠷᠠᠳ ᠤᠨ ᠴᠠᠭᠳᠠᠭ᠎ᠠ ᠲᠤᠰᠠᠯᠠᠭᠴᠢ ᠴᠠᠭᠳᠠᠭ᠎ᠠ ᠶᠢᠨ ᠳᠠᠯᠳᠠ ᠴᠢᠳᠠᠪᠤᠷᠢ ᠶᠢ ᠨᠢ ᠬᠦᠢᠴᠡᠳ ᠳᠠᠶᠢᠴᠢᠯᠠᠬᠤ ᠪᠠ ᠬᠦᠭᠵᠢᠬᠡᠵᠦ᠂ ᠦᠷᠭᠡᠨ ᠤᠯᠠᠨ ᠠᠷᠠᠳ ᠤᠨ ᠴᠠᠭᠳᠠᠭ᠎ᠠ ᠶᠢᠨ ᠠᠵᠢᠯ ᠤᠨ ᠬᠡᠪ ᠴᠢᠨᠠᠷ ᠢ ᠳᠡᠭᠡᠭᠰᠢᠯᠡᠬᠦᠯᠵᠦ ᠳᠤᠳᠤᠭᠠᠳᠤ ᠶᠢ ᠬᠠᠮᠠᠭᠠᠯᠠᠬᠤ ᠡᠩᠨᠡᠭᠡᠨ ᠤ ᠨᠢᠭᠳᠠᠷᠠᠯ ᠤᠨ ᠬᠦᠴᠦ᠂ ᠲᠦᠪᠯᠡᠷᠡᠩᠬᠦᠢ ᠬᠦᠴᠦ ᠪᠠ ᠪᠠᠶᠢᠯᠳᠤᠬᠤ ᠬᠦᠴᠦ ᠶᠢ ᠦᠨᠡᠨᠬᠦ ᠨᠡᠮᠡᠭᠳᠡᠬᠦᠯᠦᠨ᠎ᠡ᠃      ᠰᠤᠷᠪᠤᠯᠵᠢᠯᠠᠭᠴᠢ᠄ ᠬᠤᠩ ᠬᠤᠳᠠ ᠶᠢᠨ ᠳᠠᠷᠤᠭ᠎ᠠ ᠲᠠ ᠪᠢᠳᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢ ᠬᠦᠯᠢᠶᠡᠨ ᠠᠪᠤᠭᠰᠠᠨ ᠳᠤ ᠴᠢᠨᠢ ᠳᠠᠯᠠᠷᠬᠠᠵᠤ ᠪᠠᠶᠢᠨ᠎ᠠ᠂ ᠦᠨᠦᠳᠦᠷ ᠤᠨ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠦᠨᠳᠦᠷᠯᠡᠯ᠎ᠡ᠂ ᠰᠦᠯᠵᠢᠶᠡᠨ ᠨᠠᠶᠢᠵᠠ ᠨᠠᠷ ᠲᠠᠢ ᠪᠠᠨ ᠳᠠᠷᠠᠭᠠᠴᠢ ᠪᠠᠷ ᠠᠭᠤᠯᠵᠠᠶ᠎ᠠ︕                                          ᠤᠷᠴᠢᠭᠤᠯᠤᠭᠴᠢ᠄ ᠬᠡᠷᠡᠯᠳᠦ                                          ᠨᠠᠶᠢᠷᠠᠭᠤᠯᠤᠭᠴᠢ᠄ ᠢᠷᠭᠤᠢ
 
ᠢᠷᠡᠯᠲᠡ᠄ ᠤᠯᠠᠭᠠᠨᠴᠠᠪ ᠬᠣᠲᠠ ᠶᠢᠨ ᠵᠠᠰᠠᠭ ᠤᠨ ᠣᠷᠳᠣᠨ ᠤ ᠮᠣᠩᠭᠣᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3